| | - ᠸᠠᠩ ᠢᠦᠢ ᠵᠦᠸᠧ | ᠰᠠᠭᠤᠷᠢ ᠮᠣᠳᠣ ᠠᠴᠠ ᠬᠡᠰᠡᠭ ᠤᠢ ᠭᠦᠷᠲᠡᠯ᠎ᠡ᠂ ᠰᠢᠷᠬᠡᠭ ᠡᠪᠡᠰᠦ ᠠᠴᠠ ᠮᠠᠩᠬᠠᠨ ᠪᠡᠯᠴᠢᠭᠡᠷ ᠭᠦᠷᠳᠡᠯ᠎ᠡ᠂ | ᠠᠮᠢ ᠠᠬᠤᠢ ᠶᠢᠨ ᠤᠬᠠᠮᠰᠠᠷ ᠤᠨ ᠰᠡᠬᠡᠭᠡᠷᠡᠯᠲᠡ ᠠᠴᠠ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠠᠲᠤ | ᠴᠣᠭᠴᠠᠯᠠᠬᠤ ᠬᠦᠷᠲᠡᠯᠡᠬᠢ ᠲᠡᠦᠬᠡᠨ ᠠᠬᠢᠴᠠ ᠪᠣᠯ ᠦᠶ᠎ᠡ ᠦᠶ᠎ᠡ ᠶᠢᠨ ᠤᠢ ᠰᠢᠭᠤᠢ ᠶᠢᠨ ᠲᠠᠯᠠᠪᠠᠢ ᠶᠢᠨ ᠠᠵᠢᠯᠲᠠᠳ | ᠤᠨ 40 ᠭᠠᠷᠤᠢ ᠵᠢᠯ ᠴᠥᠬᠦᠷᠡᠰᠢ ᠦᠭᠡᠢ ᠮᠣᠳᠣ ᠳᠠᠷᠢᠵᠦ ᠣᠶᠢᠵᠢᠭᠤᠯᠤᠭᠰᠠᠨ ᠤ ᠦᠷ᠎ᠡ ᠪᠦᠲᠦᠭᠡᠯ ᠪᠣᠯᠣᠨ᠎ᠠ᠂ | ᠨᠡᠩ ᠴᠤ ᠤᠭ ᠰᠠᠨᠠᠭ᠎ᠠ ᠪᠠᠨ ᠡᠭᠦᠷᠢᠳᠡ ᠰᠠᠬᠢᠨ ᠬᠠᠮᠠᠭᠠᠯᠠᠭᠰᠠᠨ ᠶᠠᠪᠤᠳᠠᠯ ᠪᠤᠯᠬᠤ ᠶᠤᠮ᠃ | | ᠣᠷᠳᠣᠰ ᠤᠨ ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠢ ᠶᠢᠨ ᠽᠠᠨᠳᠠᠨ ᠵᠤᠤ ᠬᠤᠪᠢᠶᠠᠷᠢ ᠲᠠᠯᠠᠪᠠᠢ ᠶᠢᠨ | ᠤᠩᠭᠤᠨ ᠲᠠᠯ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠣᠮᠢᠨ ᠨᠣᠭᠤᠭᠠᠨ ᠲᠠᠯ᠎ᠠ ᠬᠤᠯᠠ ᠣᠶᠢᠷ᠎ᠠ ᠠᠴᠠ | ᠬᠦᠷᠦᠯᠴᠡᠨ ᠢᠷᠡᠭᠰᠡᠨ ᠵᠢᠭᠤᠯᠴᠢᠯᠠᠬᠰᠠᠳ ᠤᠨ ᠤᠷᠮ᠎ᠠ ᠶᠢ ᠰᠡᠷᠭᠦᠭᠡᠨ᠎ᠡ᠃ ᠲᠡᠷᠡᠬᠡᠨ ᠳᠣᠣᠷ᠎ᠠ ᠬᠠᠷᠠᠭᠳᠠᠬᠤ ᠤᠯᠤᠰ | ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠭᠤᠯᠴᠢᠯᠠᠬᠰᠠᠳ ᠡᠯᠡᠰᠦᠨ ᠴᠥᠯ ᠤᠨ ᠥᠩᠭᠡ | ᠦᠵᠡᠮᠵᠢ ᠶᠢ ᠬᠠᠨᠲᠠᠯ᠎ᠠ ᠰᠣᠨᠢᠷᠬᠠᠵᠤ᠂ ᠡᠯᠡᠰᠦᠨ ᠴᠥᠯ ᠤᠨ ᠵᠢᠭᠤᠯᠴᠢᠯᠠᠯ ᠤᠨ ᠬᠢᠵᠠᠭᠠᠯᠠᠰᠢ ᠦᠭᠡᠢ ᠷᠢᠳᠢ ᠰᠢᠳᠢ ᠶᠢ | ᠪᠡᠶᠡᠴᠢᠯᠡᠨ ᠣᠶᠢᠯᠠᠭᠠᠵᠤ ᠰᠡᠯᠡᠭᠦᠴᠡᠨᠡ᠃ ᠥᠩᠭᠡᠷᠡᠭᠰᠡᠨ ᠳᠤ ᠨᠡᠷ᠎ᠡ ᠶᠢ ᠨᠢ ᠰᠣᠨᠣᠰᠪᠠᠯ ᠲᠣᠯᠣᠭᠠᠢ ᠰᠡᠭᠰᠦᠷᠳᠡᠭ | ᠪᠠᠶᠢᠭᠰᠠᠨ ᠬᠥᠪᠴᠢ ᠶᠢᠨ ᠡᠯᠡᠰᠦ ᠤᠳᠤ ᠬᠠᠷᠢᠨ ᠨᠣᠮᠢᠨ ᠳᠣᠯᠭᠢᠶᠠᠨ ᠬᠠᠶᠠᠯᠠᠭᠰᠠᠨ ᠵᠢᠭᠤᠯᠴᠢᠯᠠᠯ ᠤᠨ ᠨᠡᠷᠡᠲᠦ | ᠦᠵᠡᠮᠵᠢ ᠶᠢᠨ ᠣᠷᠣᠨ ᠪᠣᠯᠣᠨ᠎ᠠ ᠭᠡᠳᠡᠭ ᠢ ᠬᠡᠨ ᠴᠦ ᠪᠤᠳᠤᠵᠤ ᠣᠯᠣᠭᠰᠠᠨ ᠦᠭᠡᠢ ᠪᠠᠶᠢᠬ᠎ᠠ⁈ | | 1979 ᠣᠨ ᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠮᠢ ᠠᠬᠤᠢ ᠶᠢᠨ | ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ | ᠤ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠰᠠᠭᠤᠷᠢᠯᠠᠨ᠂ ︽ᠤᠮᠠᠷᠠᠲᠤ ᠶᠢᠨ ᠭᠤᠷᠪᠠᠨ ᠣᠷᠣᠨ︾ ᠤ | ᠬᠠᠯᠬᠠᠪᠴᠢ ᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠭᠰᠡᠨ ᠳᠤ ᠬᠥᠪᠴᠢ ᠶᠢᠨ ᠡᠯᠡᠰᠦ | ᠶᠢᠨ ᠠᠮᠢ ᠠᠬᠤᠢ ᠣᠷᠴᠢᠨ ᠲᠣᠭᠤᠷᠢᠨ ᠮᠠᠭᠤᠳᠠᠭᠰᠠᠨ ᠠᠴᠠ ᠪᠣᠯᠵᠤ ᠵᠠᠰᠠᠯᠲᠠ ᠶᠢᠨ ᠬᠦᠷᠢᠶᠡᠨ ᠳᠤ ᠣᠷᠣᠪᠠ᠃ | ᠣᠷᠳᠣᠰᠴᠤᠳ ᠬᠥᠪᠴᠢ ᠶᠢᠨ ᠡᠯᠡᠰᠦ ᠶᠢ ᠪᠦᠲᠦᠮᠵᠢᠲᠡᠢ ᠵᠠᠰᠠᠵᠤ᠂ ᠲᠤᠬᠠᠢ ᠶᠢᠨ ᠭᠠᠵᠠᠷ ᠤᠨ ᠠᠮᠢ ᠠᠬᠤᠢ ᠣᠷᠴᠢᠨ | ᠲᠣᠭᠤᠷᠢᠨ ᠪᠣᠯᠣᠨ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢ ᠵᠣᠷᠢᠵᠤ | ᠣᠷᠳᠣᠰ ᠤᠨ ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠢ ᠶᠢ ᠪᠠᠶᠢᠭᠤᠯᠵᠠᠢ᠃ ᠡᠭᠦᠨ ᠠᠴᠠ ᠡᠬᠢᠯᠡᠨ ᠣᠷᠳᠣᠰ ᠤᠨ | ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠶ ᠶᠢᠨ ᠽᠠᠨᠳᠠᠨ ᠵᠣᠣ ᠬᠤᠪᠢᠶᠠᠷᠢ ᠲᠠᠯᠠᠪᠠᠶ ᠶᠢᠨ ᠨᠢᠭᠡᠳᠦᠭᠡᠷ ᠦᠶ᠎ᠡ ᠶᠢᠨ | ᠣᠶ ᠰᠢᠭᠤᠢ ᠶᠢᠨ ᠲᠠᠯᠠᠪᠠᠶ ᠶᠢᠨ ᠠᠵᠢᠯᠲᠠᠳ ᠬᠥᠪᠴᠢ ᠶᠢᠨ ᠡᠯᠡᠰᠦᠨ ᠳᠤ ᠰᠠᠭᠤᠷᠢᠰᠢᠵᠤ᠂ ᠡᠯᠡᠰᠦ ᠶᠢ ᠵᠠᠰᠠᠵᠤ | ᠡᠯᠡᠰᠦ ᠶᠢ ᠨᠣᠭᠤᠭᠠᠷᠠᠭᠤᠯᠬᠤ ᠣᠷᠳᠣ ᠵᠠᠮ ᠤᠨ ᠠᠶᠠᠨ ᠢᠶᠠᠨ ᠡᠬᠢᠯᠡᠭᠦᠯᠦᠭᠰᠡᠨ ᠶᠤᠮ᠃ | | ᠳᠠᠯᠠᠳ ᠬᠤᠰᠢᠭᠤᠨ ᠳᠤ ᠪᠠᠶᠢᠷᠢᠯᠠᠳᠠᠭ ᠽᠠᠨᠳᠠᠨ ᠵᠤᠤ ᠬᠤᠪᠢᠶᠠᠷᠢ ᠲᠠᠯᠠᠪᠠᠢ ᠳᠤ 3 ᠠᠵᠢᠯᠯᠠᠬᠤ ᠲᠣᠭᠤᠷᠢᠭ | ᠲᠠᠢ ᠪᠠᠶᠢᠵᠤ᠂ 1984 ᠣᠨ ᠳᠤ ᠠᠬᠠᠮᠠᠳ ᠨᠢᠭᠡ ᠦᠶ᠎ᠡ ᠶᠢᠨ ᠤᠢ ᠰᠢᠭᠤᠢ ᠶᠢᠨ ᠲᠠᠯᠠᠪᠠᠢ ᠶᠢᠨ ᠠᠵᠢᠯᠲᠠᠳ 3 | ᠤᠳᠠᠭ᠎ᠠ ᠶᠢᠨ ᠪᠠᠶᠢᠴᠠᠭᠠᠯᠲᠠ ᠪᠠᠷ ᠳᠠᠮᠵᠢᠨ ᠠᠳᠡ 28 ᠲᠦᠮᠡᠨ ᠮᠦ ᠡᠯᠡᠰᠦ ᠮᠠᠩᠬ᠎ᠠ ᠶᠢ ᠵᠠᠰᠠᠵᠤ ᠣᠶᠢᠵᠢᠭᠤᠯᠤᠯᠲᠠ | ᠬᠢᠬᠦ ᠪᠠᠷ ᠲᠣᠭᠲᠠᠵᠠᠢ᠃ ᠲᠠᠭᠡᠭᠡᠳ ᠽᠠᠨᠳᠠᠨ ᠵᠤᠤ ᠬᠤᠪᠢᠶᠠᠷᠢ ᠲᠠᠯᠠᠪᠠᠢ ᠶᠢᠨ ᠦᠶ᠎ᠡ ᠦᠶ᠎ᠡ ᠶᠢᠨ ᠬᠥᠮᠥᠰ | ᠦᠷᠭᠦᠯᠵᠢᠯᠡᠨ ᠲᠡᠮᠡᠴᠡᠵᠦ᠂ ᠬᠥᠮᠥᠨ ᠤ ᠬᠦᠴᠦ ᠪᠠᠷ ᠣᠶᠢᠵᠢᠭᠤᠯᠬᠤ ᠠᠴᠠ ᠡᠯᠡᠰᠦ ᠶᠢ ᠪᠢᠲᠡᠭᠦᠮᠵᠢᠯᠡᠨ | ᠣᠶᠢᠵᠢᠭᠤᠯᠬᠤ᠂ ᠨᠢᠰᠬᠡᠯ ᠢᠶᠠᠷ ᠣᠶᠢᠵᠢᠭᠤᠯᠬᠤ᠂ ᠡᠯᠡᠰᠦ ᠶᠢ ᠲᠣᠭᠲᠠᠪᠤᠷᠢᠵᠢᠭᠤᠯᠬᠤ ᠭᠦᠷᠲᠡᠯ᠎ᠡ ᠤᠷᠢᠳ ᠬᠤᠵᠢᠳ | 14.1 ᠲᠦᠮᠡᠨ ᠮᠦ ᠡᠯᠡᠰᠦᠨ ᠳᠤ ᠮᠣᠳᠣ ᠲᠠᠷᠢᠵᠦ ᠣᠶᠢᠵᠢᠭᠤᠯᠤᠨ᠂ ᠢᠨᠵᠧᠨᠧᠷᠢᠩ ᠤᠨ ᠠᠷᠭ᠎ᠠ ᠪᠠᠷ ᠲᠠᠮᠵᠢᠨ 5. | 5 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠵᠤ᠂ ᠠᠵᠢᠯᠯᠠᠬᠤ ᠲᠣᠭᠤᠷᠢᠭ ᠤᠨ ᠢᠶᠠᠨ 70% ᠠᠴᠠ ᠳᠡᠭᠡᠭᠰᠢᠬᠢ | ᠡᠯᠡᠰᠦᠨ ᠭᠠᠵᠠᠷ ᠢ ᠪᠦᠳᠦᠮᠵᠢᠳᠠᠢ ᠵᠠᠰᠠᠵᠤ᠂ ᠤᠢ ᠰᠢᠭᠤᠢ ᠶᠢᠨ ᠪᠦᠷᠬᠦᠴᠡ ᠶᠢᠨ ᠬᠡᠮᠵᠢᠶ᠎ᠡ 3% ᠬᠦᠷᠬᠦ ᠦᠭᠡᠢ | ᠪᠠᠶᠢᠭᠰᠠᠨ ᠠᠴᠠ ᠪᠠᠨ 48% ᠪᠣᠯᠵᠤ᠂ ᠠᠮᠢᠲᠠᠨ ᠤᠷᠭᠤᠮᠠᠯ ᠤᠨ ᠲᠦᠷᠦᠯ ᠵᠦᠢᠯ 20 ᠭᠠᠷᠤᠶᠢᠬᠠᠨ ᠪᠠᠶᠢᠭᠰᠠᠨ | ᠠᠴᠠ ᠪᠠᠨ 160 ᠭᠠᠷᠤᠢ ᠲᠦᠷᠦᠯ ᠪᠣᠯᠵᠤ᠂ ᠠᠮᠢ ᠠᠬᠤᠢ ᠣᠷᠴᠢᠨ ᠲᠣᠭᠤᠷᠢᠨ ᠡᠳᠦᠷ ᠢᠷᠡᠬᠦᠶ᠎ᠡ ᠰᠠᠶᠢᠵᠢᠷᠠᠨ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠮᠡᠳᠡᠭᠳᠡᠮ᠎ᠡ ᠳᠡᠭᠡᠭᠰᠢᠯᠡᠵᠦ᠂ ᠠᠮᠢ ᠠᠬᠤᠢ ᠶᠢᠨ ᠰᠢᠰᠲ᠋ᠧᠮ ᠨᠡᠩ | ᠡᠷᠡᠭᠦᠯ ᠲᠣᠭᠲᠠᠭᠤᠨ ᠪᠣᠯᠪᠠ᠃ | | | ᠡᠳᠦᠭᠡ ᠽᠠᠨᠳᠠᠨ ᠵᠤᠤ ᠬᠤᠪᠢᠶᠠᠷᠢ ᠲᠠᠯᠠᠪᠠᠢ ᠶᠢᠨ ᠠᠵᠢᠯᠲᠠᠳ ᠤᠨ ᠬᠥᠪᠴᠢ ᠶᠢᠨ ᠡᠯᠡᠰᠦᠨ ᠤ ᠥᠷᠥᠴᠡᠨ | ᠳᠤ ᠲᠠᠷᠢᠵᠤ ᠣᠶᠢᠵᠢᠭᠤᠯᠤᠭᠰᠠᠨ ᠬᠡᠰᠡᠭ ᠬᠡᠰᠡᠭ ᠤᠢ ᠮᠣᠳᠣ ᠨᠢ ᠨᠢᠭᠡᠨᠲᠡ ᠰᠠᠯᠬᠢ ᠡᠯᠡᠰᠦ ᠶᠢ ᠬᠤᠷᠢᠭᠯᠠᠬᠤ᠂ | ᠤᠰᠤ ᠰᠢᠷᠣᠢ ᠶᠢ ᠬᠠᠮᠠᠭᠠᠯᠠᠬᠤ᠂ ᠲᠠᠷᠢᠶᠠᠯᠠᠩ ᠢ ᠬᠠᠮᠠᠭᠠᠯᠠᠵᠤ ᠮᠠᠯ ᠠᠵᠤ ᠠᠬᠤᠢ ᠶᠢ ᠠᠬᠢᠭᠤᠯᠬᠤ ︽ᠨᠣᠮᠢᠨ | ᠨᠣᠭᠤᠭᠠᠨ ᠤᠷᠳᠤ ᠴᠠᠭᠠᠨ ᠬᠡᠷᠡᠮ︾ ᠪᠣᠯᠵᠤ᠂ ᠬᠥᠪᠴᠢ ᠶᠢᠨ ᠡᠯᠡᠰᠦ ᠶᠢᠨ ᠤᠮᠠᠷᠠᠰᠢ ᠲᠦᠷᠢᠬᠦ᠂ ᠡᠮᠦᠨᠡᠰᠢ ᠨᠡᠭᠦᠬᠦ᠂ | ᠵᠡᠭᠦᠨᠰᠢ ᠥᠷᠭᠡᠳᠬᠦ ᠶᠢ ᠪᠦᠲᠦᠮᠵᠢᠲᠡᠢ ᠬᠤᠷᠢᠭᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠢ | ᠬᠠᠮᠠᠭᠠᠯᠠᠭᠰᠠᠨ ᠪᠠᠶᠢᠨ᠎ᠠ᠃ ᠵᠠᠰᠠᠯᠲᠠ ᠶᠢᠨ ᠣᠷᠣᠨ ᠤ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠨᠢ ᠲᠠᠯᠠᠪᠠᠢ | ᠪᠠᠶᠢᠭᠤᠯᠬᠤ ᠡᠬᠢᠨ ᠤ ᠦᠶ᠎ᠡ ᠶᠢᠨ ᠬᠢ ᠠᠴᠠ 9.5 ᠳᠠᠭᠢᠨ ᠨᠡᠮᠡᠭᠳᠡᠵᠦ᠂ 570 ᠺᠢᠯᠣᠭ᠍ᠷᠠᠮ ᠳᠤ ᠬᠦᠷᠴᠡᠢ᠃ | ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ ᠨᠢ | ᠣᠶᠢᠵᠢᠭᠤᠯᠤᠯᠲᠠ ᠶᠢᠨ ᠲᠠᠯᠠᠪᠠᠶ ᠪᠠᠶᠢᠭᠤᠯᠬᠤ ᠡᠬᠢᠨ ᠤ ᠦᠶ᠎ᠡ ᠶᠢᠨ ᠬᠢ ᠠᠴᠠ 139 ᠳᠠᠭᠢᠨ ᠨᠡᠮᠡᠭᠳᠡᠵᠦ᠂ ᠵᠢᠯ | ᠤᠨ ᠣᠷᠣᠯᠭ᠎ᠠ ᠨᠢ 16618 ᠲᠥᠭᠦᠷᠢᠭ ᠲᠤ ᠬᠦᠷᠴᠡᠢ᠃ ᠠᠮᠢ ᠠᠬᠤᠢ ᠣᠷᠴᠢᠨ ᠲᠣᠭᠤᠷᠢᠨ ᠤ ᠰᠠᠶᠢᠵᠢᠷᠠᠯᠲᠠ | ᠨᠢ ᠪᠠᠰᠠ ᠣᠷᠣᠨ ᠨᠤᠲᠤᠭ ᠤᠨ ᠣᠶ ᠰᠢᠭᠤᠢ ᠡᠯᠡᠰᠦᠨ ᠤ ᠠᠵᠤ ᠦᠢᠯᠡᠰ ᠢ ᠬᠥᠭᠵᠢᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠵᠤ᠂ ᠪᠤᠲᠠ ᠮᠣᠳᠣᠨ ᠤ ᠡᠬᠢ ᠪᠠᠶᠠᠯᠢᠭ ᠢᠶᠠᠷ ᠲᠦᠭᠦᠬᠡᠢ ᠮᠠᠲ᠋ᠧᠷᠢᠶᠠᠯ ᠪᠤᠯᠭᠠᠬᠰᠠᠨ ᠡᠳ᠋ᠰᠢᠭᠦᠯᠬᠦ | ᠦᠢᠯᠡᠰ ᠪᠠᠳᠠᠷᠠᠨ ᠬᠥᠭᠵᠢᠵᠦ᠂ ᠣᠷᠣᠨ ᠪᠦᠰᠡ ᠶᠢᠨ ᠳᠣᠲᠣᠷᠠᠬᠢ 5A ᠲᠠᠰ ᠤᠨ ᠪᠦᠷᠢᠶ᠎ᠡ ᠮᠠᠩᠬ᠎ᠠ ᠶᠢᠨ | ᠵᠢᠭᠤᠯᠴᠢᠯᠠᠯ ᠤᠨ ᠬᠢᠵᠠᠭᠠᠷᠲᠤ ᠺᠤᠮᠫᠠᠨᠢ᠂ 4A ᠲᠠᠰ ᠤᠨ ᠤᠩᠭᠤᠨ ᠲᠠᠯ᠎ᠠ ᠵᠡᠷᠭᠡ ᠵᠢᠭᠤᠯᠴᠢᠯᠠᠯ ᠤᠨ ᠦᠢᠯᠡᠰ | ᠥᠷᠨᠢᠨ ᠬᠥᠭᠵᠢᠵᠦ᠂ ᠭᠠᠭᠴᠠ ᠪᠦᠷᠢᠶ᠎ᠡ ᠮᠠᠩᠬ᠎ᠠ ᠶᠢᠨ ᠵᠢᠭᠤᠯᠴᠢᠯᠠᠯ ᠤᠨ ᠬᠢᠵᠠᠭᠠᠷᠲᠤ ᠺᠤᠮᠫᠠᠨᠢ ᠨᠢ ᠡᠨᠡ ᠵᠢᠯ | 4000 ᠭᠠᠷᠤᠢ ᠲᠦᠮᠡᠨ ᠲᠥᠭᠦᠷᠢᠭ ᠤᠨ ᠭᠠᠶᠢᠯᠢ ᠶᠢᠨ ᠤᠷᠤᠯᠭ᠎ᠠ ᠡᠭᠦᠳᠦᠨ᠂ ᠲᠤᠬᠠᠢ ᠶᠢᠨ ᠭᠠᠵᠠᠷ ᠤᠨ ᠠᠵᠤ | ᠠᠬᠤᠢ ᠶᠢᠨ ᠨᠡᠮᠡᠭᠳᠡᠯ ᠢ ᠪᠦᠲᠦᠮᠵᠢᠲᠡᠶ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ | ᠬᠦᠴᠦᠨ ᠪᠣᠯᠤᠭᠰᠠᠨ ᠪᠠᠶᠢᠨ᠎ᠠ᠃ | | 40 ᠭᠠᠷᠤᠢ ᠵᠢᠯ ᠤᠨ ᠲᠤᠷᠰᠢ᠂ ᠽᠠᠨᠳᠠᠨ ᠵᠣᠣ ᠬᠤᠪᠢᠶᠠᠷᠢ ᠲᠠᠯᠠᠪᠠᠶ ᠶᠢᠨ ᠬᠢᠨ ︽ᠤᠮᠠᠷᠠᠲᠤ ᠶᠢᠨ | ᠭᠤᠷᠪᠠᠨ ᠣᠷᠣᠨ︾ ᠤ ᠬᠠᠯᠬᠠᠪᠴᠢ ᠣᠶ᠂ ᠲᠠᠷᠢᠶᠠᠯᠠᠬᠤ ᠶᠢ ᠵᠣᠭᠰᠣᠭᠠᠨ ᠮᠣᠳᠣ ᠲᠠᠷᠢᠬᠤ᠂ ᠪᠠᠶᠢᠭᠠᠯᠢ ᠶᠢᠨ ᠣᠶ | ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ | ᠡᠬᠢ ᠶᠢ ᠵᠠᠰᠠᠬᠤ ᠵᠡᠷᠭᠡ ᠤᠯᠤᠰ ᠤᠨ ᠣᠶ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠲᠦᠰᠢᠭᠯᠡᠨ᠂ ︽ᠡᠯᠡᠰᠦ ᠤᠷᠤᠭᠰᠢᠯᠠᠵᠤ ᠬᠥᠮᠥᠨ ᠤᠬᠤᠷᠢᠬᠤ︾ ᠠᠴᠠ ︽ᠣᠶᠢᠵᠢᠭᠤᠯᠤᠯᠲᠠ | ᠨᠡᠮᠡᠭᠳᠡᠵᠦ ᠡᠯᠡᠰᠦ ᠪᠠᠭᠠᠰᠬᠤ︾ ᠭᠦᠷᠲᠡᠯ᠎ᠡ᠂ ᠳᠠᠭᠢᠭᠠᠳ ︽ᠬᠥᠮᠥᠨ ᠡᠯᠡᠰᠦ ᠡᠶ᠎ᠡ ᠵᠣᠬᠢᠴᠠᠩᠭᠤᠢ ᠪᠠᠶᠢᠬᠤ︾ | ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ | ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ︽ | ᠤᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠬᠦᠴᠢᠷ ᠪᠡᠷᠬᠡᠰᠢᠶᠡᠯ ᠢ ᠳᠤᠭᠤᠯᠵᠤ᠂ ᠬᠤᠪᠢ | ᠨᠡᠮᠡᠷᠢ ᠦᠵᠡᠭᠦᠯᠭᠦ︾ ᠣᠶ ᠰᠢᠭᠤᠢ ᠶᠢᠨ ᠲᠠᠯᠠᠪᠠᠶ ᠶᠢᠨ ᠵᠣᠷᠢᠭ ᠰᠠᠨᠠᠭ᠎ᠠ ᠶᠢ ᠴᠣᠭᠴᠠᠯᠠᠵᠠᠢ᠃ | | 2017 ᠣᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠨ | ᠵᠠᠰᠠᠬᠤ ᠨᠡᠶᠢᠲᠡ ᠶᠢᠨ ᠭᠡᠷ᠎ᠡ︾ ᠶᠢᠨ 13 ᠳ᠋ᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠣᠷᠳᠣᠰ ᠲᠤ | ᠬᠤᠷᠠᠯᠳᠤᠵᠤ᠂ ᠽᠠᠨᠳᠠᠨ ᠵᠤᠤ ᠬᠤᠪᠢᠶᠠᠷᠢ ᠲᠠᠯᠠᠪᠠᠢ ᠶᠢᠨ ᠠᠵᠢᠯᠯᠠᠬᠤ ᠲᠣᠭᠤᠷᠢᠭ 195 ᠭᠡᠷᠡᠲᠦ ᠲᠠᠯ᠎ᠠ ᠶᠢᠨ ᠤᠯᠤᠰ | ᠤᠨ ᠲᠥᠯᠥᠭᠡᠯᠡᠭᠴᠢᠳ ᠤᠨ ᠰᠢᠯᠭᠠᠨ ᠪᠠᠶᠢᠴᠠᠭᠠᠯᠲᠠ ᠶᠢ ᠬᠦᠯᠢᠶᠡᠪᠡ᠃ ᠡᠨᠡ ᠪᠣᠯ ᠽᠠᠨᠳᠠᠨ ᠵᠤᠤ ᠬᠤᠪᠢᠶᠠᠷᠢ ᠲᠠᠯᠠᠪᠠᠢ | ᠶᠢᠨ ᠠᠵᠢᠯᠯᠠᠬᠤ ᠲᠣᠭᠤᠷᠢᠭ ᠠᠩᠬ᠎ᠠ ᠤᠳᠠᠭ᠎ᠠ ᠡᠶᠢᠮᠦᠷᠬᠦᠦ ᠳᠡᠭᠡᠳᠦ ᠲᠡᠰ ᠤᠨ ᠰᠢᠯᠭᠠᠨ ᠪᠠᠶᠢᠴᠠᠭᠠᠯᠲᠠ ᠶᠢ | ᠤᠭᠲᠤᠵᠤ᠂ ᠳᠡᠯᠡᠬᠡᠢ ᠳ᠋ᠠᠬᠢᠨ ᠳᠤ ᠽᠠᠨᠳᠠᠨ ᠵᠤᠤ ᠶᠢᠨ ᠬᠡᠳᠦᠨ ᠦᠶ᠎ᠡ ᠶᠢᠨ ᠤᠢ ᠰᠢᠭᠤᠢ ᠶᠢᠨ ᠲᠠᠯᠠᠪᠠᠢ ᠶᠢᠨ | ᠠᠵᠢᠯᠲᠠᠳ ᠤᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠪᠣᠯᠣᠨ ᠤᠶᠤᠨ ᠤᠬᠠᠭᠠᠨ ᠢ ᠳᠡᠯᠭᠡᠨ ᠦᠵᠡᠭᠦᠯᠦᠭᠰᠡᠨ | ᠶᠠᠪᠤᠳᠠᠯ ᠪᠣᠯᠣᠨ᠎ᠠ᠃ | | 40 ᠭᠠᠷᠤᠢ ᠵᠢᠯ ᠤᠨ ᠲᠤᠷᠰᠢ᠂ ᠽᠠᠨᠳᠠᠨ ᠵᠣᠣ ᠬᠤᠪᠢᠶᠠᠷᠢ ᠲᠠᠯᠠᠪᠠᠶ ᠨᠢ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠣᠶ ᠰᠢᠭᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠣᠯᠠᠨ | ᠤᠳᠠᠭ᠎ᠠ ᠶᠢᠨ ᠬᠥᠬᠢᠭᠦᠯᠦᠯ ᠱᠠᠩᠨᠠᠯ ᠢ ᠬᠦᠷᠲᠡᠵᠦ᠂ ᠤᠷᠢᠳ ᠬᠤᠵᠢᠳ ︽ᠪᠦᠭᠦ ᠤᠯᠤᠰ ᠤᠨ ᠰᠢᠨᠵᠢᠯᠡᠬᠦ ᠤᠬᠠᠭᠠᠨ | ᠤ ᠶᠡᠭᠡ ᠬᠤᠷᠠᠯ ᠤᠨ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠱᠠᠩᠨᠠᠯ︾᠂ ︽ᠶᠡᠭᠡ ᠵᠣᠣ ᠠᠶᠢᠮᠠᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ︾᠂ ︽ | ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠠᠮᠲᠤ ᠨᠢᠭᠡᠴᠢ︾᠂ ︽ᠪᠦᠭᠦ ᠠᠶᠢᠮᠠᠭ ᠤᠨ ᠮᠠᠩᠬᠠᠨ ᠪᠤᠷᠭᠠᠰᠤ | ᠳᠠᠷᠢᠬᠤ ᠲᠡᠷᠢᠭᠦᠨ ᠤ ᠬᠠᠮᠲᠤ ᠨᠢᠭᠡᠴᠢ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠦᠢᠯᠡᠰ ᠤᠨ | ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠶᠠᠳᠤᠭᠠᠷ ᠳᠡᠰ ᠤᠨ ᠨᠢᠭᠡᠴᠢ︾᠂ ︽ᠪᠣᠳᠠᠲᠤ ᠦᠷ᠎ᠡ ᠪᠦᠲᠦᠮᠵᠢ | ᠪᠠᠷ ᠲᠣᠪᠣᠶᠢᠮ᠎ᠠ ᠨᠢᠭᠡᠴᠢ︾᠂ ︽ᠲᠡᠷᠢᠭᠦᠨ ᠤ ᠦᠢᠯᠡᠳᠪᠦᠷᠢᠯᠡᠯ ᠤᠨ ᠨᠢᠭᠡᠴᠢ︾᠂ ︽ᠪᠦᠭᠦ ᠤᠯᠤᠰ ᠤᠨ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠡᠷᠢᠭᠦᠨ ᠤ ᠬᠠᠮᠲᠤ︾ ᠵᠡᠷᠭᠡ ᠢᠷᠠᠭᠤ ᠠᠯᠳᠠᠷ ᠢ ᠭᠦᠷᠳᠡᠪᠡ | ᠃ | | ︽ᠰᠢᠨ᠎ᠡ ᠴᠠᠭ ᠦᠶ᠎ᠡ ᠰᠢᠨ᠎ᠡ ᠠᠶᠠᠨ ᠳᠤ ᠪᠢᠳᠠ ᠤᠭ ᠰᠠᠨᠠᠭ᠎ᠠ ᠪᠠᠨ ᠦᠯᠦ ᠮᠠᠷᠲᠠᠨ ᠵᠣᠷᠢᠭ ᠰᠠᠨᠠᠭ᠎ᠠ ᠪᠠᠨ | ᠦᠷᠭᠦᠯᠵᠢᠯᠡᠨ ᠪᠠᠳᠠᠷᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ | ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠠᠳᠤᠨ ᠭᠤᠣᠯ ᠤᠨ ᠶᠡᠭᠡ | ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ︿ᠤᠮᠠᠷᠠᠲᠤ | ᠶᠢᠨ ᠭᠤᠷᠪᠠᠨ ᠣᠷᠣᠨ﹀ ᠤ ᠬᠠᠯᠬᠠᠪᠴᠢ ᠤᠢ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ | ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠤᠢ ᠰᠢᠭᠤᠢ ᠶᠢᠨ ᠲᠠᠯᠠᠪᠠᠢ ᠶᠢᠨ ᠬᠦᠴᠦᠨ | ᠴᠢᠳᠠᠯ ᠢᠶᠠᠨ ᠡᠷᠭᠦᠨ᠎ᠡ︾ ᠭᠡᠵᠦ ᠽᠠᠨᠳᠠᠨ ᠵᠤᠤ ᠬᠤᠪᠢᠶᠠᠷᠢ ᠲᠠᠯᠠᠪᠠᠢ ᠶᠢᠨ ᠳᠠᠷᠤᠭ᠎ᠠ ᠯᠢᠦ ᡁᠢ ᠶᠦᠩ ᠶᠠᠷᠢᠵᠤ | ᠪᠠᠶᠢᠯ᠎ᠠ᠃ | | |