| | | ᠵᠧᠩ ᠰᠢᠤᠸᠠᠢ ᠯᠢᠶᠠᠩ | ᠨᠠᠮᠤᠷ ᠤᠨ ᠡᠬᠢ ᠪᠠᠷ ᠭᠦᠭᠡᠬᠤᠲᠠ ᠶᠢᠨ ᠬᠤᠷᠢᠨᠭᠡᠷ ᠰᠢᠶᠠᠨ ᠳᠤ ᠬᠦᠷᠬᠦᠯᠡᠷ᠂ ᠪᠠᠢ ᠡᠯ ᠶᠧ ᠡᠯᠡᠰᠦᠨ | ᠳᠠᠪᠠᠭᠠᠨ ᠤ ᠤᠢ ᠮᠣᠳᠣ ᠢᠭᠴᠤᠷᠠᠨ ᠤᠷᠭᠤᠵᠤ᠂ ᠵᠡᠭᠦᠨ ᠮᠥᠸᠧ ᠲᠢᠶᠠᠨ ᠯᠢᠩ ᠳᠠᠪᠠᠭᠠᠨ ᠤ ᠬᠠᠷᠭᠠᠢ ᠨᠠᠷᠠᠰᠤ | ᠬᠥᠬᠡᠷᠡᠨ ᠨᠣᠭᠤᠭᠠᠷᠠᠨ᠎ᠠ᠃ | | ᠥᠩᠭᠡᠷᠡᠭᠰᠡᠨ ᠳᠤ᠂ ᠬᠤᠷᠢᠨᠭᠡᠷ ᠰᠢᠶᠠᠨ ᠤ ᠣᠶᠢᠵᠢᠭᠤᠯᠤᠭᠴᠢ ᠤᠷᠢ ᠵᠠᠯᠠᠭᠤ ᠨᠠᠰᠤᠨ ᠤ ᠪᠠᠨ ᠤᠶᠤᠨ | ᠤᠬᠠᠭᠠᠨ ᠬᠦᠴᠦᠨ ᠴᠢᠳᠠᠯ ᠢᠶᠠᠨ ᠰᠢᠪᠬᠠᠵᠤ ᠨᠡᠯᠦᠭᠡᠷ ᠶᠡᠭᠡ ᠡᠯᠡᠰᠦᠨ ᠴᠦᠯ ᠳᠤ ᠬᠠᠴᠢᠨ ᠭᠠᠶᠢᠬᠠᠮᠰᠢᠭ ᠢ | ᠪᠢᠴᠢᠭᠯᠡᠵᠡᠢ᠃ ᠤᠳᠤ ᠬᠤᠷᠢᠨᠭᠡᠷ ᠰᠢᠶᠠᠨ ᠤ ᠬᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠠ | ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠠᠮᠢᠳᠤᠯᠢᠭ ᠢᠶᠠᠷ ᠦᠢᠯᠡᠳᠦᠯᠭᠡᠵᠢᠭᠦᠯᠵᠦ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠨ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠴᠤᠴᠠᠯᠲᠠ ᠦᠭᠡᠢ ᠵᠠᠮᠨᠠᠵᠤ ᠪᠠᠶᠢᠨ᠎ᠠ᠃ | | ᠡᠮᠦᠨᠡᠬᠡᠨ ᠪᠦᠭᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠡᠷᠢᠭᠦᠨ ᠤ ᠬᠤᠪᠢ | ᠬᠥᠮᠥᠨ ᠭᠡᠬᠦ ᠢᠷᠠᠭᠤ ᠠᠯᠳᠠᠷ ᠢ ᠭᠥᠷᠳᠡᠭᠰᠡᠨ ᠯᠢᠦ ᠫᠢᠩ ᠵᠢᠶᠧ ᠪᠣᠯ ᠭᠦᠭᠡᠬᠤᠲᠠ ᠶᠢᠨ ᠬᠤᠷᠢᠨᠭᠡᠷ ᠰᠢᠶᠠᠨ ᠤ ᠤᠢ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠪᠦᠲᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠮᠡᠷᠭᠡᠵᠢᠯᠲᠡᠨ ᠪᠤᠯᠬᠤ ᠶᠤᠮ᠃ 35 ᠵᠢᠯ ᠤᠨ ᠲᠤᠷᠰᠢ᠂ ᠲᠠᠷᠠ | ᠨᠣᠮᠢᠨ ᠨᠣᠭᠤᠭᠠᠨ ᠠᠭᠤᠯᠠ ᠲᠠᠯ᠎ᠠ ᠪᠠᠨ ᠰᠠᠬᠢᠨ ᠬᠠᠮᠠᠭᠠᠯᠠᠬᠤ ᠪᠠᠷ ᠴᠥᠬᠦᠷᠡᠰᠢ ᠦᠭᠡᠢ ᠲᠡᠮᠡᠴᠡᠭᠰᠡᠭᠡᠷ ᠢᠷᠡᠵᠠᠢ᠃ | ᠬᠤᠷᠢᠨᠭᠡᠷ ᠰᠢᠶᠠᠨ ᠤ ᠤᠢ ᠰᠢᠭᠤᠢ ᠶᠢᠨ ᠪᠦᠷᠬᠦᠴᠡ ᠳᠡᠭᠡᠷ᠎ᠡ ᠵᠠᠭᠤᠨ ᠤ ᠨᠠᠶᠠᠭᠠᠳ ᠣᠨ ᠤ ᠡᠬᠢ ᠪᠠᠷ 14.2% | ᠪᠠᠶᠢᠭᠰᠠᠨ ᠠᠴᠠ ᠪᠠᠨ ᠣᠳᠣᠬᠠᠨ ᠤ 29.2% ᠪᠣᠯᠵᠤ ᠳᠡᠭᠡᠭᠰᠢᠯᠡᠭᠰᠡᠨ ᠦᠷ᠎ᠡ ᠪᠦᠲᠦᠮᠵᠢ ᠳᠤ ᠲᠡᠭᠦᠨ ᠤ ᠬᠤᠪᠢ | ᠨᠡᠮᠡᠷᠢ ᠠᠬᠤᠭᠤᠯᠵᠤ ᠪᠠᠶᠢᠭ᠎ᠠ ᠠᠵᠢ᠃ | | ᠯᠢᠦ ᠫᠢᠩ ᠵᠢᠶᠧ 1988 ᠣᠨ ᠳᠤ ᠥᠪᠥᠷ ᠮᠣᠩᠭᠤᠯ ᠤᠨ ᠵᠠᠯᠠᠨ ᠠᠶᠢᠯ ᠳᠠᠬᠢ ᠣᠶ ᠰᠢᠭᠤᠢ ᠶᠢᠨ | ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ᠂ ᠰᠠᠶᠢᠨ ᠳᠤᠷ᠎ᠠ ᠠᠴᠠ ᠪᠠᠨ ᠬᠠᠮᠤᠭ ᠤᠨ ᠬᠠᠲᠠᠭᠤᠵᠢᠯᠲᠠᠢ ᠨᠠᠨ | ᠲᠢᠶᠠᠨ ᠮᠧᠨ ᠣᠶ ᠰᠢᠭᠤᠢ ᠶᠢᠨ ᠲᠠᠯᠠᠪᠠᠶ ᠳᠤ ᠬᠦᠷᠴᠦ ᠠᠵᠢᠯᠯᠠᠵᠠᠢ᠃ ᠣᠶ ᠰᠢᠭᠤᠢ ᠶᠢᠨ ᠲᠠᠯᠠᠪᠠᠶ ᠶᠢᠨ ᠴᠣᠷ ᠤᠨ | ᠭᠠᠭᠴᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠣᠷᠣᠬᠴᠢ ᠪᠣᠯᠤᠭᠰᠠᠨ ᠤ | ᠬᠤᠪᠢ ᠳᠤ᠂ ᠲᠡᠷᠡ ᠣᠴᠢᠮᠠᠭᠴᠠ ᠪᠠᠨ ᠴᠢᠬᠤᠯᠠ ᠲᠤᠰᠢᠶᠠᠯ ᠡᠭᠦᠷᠭᠡᠯᠡᠵᠦ᠂ ᠣᠶ ᠰᠢᠭᠤᠢ ᠶᠢᠨ ᠲᠠᠯᠠᠪᠠᠶ ᠶᠢᠨ | ᠲᠤᠬᠠᠶᠢᠯᠠᠭᠰᠠᠨ ᠠᠵᠢᠯ ᠢ ᠡᠷᠭᠢᠯᠡᠨ ᠬᠠᠮᠢᠶᠠᠷᠬᠤ ᠮᠡᠷᠭᠡᠵᠢᠯᠲᠡᠨ ᠪᠣᠯᠵᠠᠢ᠃ | | ᠨᠠᠨ ᠲᠢᠶᠠᠨ ᠮᠧᠨ ᠣᠶ ᠰᠢᠭᠤᠢ ᠶᠢᠨ ᠪᠦᠭᠦ ᠲᠠᠯᠠᠪᠠᠶ 30 ᠭᠠᠷᠤᠢ ᠲᠦᠮᠡᠨ ᠮᠦ ᠳᠤ ᠬᠦᠷᠴᠦ᠂ ᠠᠭᠯᠠᠭ | ᠠᠭᠤᠯᠠ ᠭᠦᠨ ᠵᠢᠯᠠᠭ᠎ᠠ ᠳᠤ ᠤᠢ ᠮᠣᠳᠣ ᠢᠭᠴᠤ ᠰᠠᠬᠤᠯᠢᠭ ᠤᠷᠭᠤᠵᠤ᠂ ᠬᠥᠮᠥᠨ ᠠᠮᠠ ᠴᠥᠭᠡᠨᠲᠡᠢ ᠮᠥᠷᠲᠡᠭᠡᠨ | ᠠᠷᠢᠶᠠᠲᠠᠨ ᠠᠮᠢᠲᠠᠨ ᠣᠯᠠᠨᠲᠠᠢ᠃ ᠠᠵᠢᠯ ᠠᠮᠢᠳᠤᠷᠠᠯ ᠤᠨ ᠨᠥᠬᠦᠴᠡᠯ ᠨᠢ ᠴᠦ ᠮᠠᠰᠢ ᠬᠠᠲᠠᠭᠤ ᠪᠡᠷᠬᠡᠰᠢᠶᠡᠯ ᠲᠠᠢ | ᠪᠠᠶᠢᠵᠤ᠂ ᠲᠦᠭᠡᠭᠡᠯ ᠤᠰᠤ ᠪᠠᠶᠢᠬᠤ ᠦᠭᠡᠢ᠂ ᠠᠵᠢᠯᠲᠠᠨ ᠠᠵᠢᠯᠴᠢᠨ ᠤ ᠬᠤᠨᠤᠭ ᠤᠨ ᠭᠠᠵᠠᠷ ᠨᠢ ᠴᠦ ᠥᠪᠡᠷ ᠢᠶᠠᠨ | ᠪᠣᠰᠬᠠᠭᠰᠠᠨ ᠫᠧᠩ ᠰᠠᠷᠠᠪᠴᠢ ᠰᠢᠤᠬᠠᠨ ᠪᠠᠶᠢᠰᠢᠩ ᠪᠠᠶᠢᠵᠠᠢ; ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠭᠡᠵᠦ | ᠪᠠᠶᠢᠬᠤ ᠦᠭᠡᠢ᠂ ᠠᠵᠢᠯᠴᠢᠳ ᠠᠵᠢᠯ ᠳᠠᠭᠠᠨ ᠭᠠᠷᠬᠤ ᠳᠤ ᠡᠳᠦᠷ ᠪᠦᠷᠢ ᠬᠡᠳᠦᠨ ᠠᠷᠪᠠᠨ ᠭᠠᠵᠠᠷ ᠤᠨ ᠡᠩᠬᠦᠯ | ᠳᠤᠩᠬᠤᠯ ᠠᠭᠤᠯᠠᠨ ᠵᠠᠮ ᠢᠶᠠᠷ ᠵᠠᠮᠨᠠᠳᠠᠭ; ᠠᠮᠤ ᠪᠤᠳᠠᠭ᠎ᠠ ᠢᠳᠡᠰᠢᠨ ᠨᠣᠭᠤᠭ᠎ᠠ ᠳᠤᠲᠠᠭᠳᠠᠬᠤ ᠪᠠᠷ᠂ ᠠᠵᠢᠯᠲᠠᠨ | ᠠᠵᠢᠯᠴᠢᠨ ᠥᠪᠡᠷ ᠢᠶᠠᠨ ᠭᠠᠷ ᠬᠥᠳᠡᠯᠵᠦ ᠢᠳᠡᠬᠦ ᠲᠠᠷᠢᠶ᠎ᠠ ᠲᠥᠮᠥᠰᠥ ᠪᠠᠨ ᠲᠠᠷᠢᠨ᠎ᠠ᠃ ᠮᠠᠰᠢ ᠤᠯᠠᠨ ᠬᠥᠮᠥᠨ | ᠡᠶᠢᠮᠦᠷᠬᠦᠦ ᠠᠮᠢᠳᠤᠷᠠᠯ ᠤᠨ ᠣᠷᠴᠢᠨ ᠲᠣᠭᠤᠷᠢᠨ ᠳᠤ ᠳᠡᠰᠴᠦ ᠶᠠᠳᠠᠨ ᠨᠤᠲᠤᠭ ᠪᠤᠴᠠᠭᠰᠠᠨ ᠪᠠᠶᠢᠬᠤ ᠳᠤ᠂ ᠯᠢᠦ | ᠫᠢᠩ ᠵᠢᠶᠧ ᠬᠠᠷᠢᠨ ᠠᠳᠡ ᠨᠤᠲᠤᠭᠰᠢᠬᠤ ᠰᠣᠩᠭᠤᠯᠲᠠ ᠬᠢᠵᠡᠢ᠃ | | ᠲᠡᠷᠡ ᠦᠷᠭᠦᠯᠵᠢ ᠨᠢᠭᠡ ᠲᠠᠯ᠎ᠠ ᠪᠠᠷ ᠲᠤᠭ᠎ᠠ ᠪᠠᠷᠢᠮᠲᠠ ᠪᠠᠨ ᠲᠡᠮᠳᠡᠭᠯᠡᠵᠦ᠂ ᠨᠢᠭᠡ ᠲᠠᠯ᠎ᠠ ᠪᠠᠷ ᠢᠯᠠᠭ᠎ᠠ | ᠪᠠᠲᠠᠭᠠᠨ᠎ᠠ ᠠᠯᠠᠭᠠᠳᠠᠵᠤ ᠰᠠᠭᠤᠨ᠎ᠠ᠃ ︽ᠡᠨᠡ ᠬᠦ ᠬᠡᠰᠡᠭ ᠭᠠᠵᠠᠷ ᠲᠠᠭᠠᠨ ᠨᠠᠩ ᠤᠯᠠᠨ ᠮᠣᠳᠣ ᠲᠠᠷᠢᠨ | ᠣᠶᠢᠵᠢᠭᠤᠯᠵᠤ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠦᠨ᠎ᠡ︾ ᠭᠡᠵᠦ ᠯᠢᠦ ᠫᠢᠩ ᠵᠢᠶᠧ ᠬᠡᠯᠡᠨ᠎ᠡ᠃ | | ᠲᠡᠷᠡᠪᠡᠷ᠂ ᠨᠠᠨ ᠲᠢᠶᠠᠨ ᠮᠧᠨ ᠤᠢ ᠰᠢᠭᠤᠢ ᠶᠢᠨ ᠲᠠᠯᠠᠪᠠᠢ ᠳᠤ ᠪᠠᠶᠢᠭᠠᠯᠢᠯᠢᠭ ᠡᠭᠦᠰᠦᠮᠡᠯ ᠤᠢ ᠨᠡᠯᠢᠶᠡᠳ | ᠤᠯᠠᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠣᠶᠢᠵᠢᠭᠤᠯᠬᠤ ᠵᠢᠷᠤᠭ ᠲᠥᠯᠥᠪᠯᠡᠭᠡ ᠳᠡᠭᠡᠨ ᠮᠣᠳᠣᠨ ᠴᠢᠬᠢ ᠶᠢᠨ | ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠤᠷᠭᠤᠮᠠᠯ ᠤᠨ ᠲᠦᠷᠦᠯ ᠵᠦᠢᠯ ᠢ ᠪᠠᠶᠠᠯᠢᠭᠵᠢᠭᠤᠯᠤᠨ᠂ ᠤᠢ ᠰᠢᠭᠤᠢ | ᠶᠢᠨ ᠲᠠᠯᠠᠪᠠᠢ ᠶᠢᠨ ᠤᠷᠭᠤᠬᠤ ᠳᠤ ᠲᠣᠬᠢᠷᠠᠮᠵᠢᠲᠠᠢ ᠤᠮᠠᠷᠠᠲᠤ ᠣᠷᠣᠨ ᠤ ᠬᠠᠷᠭᠠᠢ᠂ ᠨᠠᠷᠠᠰᠤ ᠵᠡᠷᠭᠡ ᠮᠥᠩᠬᠡ | ᠨᠣᠭᠤᠭᠠᠨ ᠮᠣᠳᠣᠨ ᠤ ᠲᠦᠷᠦᠯ ᠢ ᠨᠡᠮᠡᠵᠦ ᠲᠠᠷᠢᠪᠠ᠃ ᠲᠡᠷᠡ ᠪᠠᠰᠠ ᠠᠵᠢᠯᠴᠢᠳ ᠢᠶᠠᠨ ᠳᠠᠭᠠᠭᠤᠯᠤᠨ ᠤᠢ ᠰᠢᠭᠤᠢ | ᠶᠢ ᠠᠷᠠᠴᠢᠯᠠᠨ ᠣᠶᠢᠵᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠤᠢ ᠰᠢᠭᠤᠢ ᠶᠢᠨ ᠬᠡᠰᠡᠭᠯᠡᠯ ᠤᠨ ᠪᠦᠲᠦᠴᠡ ᠶᠢ | ᠰᠢᠯᠢᠳᠡᠭᠵᠢᠭᠦᠯᠵᠦ᠂ ᠤᠢ ᠰᠢᠭᠤᠢ ᠶᠢᠨ ᠶᠠᠰᠤ ᠴᠢᠨᠠᠷ ᠢ ᠣᠨᠣᠴᠠᠲᠠᠢ ᠳᠡᠭᠡᠭᠰᠢᠯᠡᠭᠦᠯᠪᠡ᠃ | | ᠨᠠᠨ ᠲᠢᠶᠠᠨ ᠮᠧᠨ ᠣᠶ ᠰᠢᠭᠤᠢ ᠶᠢᠨ ᠲᠠᠯᠠᠪᠠᠶ ᠳᠤ 13 ᠵᠢᠯ ᠠᠵᠢᠯᠯᠠᠭᠰᠠᠨ ᠬᠤᠭᠤᠴᠠᠭᠠᠨ ᠳᠤ᠂ ᠲᠡᠭᠦᠨ ᠤ | ᠤᠯᠠ ᠮᠥᠷ 30 ᠭᠠᠷᠤᠢ ᠲᠦᠮᠡᠨ ᠮᠦ ᠲᠠᠯᠠᠪᠠᠢ ᠪᠦᠬᠦᠢ ᠣᠶ ᠰᠢᠭᠤᠢ ᠶᠢᠨ ᠭᠤᠤ ᠵᠢᠯᠠᠭ᠎ᠠ ᠶᠢ ᠪᠦᠷᠬᠦᠵᠦ᠂ ᠣᠶ | ᠰᠢᠭᠤᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠢ ᠠᠯᠠᠭᠠᠨ ᠵᠢᠷᠤᠭᠠᠰᠤ ᠪᠠᠨ ᠮᠡᠲᠦ ᠰᠠᠶᠢᠨ ᠣᠶᠢᠯᠠᠭᠠᠳᠠᠭ᠃ | | ᠣᠶ ᠰᠢᠭᠤᠢ ᠶᠢᠨ ᠬᠥᠮᠥᠰ ᠤᠨ ᠴᠥᠬᠦᠷᠡᠰᠢ ᠦᠭᠡᠢ ᠲᠡᠮᠡᠴᠡᠯ ᠢᠶᠠᠷ ᠳᠠᠮᠵᠢᠨ ᠵᠡᠭᠦᠨ ᠮᠥᠸᠧ ᠲᠢᠶᠠᠨ ᠯᠢᠩ | ᠳᠠᠪᠠᠭ᠎ᠠ ᠶᠢᠨ ᠳᠦᠷᠰᠦ ᠪᠠᠶᠢᠳᠠᠯ ᠳᠤ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ᠃ | | ᠠᠳᠡ ᠣᠲᠣ ᠪᠠᠶᠢᠭ᠎ᠠ ᠡᠯ᠎ᠡ ᠲᠥᠷᠥᠯ ᠤᠨ ᠣᠶ ᠮᠣᠳᠣᠨ ᠤ ᠲᠠᠯᠠᠪᠠᠶ 24.3 ᠲᠦᠮᠡᠨ ᠮᠦ ᠪᠠᠶᠢᠵᠤ᠂ ᠣᠶ | ᠰᠢᠭᠤᠢ ᠶᠢᠨ ᠪᠦᠷᠬᠦᠴᠡ 79.4% ᠳᠤ ᠬᠦᠷᠴᠦ᠂ ᠣᠶ ᠮᠣᠳᠣᠨ ᠤ ᠬᠠᠳᠠᠭᠠᠯᠠᠭᠳᠠᠴᠠ 20 ᠭᠠᠷᠤᠢ ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ | | ᠨᠠᠨ ᠲᠢᠶᠠᠨ ᠮᠧᠨ ᠣᠶ ᠰᠢᠭᠤᠢ ᠶᠢᠨ ᠲᠠᠯᠠᠪᠠᠶ ᠶᠢᠨ ᠣᠶ ᠰᠢᠭᠤᠢ ᠶᠢᠨ ᠡᠬᠢ ᠪᠠᠶᠠᠯᠢᠭ ᠨᠢ ᠬᠤᠷᠢᠨᠭᠡᠷ | ᠰᠢᠶᠠᠨ ᠤ ᠣᠶ ᠮᠣᠳᠣᠨ ᠤ ᠡᠬᠢ ᠪᠠᠶᠠᠯᠢᠭ ᠲᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠳᠠᠭ᠂ | ᠢᠯᠠᠩᠭᠤᠶ᠎ᠠ ᠤᠮᠠᠷᠠᠲᠤ ᠣᠷᠣᠨ ᠤ ᠬᠠᠷᠭᠠᠢ ᠨᠠᠷᠠᠰᠤ ᠵᠡᠷᠭᠡ ᠰᠢᠯᠮᠦᠦᠰᠦᠲᠦ ᠮᠣᠳᠣᠨ ᠤ ᠲᠠᠷᠢᠮᠠᠯ ᠣᠶ ᠶᠢᠨ ᠤᠷᠭᠤᠴᠠ | ᠰᠠᠶᠢᠲᠠᠢ ᠪᠠᠶᠢᠵᠤ᠂ ᠬᠤᠷᠢᠨᠭᠡᠷ ᠰᠢᠶᠠᠨ ᠤ ᠰᠢᠯᠮᠦᠦᠰᠦᠲᠦ ᠣᠶ ᠶᠢ ᠣᠶᠢᠵᠢᠭᠤᠯᠤᠭᠰᠠᠨ ᠬᠠᠮᠤᠭ ᠤᠨ ᠰᠠᠶᠢᠨ | ᠥᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ | | 2001 ᠣᠨ ᠳᠤ ᠣᠶ ᠰᠢᠭᠤᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ | ᠪᠠᠶᠢᠴᠠᠭᠠᠬᠤ ᠥᠷᠲᠡᠭᠡ ᠳᠤ ᠰᠢᠯᠵᠢᠨ ᠣᠴᠢᠭᠰᠠᠨ ᠯᠢᠦ ᠫᠢᠩ ᠵᠢᠶᠧ ᠣᠶ ᠰᠢᠭᠤᠢ ᠶᠢᠨ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠵᠦ᠂ ᠨᠡᠷ᠎ᠡ ᠨᠢᠳᠡᠷ ᠲᠡᠭᠡᠨ | ᠨᠡᠶᠢᠴᠡᠭᠰᠡᠨ ︽ᠣᠶ ᠰᠢᠭᠤᠢ ᠶᠢᠨ ᠡᠮᠴᠢ︾ ᠪᠣᠯᠤᠭᠰᠠᠨ ᠪᠠᠶᠢᠨ᠎ᠠ᠃ | | ᠣᠶ ᠰᠢᠭᠤᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ | ᠥᠷᠲᠡᠭᠡ ᠳᠤ ᠠᠵᠢᠯᠯᠠᠭᠰᠠᠨ 10 ᠵᠢᠯ ᠳᠤ᠂ ᠲᠡᠷᠡ 30 ᠭᠠᠷᠤᠢ ᠡᠪᠡᠳᠴᠢᠨ ᠬᠤᠷᠣᠬᠠᠢ ᠬᠤᠯᠤᠭᠠᠨ᠎ᠠ ᠶᠢᠨ | ᠬᠥᠨᠥᠭᠡᠯ ᠢ ᠬᠢᠨᠠᠨ ᠬᠡᠮᠵᠢᠬᠦ ᠴᠡᠭ ᠪᠠᠶᠢᠭᠤᠯᠪᠠ᠃ | | ︽ᠤᠳᠠᠭ᠎ᠠ ᠪᠦᠷᠢ ᠠᠭᠤᠯᠠ ᠳᠠᠪᠠᠵᠤ ᠤᠰᠤ ᠭᠠᠲᠤᠯᠤᠨ ᠤᠢ ᠰᠢᠭᠤᠢ ᠶᠢᠨ ᠲᠠᠯᠠᠪᠠᠢ ᠪᠠᠷ ᠥᠩᠭᠡᠷᠡᠬᠦ ᠳᠤ᠂ | ᠢᠭᠴᠤ ᠰᠠᠬᠤᠯᠢᠭ ᠤᠷᠭᠤᠭᠰᠠᠨ ᠮᠥᠩᠬᠡ ᠨᠣᠭᠤᠭᠠᠨ ᠤᠢ ᠮᠣᠳᠣ ᠶᠢ ᠬᠠᠷᠠᠬᠤ ᠪᠠᠷ᠂ ᠡᠳᠡᠭᠡᠷ ᠵᠢᠯ ᠤᠨ | ᠵᠠᠷᠤᠴᠠᠭᠤᠯᠤᠭᠰᠠᠨ ᠬᠦᠴᠦ ᠬᠥᠯᠥᠰᠦ ᠪᠦᠷ ᠦᠨ᠎ᠡ ᠦᠷᠳᠡᠭ ᠲᠠᠢ ᠰᠠᠨᠠᠭᠳᠠᠨ᠎ᠠ︾ ᠭᠡᠵᠦ ᠯᠢᠦ ᠫᠢᠩ ᠵᠢᠶᠧ | ᠰᠡᠳᠬᠢᠯ ᠳᠣᠭᠳᠣᠯᠤᠨ ᠶᠠᠷᠢᠨ᠎ᠠ᠃ | | ᠵᠢᠯ ᠪᠦᠷᠢ ᠶᠢᠨ ᠬᠠᠪᠤᠷ ᠨᠠᠮᠤᠷ ᠬᠤᠶᠠᠷ ᠤᠯᠠᠷᠢᠯ ᠤᠨ ᠣᠶᠢᠵᠢᠭᠤᠯᠤᠯᠲᠠ ᠶᠢᠨ ᠬᠤᠭᠤᠴᠠᠭ᠎ᠠ ᠪᠣᠯ ᠯᠢᠦ ᠫᠢᠩ | ᠵᠢᠶᠧ ᠶᠢᠨ ᠬᠠᠮᠤᠭ ᠤᠨ ᠶᠠᠭᠠᠷᠠᠤ ᠴᠠᠭ ᠪᠣᠯᠣᠨ᠎ᠠ᠃ ᠣᠶᠢᠷ᠎ᠠ ᠶᠢᠨ 20 ᠵᠢᠯ ᠤᠨ ᠲᠤᠷᠰᠢ᠂ ᠲᠡᠷᠡ ᠪᠠᠶᠢᠭᠠᠯᠢᠯᠢᠭ | ᠤᠢ ᠶᠢ ᠬᠠᠮᠠᠭᠠᠯᠠᠬᠤ ᠢᠨᠵᠧᠨᠧᠷᠢᠩ ᠤᠨ 45 ᠲᠦᠮᠡᠨ ᠮᠦ ᠨᠢᠰᠬᠡᠯ ᠢᠶᠠᠷ ᠳᠠᠷᠢᠵᠤ ᠣᠶᠢᠵᠢᠭᠤᠯᠬᠤ᠂ 73 ᠲᠦᠮᠡᠨ | ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ 5 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠬᠤ ᠶᠢ | ᠵᠣᠬᠢᠶᠠᠨ ᠪᠠᠶᠢᠭᠤᠯᠤᠨ ᠰᠢᠪᠠᠳᠠᠨ ᠪᠡᠶᠡᠯᠡᠭᠦᠯᠵᠡᠶ; ᠲᠠᠷᠢᠶᠠᠯᠠᠬᠤ ᠶᠢ ᠵᠣᠭᠰᠣᠭᠠᠵᠤ ᠣᠶ ᠰᠢᠭᠤᠢ ︵ᠡᠪᠡᠰᠦ | ᠪᠡᠯᠴᠢᠭᠡᠷ︶ ᠶᠢ ᠰᠡᠷᠭᠦᠭᠡᠬᠦ ᠢᠨᠵᠧᠨᠧᠷᠢᠩ ᠤᠨ ᠲᠠᠷᠢᠶᠠᠯᠠᠬᠤ ᠶᠢ ᠵᠣᠭᠰᠣᠭᠠᠵᠤ 13.5 ᠲᠦᠮᠡᠨ ᠮᠦ ᠠᠮᠢ ᠠᠬᠤᠢ ᠶᠢᠨ | ᠣᠶ ᠶᠢ ᠰᠡᠷᠭᠦᠭᠡᠵᠦ᠂ 35.5 ᠲᠦᠮᠡᠨ ᠮᠦ ᠬᠤᠪᠠᠭ᠋ᠠᠢ ᠠᠭᠤᠯᠠ ᠶᠢ ᠣᠶᠢᠵᠢᠭᠤᠯᠬᠤ ᠶᠢ ᠪᠡᠶᠡᠯᠡᠭᠦᠯᠪᠡ; ᠤᠮᠠᠷᠠᠲᠤ | ᠶᠢᠨ ᠭᠤᠷᠪᠠᠨ ᠣᠷᠣᠨ ᠤ ᠬᠠᠯᠬᠠᠪᠴᠢ ᠤᠢ ᠶᠢᠨ ᠰᠢᠰᠲ᠋ᠧᠮ ᠤᠨ ᠢᠨᠵᠧᠨᠧᠷᠢᠩ ᠤᠨ ᠳᠥᠷᠪᠡᠳᠦᠭᠡᠷ ᠬᠤᠭᠤᠴᠠᠭᠠᠨ ᠤ | ᠣᠶ ᠰᠢᠭᠤᠢ ᠶᠢᠨ ᠢᠨᠵᠧᠨᠧᠷᠢᠩ ᠤᠨ 6.65ᠲᠦᠮᠡᠨ ᠮᠦ ᠶᠢ ᠪᠡᠶᠡᠯᠡᠭᠦᠯᠪᠡ; ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ 4.5 ᠲᠦᠮᠡᠨ ᠮᠦ ᠶᠢ ᠪᠡᠶᠡᠯᠡᠭᠦᠯᠪᠡ᠃ | | ︽ᠥᠩᠭᠡᠷᠡᠭᠰᠡᠨ ᠤ ︿ᠡᠯᠡᠰᠦ ᠤᠷᠤᠭᠰᠢᠯᠠᠨ ᠬᠥᠮᠥᠨ ᠤᠬᠤᠷᠢᠵᠤ﹀ ᠪᠠᠶᠢᠭᠰᠠᠨ ᠠᠴᠠ ᠤᠳᠤ ᠶᠢᠨ ︿ᠬᠥᠮᠥᠨ | ᠤᠷᠤᠭᠰᠢᠯᠠᠵᠤ ᠡᠯᠡᠰᠦ ᠤᠬᠤᠷᠢᠬᠤ﹀ ᠭᠦᠷᠲᠡᠯ᠎ᠡ᠂ ᠪᠢᠳᠡ ᠡᠴᠦᠰ ᠤᠨ ᠢᠯᠠᠯᠲᠠ ᠶᠢ ᠣᠯᠪᠠ᠃ ᠬᠤᠶᠢᠰᠢᠳᠠ ᠪᠢ | ᠯᠠᠪᠲᠠᠢ ᠡᠨᠡ ᠬᠦ ᠲᠡᠰᠪᠦᠷᠢ ᠬᠠᠲᠠᠭᠤᠵᠢᠯᠲᠠᠢ ᠲᠡᠮᠡᠴᠡᠯ ᠤᠨ ᠵᠣᠷᠢᠭ ᠢᠶᠠᠨ ᠦᠷᠭᠦᠯᠵᠢᠯᠡᠨ ᠪᠠᠷᠢᠮᠲᠠᠯᠠᠵᠤ᠂ | ᠥᠩᠭᠡᠷᠡᠭᠰᠡᠨ ᠲᠠᠢ ᠪᠠᠨ ᠠᠳᠠᠯᠢ ᠪᠠᠷ ᠰᠢᠷᠭᠠᠭᠤ ᠠᠵᠢᠯᠯᠠᠨ᠎ᠠ︾ ᠭᠡᠵᠦ ᠯᠢᠦ ᠫᠢᠩ ᠵᠢᠶᠧ ᠵᠣᠷᠢᠭ ᠢᠶᠠᠨ ᠬᠥᠪᠴᠢᠯᠡᠨ᠎ᠡ | ᠃ | | |