﹇ᠴᠥᠯᠵᠢᠯᠲᠡ ᠶᠢᠨ ᠵᠠᠰᠠᠯᠲᠠ﹈ ᠲᠦᠩᠯᠢᠶᠣᠣ ᠬᠤᠲᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠎ ᠪᠠᠷ ᠬᠥᠭᠵᠢᠯᠲᠡ ᠶᠢᠨ ᠠᠭᠤᠯᠤᠭᠳᠠᠬᠤᠨ ᠢᠶᠠᠨ ᠳᠠᠭᠢᠨ ᠴᠣᠭᠴᠠᠯᠠᠪᠠ
ᠨᠡᠶᠢᠲᠡᠯᠡᠭᠰᠡᠨ ᠴᠠᠭ᠄
2024/5/15
                               ᠭᠦᠸᠧ ᠬᠤᠩ ᠱᠧᠩ       ᠪᠦᠭᠦ ᠤᠯᠤᠰ ᠤᠨ ᠳᠥᠷᠪᠡᠨ ᠶᠡᠭᠡ ᠡᠯᠡᠰᠦᠷᠬᠡᠭ ᠭᠠᠵᠠᠷ ᠤᠨ ᠳᠣᠲᠣᠷ᠎ᠠ ᠠᠴᠠ ᠬᠤᠷᠴᠢᠨ ᠤ ᠡᠯᠡᠰᠦᠷᠬᠡᠭ ᠭᠠᠵᠠᠷ ᠬᠠᠮᠤᠭ ᠤᠨ ᠲᠦᠷᠦᠭᠦᠦ ᠰᠠᠶᠢᠨ ᠡᠷᠭᠢᠯᠲᠡ ᠶᠢ ᠪᠡᠶᠡᠯᠡᠭᠦᠯᠵᠦ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠤᠨ ᠤᠰᠤᠨ ᠲᠦᠷᠢᠯᠭᠡ ᠨᠢ ᠣᠶᠢᠷ᠎ᠠ ᠶᠢᠨ 25 ᠵᠢᠯ ᠤᠨ ᠲᠤᠷᠰᠢ ᠠᠩᠬ᠎ᠠ ᠤᠳᠠᠭ᠎ᠠ ᠲᠦᠩᠯᠢᠶᠣᠣ ᠬᠤᠲᠠ ᠶᠢᠨ ᠬᠤᠲᠠ ᠶᠢᠨ ᠲᠣᠭᠤᠷᠢᠭ ᠲᠤ ᠣᠷᠣᠯ᠎ᠠ                                     35 ᠵᠢᠯ ᠤᠨ ᠡᠮᠦᠨ᠎ᠡ᠂ 15 ᠨᠠᠰᠤᠲᠠᠢ ᠪᠠᠶᠢᠭᠰᠠᠨ ᠰᠢ᠊ ᠪᠤᠯᠠᠭ ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠤ ᠪᠠᠶᠠᠨᠲᠠᠯ᠎ᠠ ᠰᠤᠮᠤ ᠶᠢᠨ ᠮᠠᠨᠳᠤᠭᠤᠯᠬᠤ ᠭᠠᠴᠠᠭᠠᠨ ᠤ ᠡᠯᠡᠰᠦᠨ ᠳᠣᠪᠣᠴᠠᠭ ᠳᠡᠭᠡᠷ᠎ᠡ ᠰᠠᠭᠤᠵᠤ᠂ ᠲᠠᠴᠢᠷ ᠨᠢᠮᠭᠡᠨ ᠨᠤᠲᠤᠭ ᠢᠶᠠᠷ ᠡᠶᠢᠰᠢ ᠲᠡᠶᠢᠰᠢ ᠭᠦᠶᠦᠯᠳᠦᠨ ᠢᠳᠡᠰᠢ ᠬᠠᠶᠢᠬᠤ ᠦᠬᠡᠷ ᠬᠤᠨᠢᠨ ᠰᠦᠷᠦᠭ᠂ ᠲᠤᠰᠬᠤᠨ ᠤ ᠬᠡᠰᠡᠭ ᠠᠷᠠᠳ ᠤᠨ ᠨᠡᠭᠦᠵᠦ ᠶᠠᠪᠤᠭᠰᠠᠨ ᠤ ᠳᠠᠷᠠᠭᠠᠬᠢ ᠡᠵᠡᠭᠦᠶᠢᠷᠡᠭᠰᠡᠨ ᠨᠤᠲᠤᠭ ᠢ ᠬᠠᠷᠠᠬᠤ ᠳᠠᠭᠠᠨ᠂ ᠡᠨᠡ ᠭᠠᠵᠠᠷ ᠢᠶᠠᠨ ᠶᠠᠭᠠᠬᠢᠪᠠᠴᠤ ᠨᠣᠭᠤᠭᠠᠷᠠᠭᠤᠯᠤᠶ᠎ᠠ ᠭᠡᠵᠦ ᠵᠣᠷᠢᠭ ᠰᠢᠭᠤᠳᠴᠠᠢ᠃ 3 ᠵᠢᠯ ᠳᠠᠭᠢᠨ ᠳᠠᠪᠲᠠᠨ ᠲᠠᠷᠢᠬᠤ ᠪᠠᠷ ᠳᠠᠮᠵᠢᠨ ᠰᠢ᠊ ᠪᠤᠯᠠᠭ ᠤᠨ ᠭᠡᠷ ᠤᠨ ᠠᠷᠤ ᠳᠠᠬᠢ 70 ᠮᠦ ᠴᠢᠬᠢ ᠮᠣᠳᠣ ᠡᠴᠦᠰ ᠲᠡᠭᠡᠨ ᠪᠦᠷ ᠠᠮᠢᠯᠠᠨ ᠤᠷᠭᠤᠯ᠎ᠠ᠃             1997 ᠣᠨ ᠠᠴᠠ ᠬᠤᠶᠢᠰᠢ᠂ ᠰᠢ᠊ ᠪᠤᠯᠠᠭ ᠲᠣᠰᠬᠤᠨ ᠤ ᠪᠠᠨ 60 ᠡᠷᠦᠭᠡ ᠶᠢᠨ ᠬᠥᠮᠥᠰ ᠢ ᠵᠣᠬᠢᠶᠠᠨ ᠪᠠᠶᠢᠭᠤᠯᠤᠨ ᠮᠣᠳᠣ ᠲᠠᠷᠢᠵᠤ᠂ 3 ᠵᠢᠯ ᠳᠤ 4000 ᠭᠠᠷᠤᠢ ᠮᠦ ᠲᠠᠷᠢᠵᠤ ᠣᠶᠢᠵᠢᠭᠤᠯᠪᠠ᠃ 2023 ᠣᠨ ᠪᠤᠯᠬᠤ ᠳᠤ ᠨᠡᠶᠢᠳᠡ 8 ᠲᠦᠮᠡᠨ ᠮᠦ ᠭᠠᠵᠠᠷ ᠲᠤ ᠮᠣᠳᠣ ᠲᠠᠷᠢᠵᠤ ᠣᠶᠢᠵᠢᠭᠤᠯᠤᠭᠰᠠᠨ ᠪᠢᠯᠡ᠃             ᠡᠨᠡ ᠪᠣᠯ ᠲᠦᠩᠯᠢᠶᠣᠣ ᠶᠢᠨ ᠬᠥᠮᠥᠰ ᠤᠨ ᠰᠠᠯᠬᠢ ᠡᠯᠡᠰᠦ ᠲᠠᠢ ᠲᠡᠮᠡᠴᠡᠭᠰᠡᠨ ᠤ ᠨᠢᠭᠡ ᠬᠤᠷᠢᠶᠠᠩᠭᠤᠢ ᠳᠦᠷᠰᠦ ᠪᠣᠯᠣᠨ᠎ᠠ᠃ ᠡᠳᠦᠭᠡ ᠲᠦᠩᠯᠢᠶᠣᠣ ᠶᠢᠨ ᠥᠷᠭᠡᠨ ᠠᠭᠤᠳᠠᠮ ᠭᠠᠵᠠᠷ ᠨᠤᠲᠤᠭ ᠠᠮᠢ ᠠᠮᠢᠵᠢᠷᠠᠯ ᠤᠨ ᠨᠣᠭᠤᠭᠠᠨ ᠥᠩᠭᠡ ᠪᠠᠷ ᠪᠢᠯᠬᠠᠨ᠎ᠠ᠃             ︽ᠳᠥᠷᠪᠡᠨ ᠮᠢᠩᠭᠠᠨ ᠲᠦᠮᠡᠨ ᠮᠦ︾᠎ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾᠎ ᠢ ᠵᠢᠷᠤᠵᠤ ᠲᠣᠭᠲᠠᠭᠠᠭᠰᠠᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠳᠥᠷᠪᠡᠨ ᠱᠠᠲᠤᠨ ᠤ ︽ᠣᠶ ᠰᠢᠭᠤᠢ ︵ᠨᠤᠲᠤᠭ ᠪᠡᠯᠴᠢᠭᠡᠷ︶ ᠎ ᠶᠢᠨ ᠳᠠᠷᠤᠭ᠎ᠠ ᠶᠢᠨ ᠳᠦᠷᠢᠮ︾᠂ ︽ᠭᠤᠣᠯ ᠮᠥᠷᠡᠨ ᠤ ᠳᠠᠷᠤᠭ᠎ᠠ ᠶᠢᠨ ᠳᠦᠷᠢᠮ︾᠎ ᠤᠨ ᠰᠢᠰᠲ᠋ᠧᠮ ᠢ ᠪᠦᠭᠦ ᠲᠠᠯ᠎ᠠ ᠎ ᠪᠠᠷ ᠪᠠᠶᠢᠭᠤᠯᠪᠠ ᠁             2066 ᠲᠦᠮᠡᠨ ᠮᠦ ᠶᠢᠨ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ᠂ 900 ᠭᠠᠷᠤᠢ ᠲᠦᠮᠡᠨ ᠮᠦ ᠎ ᠶᠢᠨ ᠬᠥᠷᠥᠰᠥ ᠰᠢᠷᠣᠢ ᠶᠢᠨ ᠢᠳᠡᠭᠳᠡᠯ ᠲᠠᠢ ᠭᠠᠵᠠᠷ ᠢ ᠪᠦᠲᠦᠮᠵᠢᠲᠡᠶ ᠵᠠᠰᠠᠵᠤ᠂ ᠨᠤᠲᠤᠭ ᠪᠡᠯᠴᠢᠭᠡᠷ ᠤᠨ ᠤᠷᠭᠤᠮᠠᠯ ᠎ ᠤᠨ ᠪᠦᠷᠬᠦᠴᠡ ᠶᠢ 64.86% ᠪᠤᠯᠲᠠᠯ᠎ᠠ ᠳᠡᠭᠡᠭᠰᠢᠯᠡᠭᠦᠯᠦᠨ᠂ ᠪᠦᠭᠦ ᠬᠤᠲᠠ ᠶᠢᠨ ᠣᠷᠴᠢᠨ ᠲᠣᠭᠤᠷᠢᠨ ᠤ ᠠᠭᠠᠷ ᠎ ᠤᠨ ᠴᠢᠨᠠᠷ ᠴᠢᠨᠰᠠᠭ᠎ᠠ ᠳᠤᠮᠳᠠᠴᠢ ᠪᠠᠷ ᠰᠢᠯᠢᠳᠡᠭ ᠰᠠᠶᠢᠨ ᠪᠠᠶᠢᠬᠤ ᠡᠳᠦᠷ ᠤᠨ ᠬᠠᠷᠢᠴᠠᠯ 92.9%᠎ ᠳᠤ ᠭᠦᠷᠪᠡ ᠁             ᠭᠡᠷ ᠣᠷᠣᠨ ᠢᠶᠠᠨ ᠳᠠᠭᠢᠨ ᠨᠣᠭᠤᠭᠠᠷᠠᠭᠤᠯᠬᠤ ᠶᠢᠨ ᠲᠥᠯᠥᠭᠡ᠂ ᠰᠠᠯᠬᠢ ᠡᠯᠡᠰᠦ ᠲᠠᠢ ᠲᠡᠮᠡᠴᠡᠬᠦ ᠬᠥᠮᠥᠰ ᠎ ᠤᠨ ᠠᠯᠬᠤᠭ᠎ᠠ ᠶᠡᠷᠦ ᠠᠴᠠ ᠵᠣᠭᠰᠣᠭᠰᠠᠨ ᠦᠭᠡᠢ             ᠬᠤᠷᠴᠢᠨ ᠤ ᠡᠯᠡᠰᠦᠷᠬᠡᠭ ᠭᠠᠵᠠᠷ ᠨᠢ ᠥᠪᠥᠷ ᠮᠣᠩᠭᠤᠯ᠂ ᠭᠢᠷᠢᠨ᠂ ᠯᠢᠶᠣᠤᠨᠢᠩ ᠭᠤᠷᠪᠠᠨ ᠮᠤᠵᠢ ᠣᠷᠣᠨ ᠎ ᠢ ᠰᠤᠨᠳᠠᠯᠠᠵᠤ᠂ ᠲᠠᠯᠠᠪᠠᠶ ᠨᠢ 7760 ᠲᠦᠮᠡᠨ ᠮᠦ ᠪᠤᠢ᠃ ᠡᠭᠦᠨ ᠳᠤ ᠲᠦᠩᠯᠢᠶᠣᠣ ᠬᠤᠲᠠ ᠶᠢᠨ ᠬᠢᠯᠢ ᠳᠣᠲᠣᠷ᠎ᠠ 4086 ᠲᠦᠮᠡᠨ ᠮᠦ ᠪᠠᠶᠢᠵᠤ᠂ ᠬᠤᠷᠴᠢᠨ ᠤ ᠡᠯᠡᠰᠦᠷᠬᠡᠭ ᠭᠠᠵᠠᠷ ᠤᠨ ᠪᠦᠭᠦ ᠲᠠᠯᠠᠪᠠᠶ ᠶᠢᠨ 52.7%᠎ ᠶᠢ ᠡᠵᠡᠯᠡᠵᠦ᠂ ᠪᠦᠭᠦ ᠬᠤᠲᠠ ᠶᠢᠨ 200 ᠲᠦᠮᠡ ᠰᠢᠬᠠᠮ ᠬᠥᠮᠥᠨ ᠠᠮᠠ ᠠᠳᠡ ᠨᠤᠲᠤᠭᠰᠢᠨ ᠠᠮᠢᠳᠤᠷᠠᠵᠤ ᠪᠠᠶᠢᠨ᠎ᠠ᠃             1978 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠤ ᠬᠤᠶᠢᠲᠤ ᠪᠡᠶ᠎ᠡ᠂ ᠵᠡᠭᠦᠨ ᠬᠤᠶᠢᠲᠤ ᠣᠷᠣᠨ ᠤ ᠪᠠᠷᠠᠭᠤᠨ ᠪᠡᠶ᠎ᠡ ᠶᠢᠨ ᠰᠠᠯᠬᠢ ᠡᠯᠡᠰᠦᠨ ᠤ ᠬᠥᠨᠥᠭᠡᠯ ᠬᠦᠨᠳᠦ ᠨᠣᠴᠢᠲᠠᠢ᠂ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠭᠠᠵᠠᠷ ᠣᠷᠣᠨ ᠳᠤ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ ᠎ ᠪᠠᠷ ᠲᠣᠭᠲᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠶᠡᠭᠡ ᠲᠠᠷᠢᠮᠠᠯ ᠠᠮᠢ ᠠᠬᠤᠢ ᠶᠢᠨ ᠣᠶ ᠎ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠡᠭᠦᠨ ᠠᠴᠠ ᠡᠬᠢᠯᠡᠭᠰᠡᠨ ᠶᠤᠮ᠃             40 ᠭᠠᠷᠤᠢ ᠵᠢᠯ ᠤᠨ ᠴᠠᠭ ᠬᠤᠭᠤᠴᠠᠭ᠎ᠠ ᠥᠩᠭᠡᠷᠡᠨ ᠤᠳᠬᠤᠶ᠎ᠠ᠂ ᠳᠡᠯᠡᠬᠡᠢ ᠳ᠋ᠠᠬᠢᠨ ᠢ ᠭᠠᠶᠢᠬᠠᠰᠢ ᠠᠯᠳᠠᠭᠤᠯᠤᠮ᠎ᠠ ᠨᠣᠮᠢᠨ ᠨᠣᠭᠤᠭᠠᠨ ︽ᠤᠷᠳᠤ ᠴᠠᠭᠠᠨ ᠬᠡᠷᠡᠮ︾ ᠤᠮᠠᠷᠠᠲᠤ ᠬᠢᠯᠢ ᠳᠤ ᠰᠡᠬᠦᠶᠢᠨ ᠰᠦᠨᠳᠡᠷᠯᠡᠵᠡᠢ᠃             ᠲᠦᠩᠯᠢᠶᠣᠣ ᠬᠤᠲᠠ ᠪᠣᠯ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠳᠥᠷᠪᠡᠳᠦᠭᠡᠷ ᠬᠤᠭᠤᠴᠠᠭᠠᠨ ᠤ ᠢᠨᠵᠧᠨᠧᠷᠢᠩ ᠤᠨ ᠲᠤᠰᠬᠠᠢ ᠣᠷᠣᠨ ᠤ ᠲᠠᠰ ᠤᠨ ᠵᠢᠱᠢᠶ᠎ᠡ ᠦᠵᠡᠭᠦᠯᠭᠦ ᠬᠤᠲᠠ ᠪᠣᠯᠣᠨ᠎ᠠ᠃ 1978 ᠣᠨ ᠳᠤ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠤᠲᠠ ᠳᠠᠶᠠᠭᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠮᠥᠨ ᠤ ᠬᠦᠴᠦ ᠪᠠᠷ ᠵᠠᠰᠠᠬᠤ᠂ ᠠᠶᠠᠨᠳᠠᠭᠠᠨ ᠰᠡᠷᠭᠦᠭᠡᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃             2014 ᠣᠨ ᠳᠤ ᠲᠦᠩᠯᠢᠶᠣᠣ ᠬᠤᠲᠠ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ︽ᠬᠤᠣᠰ ᠮᠢᠩᠭᠠᠨ ᠲᠦᠮᠡᠨ ᠮᠦ︾᠎ ᠶᠢᠨ ᠢᠨᠵᠧᠨᠧᠷᠢᠩ ᠢ ᠬᠡᠷᠡᠭᠵᠢᠭᠦᠯᠵᠦ᠂ ᠠᠭᠤᠷ ᠠᠮᠢᠰᠬᠤᠯ ᠦᠷᠭᠦᠯᠵᠢᠯᠡᠨ ᠭᠠᠩ ᠬᠠᠭᠤᠷᠠᠢ ᠪᠠᠶᠢᠬᠤ ᠠᠰᠢᠭ ᠦᠭᠡᠢ ᠨᠥᠬᠦᠴᠡᠯ ᠪᠠᠶᠢᠳᠠᠯ ᠳᠣᠣᠷ᠎ᠠ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ᠂ ᠲᠠᠷᠢᠶᠠᠯᠠᠬᠤ ᠶᠢ ᠵᠣᠭᠰᠣᠭᠠᠨ ᠡᠪᠡᠰᠦ ᠮᠣᠳᠣ ᠲᠠᠷᠢᠬᠤ᠂ ᠮᠠᠯᠵᠢᠬᠤ ᠶᠢ ᠵᠣᠭᠰᠣᠭᠠᠨ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠲᠦᠰᠢᠭᠯᠡᠨ᠂ ᠨᠡᠶᠢᠲᠡ 2134.51 ᠲᠦᠮᠡᠨ ᠮᠦ ᠶᠢᠨ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠵᠢᠯ ᠳᠤᠮᠳᠠᠴᠢ ᠪᠠᠷ 200 ᠲᠦᠮᠡᠨ ᠮᠦ ᠡᠯᠡᠰᠦ ᠶᠢ ᠶᠡᠷᠦᠩᠬᠡᠶᠢᠯᠡᠨ ᠵᠠᠰᠠᠭᠰᠠᠨ ᠬᠤᠷᠳᠤᠴᠠ ᠪᠠᠷ ᠦᠷᠭᠦᠯᠵᠢᠯᠡᠨ ᠤᠷᠤᠭᠰᠢᠯᠠᠪᠠ᠃ ᠤᠯᠤᠰ ᠤᠨ ᠲᠠᠰ ᠤᠨ ᠣᠶ ᠰᠢᠭᠤᠶᠢᠲᠤ ᠰᠢᠶᠠᠩ ᠲᠣᠰᠬᠤᠨ ᠢ 30 ᠪᠠᠶᠢᠭᠤᠯᠵᠤ᠂ 3000 ᠭᠠᠷᠤᠢ ᠠᠶᠢᠯ ᠲᠣᠰᠬᠤᠨ ᠢ ᠨᠣᠭᠤᠭᠠᠷᠠᠭᠤᠯᠬᠤ ᠶᠢ ᠪᠡᠶᠡᠯᠡᠭᠦᠯᠵᠡᠢ᠃             2018 ᠣᠨ ᠳᠤ᠂ ᠲᠦᠩᠯᠢᠶᠣᠣ ᠬᠤᠲᠠ ︽ᠡᠮᠦᠨ᠎ᠡ ᠪᠡᠶ᠎ᠡ ᠳᠤ ᠡᠯᠡᠰᠦ ᠶᠢ ᠵᠠᠰᠠᠬᠤ᠂ ᠳᠤᠮᠳᠠ ᠪᠡᠶ᠎ᠡ ᠳᠤ ᠤᠰᠤ ᠠᠷᠪᠢᠯᠠᠬᠤ᠂ ᠬᠤᠶᠢᠲᠤ ᠪᠡᠶ᠎ᠡ ᠳᠤ ᠬᠠᠮᠠᠭᠠᠯᠠᠬᠤ︾ᠠᠮᠢ ᠠᠬᠤᠢ ᠶᠢᠨ ᠪᠠᠶᠢᠷᠢᠰᠢᠯ ᠢ ᠲᠣᠭᠲᠠᠭᠠᠪᠠ᠃ 1962.69 ᠲᠦᠮᠡᠨ ᠮᠦ ᠭᠠᠵᠠᠷ ᠢ ᠬᠥᠮᠥᠨ ᠤ ᠬᠦᠴᠦ ᠪᠠᠷ ᠣᠶᠢᠵᠢᠭᠤᠯᠤᠨ᠂ 486.31 ᠲᠦᠮᠡᠨ ᠮᠦ ᠠᠭᠤᠯᠠᠨ ᠭᠠᠵᠠᠷ︵ᠡᠯᠡᠰᠦ ᠮᠠᠩᠬ᠎ᠠ︶᠎ ᠢ ᠪᠢᠲᠡᠭᠦᠮᠵᠢᠯᠡᠨ ᠣᠶᠢᠵᠢᠭᠤᠯᠵᠤ᠂ 80.2 ᠲᠦᠮᠡᠨ ᠮᠦ ᠭᠠᠵᠠᠷ ᠢ ᠨᠢᠰᠬᠡᠯ ᠢᠶᠠᠷ ᠣᠶᠢᠵᠢᠭᠤᠯᠤᠨ᠂ 37.5 ᠲᠦᠮᠡᠨ ᠮᠦ ᠶᠢᠨ ᠮᠠᠭᠤᠳᠠᠭᠰᠠᠨ ᠣᠶ ᠶᠢ ᠰᠡᠷᠭᠦᠭᠡᠪᠡ᠃             ᠣᠯᠠᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ᠬᠤᠷᠴᠢᠨ ᠤ ᠡᠯᠡᠰᠦᠷᠬᠡᠭ ᠭᠠᠵᠠᠷ ᠪᠦᠭᠦ ᠤᠯᠤᠰ ᠤᠨ ᠳᠥᠷᠪᠡᠨ ᠶᠡᠭᠡ ᠡᠯᠡᠰᠦᠷᠬᠡᠭ ᠭᠠᠵᠠᠷ ᠤᠨ ᠳᠣᠲᠣᠷ᠎ᠠ ᠬᠠᠮᠤᠭ ᠤᠨ ᠲᠦᠷᠦᠭᠦᠦ ᠰᠠᠶᠢᠨ ᠡᠷᠭᠢᠯᠲᠡ ᠶᠢ ᠪᠡᠶᠡᠯᠡᠭᠦᠯᠵᠦ᠂ ᠣᠢ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠵᠢᠯ ᠳᠠᠷᠠᠭᠠᠯᠠᠨ ᠨᠡᠮᠡᠭᠳᠡᠨ᠂ ᠠᠮᠢ ᠠᠬᠤᠢ ᠣᠷᠴᠢᠨ ᠲᠣᠭᠤᠷᠢᠨ ᠪᠦᠲᠦᠮᠵᠢᠲᠡᠶ ᠰᠠᠶᠢᠵᠢᠷᠠᠪᠠ᠃ ᠪᠦᠭᠦ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠎ ᠤᠨ ᠤᠷᠭᠤᠮᠠᠯ ᠤᠨ ᠪᠦᠷᠬᠦᠴᠡ ᠨᠡᠮᠡᠭᠳᠡᠵᠦ᠂ ᠠᠭᠤᠯᠠᠷᠬᠠᠭ ᠪᠠ ᠡᠯᠡᠰᠦᠷᠬᠡᠭ ︽ᠬᠤᠶᠠᠷ ᠣᠷᠣᠨ︾᠎ ᠤ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠨ᠂ ᠴᠥᠭᠡᠨ ᠪᠤᠰᠤ ᠭᠠᠵᠠᠷ ᠣᠷᠣᠨ ᠨᠢ ᠠᠭᠤᠯᠠ ᠶᠢ ᠵᠠᠰᠠᠬᠤ᠂ ᠡᠯᠡᠰᠦ ᠎ ᠶᠢ ᠵᠠᠰᠠᠬᠤ ᠪᠠᠷ ᠳᠠᠮᠵᠢᠨ ᠮᠠᠯ ᠮᠠᠯᠵᠢᠬᠤ᠂ ᠣᠢ ᠰᠢᠭᠤᠢ ᠵᠢᠮᠢᠰ ᠤᠨ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠢ ᠪᠠᠶᠠᠵᠢᠯ ᠤᠨ ᠵᠠᠮ ᠳᠤ ᠣᠷᠣᠭᠤᠯᠪᠠ᠃ ᠲᠠᠯ᠎ᠠ ᠭᠠᠵᠠᠷ ᠤᠨ ᠬᠢᠨ ᠲᠠᠷᠢᠶᠠᠨ ᠭᠠᠵᠠᠷ ᠤᠨ ᠤᠢ ᠰᠢᠭᠤᠢ ᠎ ᠶᠢᠨ ᠲᠣᠣᠷ ᠤᠨ ᠪᠦᠲᠦᠭᠡᠨ ᠪᠠᠶᠢᠭᠤᠯᠤᠯᠲᠠ ᠬᠢᠬᠦ ᠪᠠᠷ ᠳᠠᠮᠵᠢᠨ 1000 ᠭᠠᠷᠤᠢ ᠲᠦᠮᠡᠨ ᠮᠦ ᠲᠠᠷᠢᠶᠠᠨ ᠭᠠᠵᠠᠷ ᠢ ᠪᠦᠲᠦᠮᠵᠢᠲᠡᠢ ᠬᠠᠮᠠᠭᠠᠯᠠᠵᠤ᠂ ᠠᠮᠤ ᠪᠤᠳᠠᠭᠠᠨ ᠤ ᠤᠨᠠᠯᠲᠠ ᠶᠢ 20% ᠭᠠᠷᠤᠢ ᠪᠠᠷ ᠨᠡᠮᠡᠭᠳᠡᠭᠦᠯᠵᠡᠢ᠃ ᠠᠮᠢ ᠠᠬᠤᠢ ᠎ ᠶᠢᠨ ᠣᠷᠣᠨ ᠪᠠᠶᠢᠷᠢ ᠪᠠᠷ ᠴᠢᠬᠤᠯᠠ ᠭᠠᠵᠠᠷ ᠣᠷᠣᠨ ᠪᠣᠯᠣᠨ ᠠᠮᠢ ᠠᠬᠤᠢ ᠬᠡᠪᠡᠷᠡᠭ ᠭᠠᠵᠠᠷ ᠣᠷᠣᠨ ᠳᠤ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠠᠵᠢᠯᠯᠠᠭ᠎ᠠ ᠶᠢ ᠪᠠᠭᠠᠰᠬᠠᠬᠤ᠂ ᠮᠠᠯᠴᠢᠨ ᠲᠠᠷᠢᠶᠠᠴᠢᠨ ᠢ ᠨᠡᠭᠦᠯᠭᠡᠨ ᠰᠢᠯᠵᠢᠭᠦᠯᠬᠦ ᠪᠠᠷ ᠳᠠᠮᠵᠢᠨ ᠠᠮᠢ ᠠᠬᠤᠢ ᠶᠢ ᠪᠦᠲᠦᠮᠵᠢᠲᠡᠶ ᠬᠠᠮᠠᠭᠠᠯᠠᠵᠤ᠂ ᠡᠪᠡᠰᠦ ᠤᠷᠭᠤᠮᠠᠯ ᠳᠤ ᠤᠷᠭᠤᠨ ᠲᠥᠯᠵᠢᠬᠦ ᠣᠷᠣᠨ ᠵᠠᠢ ᠣᠯᠭᠤᠭᠰᠠᠨ ᠪᠢᠯᠡ᠃             2023 ᠣᠨ ᠤ 6 ᠰᠠᠷ᠎ᠠ ᠶᠢᠨ 17᠎ ᠤ ᠡᠳᠦᠷ᠂ ᠳᠡᠯᠡᠬᠡᠢ ᠶᠢᠨ ᠶᠢᠰᠦᠳᠡᠬᠢ ᠴᠦᠯᠯᠡᠷᠭᠡᠭᠵᠢᠯ ᠬᠢᠭᠡᠳ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠡᠳᠦᠷ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠡᠶᠢᠲᠡᠯᠡᠭᠰᠡᠨ ᠨᠢᠭᠡ ᠬᠤᠪᠢ ᠮᠡᠳᠡᠭᠡ ᠪᠦᠭᠦ ᠤᠯᠤᠰ ᠢ ᠳᠣᠷᠭᠢᠭᠤᠯᠵᠠᠢ᠄︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠵᠠᠰᠠᠬᠤ ᠵᠡᠷᠭᠡ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠪᠦᠲᠦᠭᠡᠨ ᠪᠠᠶᠢᠭᠤᠯᠬᠤ ᠪᠠᠷ ᠳᠡᠮᠵᠢᠨ ᠳᠤᠮᠳᠠᠳᠤ ᠤᠯᠤᠰ ᠤᠨ ᠬᠠᠮᠤᠭ ᠤᠨ ᠶᠡᠭᠡ ᠡᠯᠡᠰᠦᠷᠬᠡᠭ ᠭᠠᠵᠠᠷ - ᠬᠤᠷᠴᠢᠨ ᠤ ᠡᠯᠡᠰᠦᠷᠬᠡᠭ ᠭᠠᠵᠠᠷ ᠤᠨ ᠪᠦᠭᠦ ᠣᠷᠣᠨ ᠪᠦᠰᠡ ᠎ ᠶᠢᠨ ᠨᠣᠭᠤᠭᠠᠷᠠᠭᠤᠯᠤᠯᠲᠠ ᠶᠢᠨ ᠬᠤᠷᠳᠤᠴᠠ ᠨᠢ ᠡᠯᠡᠰᠦᠷᠬᠡᠭᠵᠢᠬᠦ ᠬᠤᠷᠳᠤᠴᠠ ᠠᠴᠠ ᠳᠠᠪᠠᠭᠰᠠᠨ ᠪᠠᠶᠢᠨ᠎ᠠ᠃             ︽ᠤᠰᠤᠨ ᠤ ᠪᠠᠨ ᠬᠢᠷᠢ ᠪᠠᠷ ᠬᠢᠵᠦ︾ᠤᠰᠤᠨ ᠤ ᠬᠡᠮᠵᠢᠶ᠎ᠡ ᠪᠠᠷ ᠬᠡᠷᠡᠭᠴᠡᠭᠡ ᠪᠠᠨ ᠲᠣᠭᠲᠠᠭᠠᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠪᠠᠲᠤᠯᠠᠭ᠎ᠠ ᠬᠠᠩᠭᠠᠪᠠ             ᠯᠢᠶᠣᠣ ᠾᠧ ᠭᠤᠣᠯ ᠪᠣᠯ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠣᠷᠣᠨ ᠤ ᠨᠢᠭᠡ ᠪᠤᠯᠬᠤ ᠶᠤᠮ᠃ ᠪᠠᠷᠠᠭᠤᠨ ᠯᠢᠶᠣᠣ ᠾᠧ ᠭᠤᠣᠯ ᠤᠨ ᠤᠷᠤᠰᠤᠨ ᠥᠩᠭᠡᠷᠡᠬᠦ ᠭᠤᠣᠯ ᠭᠠᠵᠠᠷ ᠪᠣᠯᠤᠭᠰᠠᠨ ᠤ ᠬᠤᠪᠢ ᠳᠤ᠂ ᠡᠬᠡ ᠭᠤᠣᠯ ᠢᠶᠠᠨ ᠬᠠᠮᠠᠭᠠᠯᠠᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠦᠧᠧᠬᠠᠢ ᠲᠠᠩᠭᠢᠰ ᠢ ᠳᠤᠭᠤᠶᠢᠯᠠᠭᠰᠠᠨ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠬᠠᠮᠠᠭᠠᠯᠠᠬᠤ ᠪᠣᠯ ᠲᠦᠩᠯᠢᠶᠣᠣ ᠬᠤᠳᠠ ᠶᠢᠨ ᠡᠷᠬᠡᠪᠰᠢ ᠡᠭᠦᠷᠭᠡᠯᠡᠬᠦ ᠴᠢᠬᠤᠯᠠ ᠬᠠᠷᠢᠭᠤᠴᠠᠯᠭ᠎ᠠ ᠪᠤᠯᠬᠤ ᠪᠥᠭᠡᠳ ᠲᠦᠩᠯᠢᠶᠣᠣ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃             2022 ᠣᠨ ᠤ 6 ᠰᠠᠷ᠎ᠠ ᠳᠤ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠲᠦᠩᠯᠢᠶᠣᠣ ᠬᠤᠲᠠ ᠶᠢᠨ︿ᠤᠰᠤᠨ ᠤ ᠪᠠᠨ ᠬᠢᠷᠢ ᠪᠠᠷ ᠬᠢᠵᠦ﹀ᠤᠰᠤᠨ ᠤ ᠬᠡᠮᠵᠢᠶ᠎ᠡ ᠪᠠᠷ ᠬᠡᠷᠡᠭᠴᠡᠭᠡ ᠪᠠᠨ ᠲᠣᠭᠲᠠᠭᠠᠬᠤ ᠠᠵᠢᠯᠯᠠᠭᠠᠨ ᠤ ᠲᠥᠰᠥᠯ︾᠎ ᠢ ᠳᠠᠷᠤᠮᠠᠯᠯᠠᠨ ᠲᠠᠷᠬᠠᠭᠠᠵᠤ᠂ ᠪᠦᠭᠦ ᠬᠤᠲᠠ ᠶᠢᠨ ᠣᠶᠢᠷ᠎ᠠ ᠶᠢᠨ ᠬᠤᠭᠤᠴᠠᠭᠠᠨ ᠤ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠠᠰᠢᠭᠯᠠᠬᠤ ᠶᠡᠷᠦᠩᠬᠡᠢ ᠬᠠᠷᠠᠯᠲᠠ ᠵᠢᠴᠢ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃             ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢ ᠤᠰᠤᠨ ᠤ ᠡᠬᠢ ᠰᠤᠷᠪᠤᠯᠵᠢ ᠶᠢᠨ ᠲᠥᠷᠥᠯ ᠭᠡᠯᠪᠡᠷᠢ ᠪᠠᠷ ᠠᠵᠢᠯ ᠲᠥᠷᠥᠯ᠂ ᠭᠠᠴᠠᠭ᠎ᠠ ᠲᠣᠰᠬᠤᠨ᠂ ᠤᠰᠤ ᠲᠠᠲᠠᠵᠤ ᠬᠡᠷᠡᠭᠯᠡᠬᠦ ᠡᠷᠦᠭᠡ ᠳᠤ ᠬᠤᠪᠢᠶᠠᠷᠢᠯᠠᠨ ᠨᠠᠶᠢᠳᠠᠪᠤᠷᠢᠵᠢᠭᠤᠯᠬᠤ ᠠᠵᠢᠯ ᠢ ᠪᠡᠶᠡᠯᠡᠭᠦᠯᠵᠦ᠂ ᠬᠤᠰᠢᠭᠤ ᠰᠢᠶᠠᠨ ᠠᠯᠤᠰᠯᠠᠭᠰᠠᠨ 9 ᠵᠤᠷᠪᠤᠰ ᠭᠤᠣᠯ ᠮᠥᠷᠡᠨ ᠤ ᠭᠠᠵᠠᠷ ᠳᠡᠭᠡᠷᠡᠬᠢ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠠᠵᠢᠯ ᠢ ᠪᠡᠶᠡᠯᠡᠭᠦᠯᠪᠡ᠃ ᠪᠦᠭᠦ ᠬᠤᠲᠠ ᠶᠢᠨ ᠬᠡᠪᠴᠢᠶᠡᠨ ᠳᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠪᠠ᠃             ᠪᠠᠷᠠᠭᠤᠨ ᠯᠢᠶᠣᠣ ᠾᠧ ᠭᠤᠣᠯ ᠤᠨ ᠭᠤᠣᠯ ᠤᠷᠤᠰᠬᠠᠯ ᠤᠨ ᠰᠦ᠋ ᠵᠢᠶᠠ ᠫᠦ᠋ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠠᠴᠠ ᠶᠡᠷᠦᠩᠬᠡᠢ ᠠᠯᠪᠠᠨ ᠭᠡᠷ ᠤᠨ ᠸᠧ ᠫᠦ᠋ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠬᠡᠰᠡᠭ ᠤᠨ ᠭᠤᠣᠯ ᠤᠨ ᠬᠡᠪᠡᠯᠢ ᠳᠠᠬᠢ ᠠᠶᠠᠨᠳᠠᠭᠠᠨ ᠬᠤᠷᠠᠭᠰᠠᠨ ᠰᠢᠪᠠᠷ ᠰᠢᠷᠣᠢ ᠶᠢ ᠯᠠᠶᠢᠳᠠᠵᠤ᠂ ᠭᠤᠣᠯ ᠤᠨ ᠤᠷᠤᠰᠬᠠᠯ ᠤᠨ ᠢᠯᠭᠤᠮ ᠪᠠᠶᠢᠬᠤ ᠶᠢ ᠦᠨᠡᠨ ᠬᠦ ᠪᠠᠲᠤᠯᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ 607 ᠲᠦᠮᠡᠨ ᠮᠦ ᠶᠢᠨ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠢ ᠨᠢᠭᠡᠨᠲᠡ ᠪᠦᠲᠦᠭᠡᠨ ᠪᠠᠶᠢᠭᠤᠯᠪᠠ᠃ ᠲᠠᠭᠢᠨ ᠴᠡᠪᠡᠷᠰᠢᠭᠦᠯᠦᠭᠰᠡᠨ ᠤᠰᠤ ᠶᠢ ᠠᠰᠢᠭᠯᠠᠬᠤ ᠵᠢᠴᠢ ᠠᠵᠤ ᠦᠢᠯᠡᠳᠪᠦᠷᠢ ᠶᠢᠨ ᠤᠰᠤᠨ ᠤ ᠰᠤᠷᠪᠤᠯᠵᠢ ᠶᠢ ᠰᠣᠯᠢᠬᠤ ᠶᠢ ᠠᠬᠢᠭᠤᠯᠵᠤ᠂ ᠪᠦᠭᠦ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠳᠤ ᠨᠢᠭᠡᠨᠲᠡ ᠲᠠᠭᠢᠨ ᠴᠡᠪᠡᠷᠰᠢᠭᠦᠯᠦᠭᠰᠡᠨ ᠤᠰᠤ ᠶᠢ 5982.4 ᠲᠦᠮᠡᠨ ᠪᠣᠰᠤᠭ᠎ᠠ ᠳᠥᠷᠪᠡᠯᠵᠢᠨ ᠮᠧᠲᠷ ᠲᠣᠬᠢᠷᠠᠭᠤᠯᠪᠠ᠃             ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠪᠠᠷ ᠳᠠᠮᠵᠢᠨ 2023 ᠣᠨ ᠳᠤ ᠲᠦᠩᠯᠢᠶᠣᠣ ᠬᠤᠳᠠ ᠶᠢᠨ ᠬᠠᠷᠢᠶᠠᠲᠤ ᠣᠷᠣᠨ ᠢᠶᠠᠷ ᠤᠷᠤᠰᠤᠨ ᠣᠷᠣᠵᠤ ᠢᠷᠡᠭᠰᠡᠨ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠎ ᠤᠨ ᠤᠰᠤᠨ ᠤ ᠬᠡᠮᠵᠢᠶ᠎ᠡ 6503 ᠲᠦᠮᠡᠨ ᠪᠣᠰᠤᠭ᠎ᠠ ᠳᠥᠷᠪᠡᠯᠵᠢᠨ ᠮᠧᠲᠷ ᠬᠦᠷᠴᠦ᠂ ᠤᠰᠤᠨ ᠲᠦᠷᠢᠯᠭᠡ ᠨᠢ ᠣᠶᠢᠷ᠎ᠠ ᠶᠢᠨ 25 ᠵᠢᠯ ᠤᠨ ᠲᠤᠷᠰᠢ ᠠᠩᠬ᠎ᠠ ᠤᠳᠠᠭ᠎ᠠ ᠲᠦᠩᠯᠢᠶᠣᠣ ᠬᠤᠲᠠ ᠶᠢᠨ ᠬᠤᠲᠠ ᠶᠢᠨ ᠲᠣᠭᠤᠷᠢᠭ ᠲᠤ ᠣᠷᠣᠭᠰᠠᠨ ᠪᠠᠶᠢᠨ᠎ᠠ᠃              ᠪᠦᠭᠦ ᠲᠠᠯ᠎ᠠ ᠪᠠᠷ ᠬᠦᠴᠦᠯᠡᠵᠦ᠂ ᠪᠦᠭᠦ ᠲᠠᠯ᠎ᠠ᠂ ᠪᠦᠭᠦ ᠣᠷᠣᠨ ᠪᠦᠰᠡ᠂ ᠪᠦᠭᠦ ᠶᠠᠪᠤᠴᠠ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠤᠷᠴᠢᠨ ᠤ ᠡᠯᠡᠰᠦᠷᠬᠡᠭ ᠭᠠᠵᠠᠷ ᠤᠨ︽ᠰᠥᠨᠥᠭᠡᠯᠲᠡ ᠶᠢᠨ ᠳᠠᠶᠢᠯᠠᠯᠳᠤᠭᠠᠨ︾᠎ ᠢ ᠡᠷᠡᠰ ᠰᠠᠶᠢᠲᠤᠷ ᠬᠢᠪᠡ             ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠦᠭᠦ ᠲᠠᠯ᠎ᠠ ᠠᠴᠠ ᠭᠠᠷᠳᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ︽ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ︾ ᠭᠡᠵᠦ ᠳᠤᠷᠠᠳᠴᠠᠢ᠃             ᠲᠦᠩᠯᠢᠶᠣᠣ ᠬᠤᠲᠠ ᠶᠢᠨ ᠬᠢᠨ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯ ᠪᠠ ᠪᠦᠭᠦ ᠬᠤᠲᠠ ᠶᠢᠨ ᠴᠢᠬᠤᠯᠠ ᠶᠡᠭᠡ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠤᠷᠢᠳ ᠡᠮᠦᠨ᠎ᠡ ᠪᠠᠶᠢᠭ᠎ᠠ ᠦᠭᠡᠢ ᠥᠨᠳᠥᠷ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠵᠦ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠳᠠᠷᠤᠭ᠎ᠠ ᠳᠤᠭᠤᠶᠢᠯᠠᠩ ᠤᠨ ᠬᠤᠣᠰ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ᠂ ᠬᠤᠯᠪᠣᠭᠳᠠᠯ ᠪᠦᠬᠦᠢ ᠳᠡᠳ᠋ ᠬᠤᠲᠠ ᠶᠢᠨ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ ᠪᠣᠯᠵᠤ᠂ ᠡᠯ᠎ᠡ ᠬᠤᠯᠪᠣᠭᠳᠠᠯ ᠪᠦᠬᠦᠢ ᠨᠢᠭᠡᠴᠢ ᠪᠠᠷ ᠪᠦᠷᠢᠯᠳᠦᠭᠦᠨ ᠪᠤᠯᠭᠠᠬᠰᠠᠨ ᠲᠦᠩᠯᠢᠶᠣᠣ ᠬᠤᠲᠠ ᠶᠢᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠠᠳᠬᠤᠨ᠂︽ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠢᠨᠵᠧᠨᠧᠷᠢᠩ ᠤᠨ ᠲᠥᠯᠦᠪᠵᠢᠭᠦᠯᠭᠡ ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠵᠡᠷᠭᠡ ᠪᠦᠭᠦ ᠶᠠᠪᠤᠴᠠ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠎ ᠶᠢ ᠴᠢᠩᠭᠠᠳᠬᠠᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠠᠬᠢᠭᠤᠯᠵᠤ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠪᠦᠭᠦ ᠬᠤᠲᠠ ᠶᠢᠨ ᠬᠥᠭᠵᠢᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠳᠤ ᠦᠨᠡᠨ ᠬᠦ ᠣᠷᠣᠭᠤᠯᠵᠤ ᠲᠥᠯᠥᠪᠵᠢᠭᠦᠯᠦᠨ ᠬᠡᠷᠡᠭᠵᠢᠭᠦᠯᠪᠡ᠃             ᠪᠠᠶᠢᠭᠠᠯᠢ ᠶᠢᠨ ᠵᠢᠮ᠎ᠡ ᠶᠣᠰᠣ ᠶᠢ ᠴᠢᠩᠭ᠎ᠠ ᠵᠢᠷᠤᠮᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠎ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠡᠷᠢᠭᠦᠨ ᠤ ᠰᠢᠨᠵᠢᠯᠡᠬᠦ ᠤᠬᠠᠭᠠᠨᠴᠢ ᠲᠸᠭᠨᠢᠭ ᠮᠡᠷᠭᠡᠵᠢᠯ ᠢ ᠴᠢᠷᠮᠠᠶᠢᠨ ᠰᠦᠪᠡᠭᠴᠢᠯᠡᠵᠦ ᠳᠡᠯᠭᠡᠷᠡᠭᠦᠯᠦᠨ ᠬᠡᠷᠡᠭᠯᠡᠪᠡ᠃ ︽ᠬᠤᠶᠠᠷ ᠮᠥᠷ ᠨᠢᠭᠡ ᠪᠦᠰᠡ︾᠂ ᠠᠮᠢᠳᠤ ᠪᠣᠳᠠᠰ ᠤᠨ ᠠᠵᠤ ᠠᠬᠤᠢ ᠶᠢᠨ ᠲᠣᠭᠤᠷᠢᠭ᠂ ᠤᠷᠭᠤᠮᠠᠯ ᠤᠨ ᠳᠠᠭᠢᠨ ᠤᠷᠭᠤᠬᠤ ᠡᠯᠡᠰᠦᠨ ᠬᠠᠯᠬᠠᠪᠴᠢ᠂ ᠡᠯᠡᠰᠦᠨ ᠴᠦᠯ ᠢ ᠡᠮᠵᠢᠶᠡᠷᠢᠯᠡᠬᠦ ᠣᠢ ᠵᠡᠷᠭᠡ 12 ᠵᠦᠢᠯ ᠤᠨ ᠶᠡᠷᠦᠩᠬᠡᠶᠢᠯᠡᠭᠰᠡᠨ ᠡᠯᠡᠰᠦ ᠵᠠᠰᠠᠬᠤ ᠵᠠᠭᠪᠤᠷ ᠵᠢᠴᠢ ᠮᠠᠰᠢᠨ ᠢᠶᠠᠷ ᠨᠦᠬᠡᠯᠡᠵᠦ ᠣᠶᠢᠵᠢᠭᠤᠯᠬᠤ᠂ ᠦᠨᠳᠦᠰᠦ ᠶᠢ ᠨᠢ ᠬᠢᠵᠠᠭᠠᠷᠯᠠᠨ ᠣᠶᠢᠵᠢᠭᠤᠯᠬᠤ ᠵᠡᠷᠭᠡ 10 ᠭᠠᠷᠤᠢ ᠵᠦᠢᠯ ᠤᠨ ᠭᠠᠩ ᠬᠠᠭᠰᠠᠷᠠᠭᠠᠨ ᠲᠠᠢ ᠲᠡᠮᠡᠴᠡᠨ ᠣᠶᠢᠵᠢᠭᠤᠯᠤᠯᠲᠠ ᠬᠢᠬᠦ ᠡᠯᠡᠰᠦ ᠶᠢ ᠵᠠᠰᠠᠬᠤ ᠮᠡᠷᠭᠡᠵᠢᠯ ᠢ ᠳ᠋ᠦᠩᠨᠡᠨ ᠳᠡᠯᠭᠡᠷᠡᠭᠦᠯᠪᠡ᠃ ᠨᠤᠲᠤᠭ ᠳᠡᠪᠢᠰᠬᠡᠷ ᠢ ᠨᠣᠭᠤᠭᠠᠷᠠᠭᠤᠯᠬᠤ ᠶᠠᠪᠤᠴᠠ ᠳᠤ ᠤᠰᠤ ᠠᠷᠪᠢᠯᠠᠬᠤ ᠥᠨᠳᠥᠷ ᠦᠷ᠎ᠡ ᠠᠰᠢᠭ ᠪᠦᠬᠦᠢ ᠣᠢ ᠰᠢᠭᠤᠢ ᠶᠢᠨ ᠦᠢᠯᠡᠰ ᠢ ᠶᠡᠭᠡ ᠪᠠᠷ ᠬᠥᠭᠵᠢᠭᠦᠯᠵᠦ᠂ ᠤᠳᠠ ᠤᠯᠢᠶᠠᠰᠤ ᠬᠠᠶᠢᠯᠠᠰᠤ᠂ ᠵᠢᠭᠠᠷᠲᠤ ᠨᠠᠷᠠᠰᠤ᠂ ᠪᠠᠲᠤᠴᠠᠭᠠᠨ ᠵᠡᠷᠭᠡ ᠰᠥᠷᠬᠦ ᠴᠢᠨᠠᠷ ᠢᠶᠠᠷ ᠨᠡᠯᠢᠶᠡᠳ ᠴᠢᠩᠭ᠎ᠠ ᠰᠢᠯᠢᠳᠡᠭ ᠰᠠᠶᠢᠨ ᠨᠤᠲᠤᠭ ᠤᠨ ᠮᠣᠳᠣᠨ ᠤ ᠲᠥᠷᠥᠯ ᠢ ᠠᠯᠢ ᠴᠢᠳᠠᠬᠤ ᠪᠠᠷ ᠰᠣᠩᠭᠤᠨ ᠬᠡᠷᠡᠭᠯᠡᠭᠰᠡᠨ ᠪᠠᠶᠢᠨ᠎ᠠ᠃             ᠵᠠᠰᠠᠬᠤ ᠪᠠ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠪᠠ᠃ ᠣᠢ ᠰᠢᠭᠤᠢ ᠶᠢᠨ ᠡᠬᠢ ᠪᠠᠶᠠᠯᠢᠭ ᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ 300 ᠭᠠᠷᠤᠢ ᠲᠦᠮᠡᠨ ᠮᠦ ᠣᠶᠢᠲᠤ ᠭᠠᠵᠠᠷ ᠢ ᠰᠡᠷᠭᠦᠭᠡᠨ ᠣᠶᠢᠵᠢᠭᠤᠯᠪᠠ; ᠨᠡᠶᠢᠲᠡ ᠶᠢᠨ ᠠᠰᠠᠷᠠᠮᠵᠢ ᠶᠢᠨ ᠣᠢ ᠶᠢᠨ ᠨᠥᠬᠦᠪᠦᠷᠢ ᠣᠯᠭᠤᠬᠤ ᠲᠠᠯᠠᠪᠠᠢ ᠶᠢ 1089 ᠲᠦᠮᠡᠨ ᠮᠦ ᠬᠤᠪᠢᠶᠠᠷᠢᠯᠠᠨ ᠲᠣᠭᠲᠠᠭᠠᠵᠤ᠂ ᠪᠦᠭᠦ ᠬᠤᠲᠠ ᠶᠢᠨ ᠣᠢ ᠰᠢᠭᠤᠢ ᠶᠢᠨ ᠲᠠᠯᠠᠪᠠᠢ ᠶᠢᠨ 51.8%᠎ ᠶᠢ ᠡᠵᠡᠯᠡᠵᠦ᠂ ᠵᠢᠯ ᠪᠦᠷᠢ 15.7 ᠲᠦᠮᠡᠨ ᠡᠷᠦᠭᠡ᠂ 59.2 ᠲᠦᠮᠡᠨ ᠮᠠᠯᠴᠢᠨ ᠲᠠᠷᠢᠶᠠᠴᠢᠨ ᠳᠤ ᠰᠢᠭᠤᠳ ᠠᠰᠢᠭ ᠬᠦᠷᠲᠡᠭᠡᠪᠡ᠃             ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠷᠢᠳ ᠬᠤᠵᠢᠳ︽ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠢ ᠲᠣᠭᠲᠠᠭᠠᠯ︾᠂ ︽ᠲᠦᠩᠯᠢᠶᠣᠣ ᠬᠤᠲᠠ ᠶᠢᠨ ᠬᠠᠨ ᠠᠭᠤᠯᠠ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾᠎ ᠢ ᠨᠡᠶᠢᠲᠡᠯᠡᠵᠦ᠂ ᠨᠡᠶᠢᠳᠡ 1000 ᠲᠦᠮᠡᠨ ᠮᠦ ᠪᠦᠬᠦᠢ 66 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠵᠤ᠂ ᠪᠦᠭᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢᠨ 1/8᠎ ᠶᠢ ᠡᠵᠡᠯᠡᠪᠡ᠃ ᠡᠭᠦᠨ ᠳᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ 2᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ 4 ᠪᠠᠶᠢᠭᠤᠯᠵᠤ᠂ ᠣᠢ ᠰᠢᠭᠤᠢ ᠶᠢᠨ ᠴᠡᠴᠡᠷᠯᠢᠭ ᠢ 10᠂ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠤᠨ ᠲᠤᠷᠰᠢᠯᠲᠠ ᠶᠢᠨ ᠴᠡᠭ ᠢ 3᠂ ᠤᠯᠤᠰ ᠤᠨ ᠡᠯᠡᠰᠦᠨ ᠴᠦᠯ ᠤᠨ ᠴᠡᠴᠡᠷᠯᠢᠭ ᠢ 2 ᠪᠠᠶᠢᠭᠤᠯᠵᠠᠢ᠃ ᠬᠠᠨ ᠠᠭᠤᠯᠠ᠂ ᠴᠦᠩᠬᠦᠯ ᠤᠨ ᠭᠤᠣ᠂ ᠤᠰᠤᠲᠤ᠂ ᠯᠤᠤᠬ᠎ᠠ ᠶᠢᠨ ᠭᠤᠣᠯ ᠤᠨ ᠡᠮᠦᠨ᠎ᠡ ᠡᠷᠭᠢ ᠶᠢᠨ ᠡᠯᠡᠰᠦᠨ ᠪᠦᠰᠡ᠂ ᠤᠳᠠᠨᠲᠠᠯ᠎ᠠ ᠵᠡᠷᠭᠡ 5 ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠦᠭᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠪᠡ᠃ ᠡᠨᠡ ᠵᠢᠯ ᠤᠨ 3 ᠰᠠᠷ᠎ᠠ ᠠᠴᠠ ᠪᠠᠰᠠ ︽ᠲᠦᠩᠯᠢᠶᠣᠣ ᠬᠤᠲᠠ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠳᠦᠷᠢᠮ︾᠎ ᠢ ᠬᠡᠷᠡᠭᠵᠢᠭᠦᠯᠦᠭᠰᠡᠨ ᠪᠠᠶᠢᠨ᠎ᠠ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号