﹇ᠴᠥᠯᠵᠢᠯᠲᠡ ᠶᠢᠨ ᠵᠠᠰᠠᠯᠲᠠ﹈ ᠮᠠᠨ ᠤ ᠣᠷᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠰᠢᠪᠲᠤᠯᠤᠯᠲᠠ ᠶᠢᠨ ᠴᠢᠭᠯᠡᠯ ᠢ ᠲᠣᠭᠲᠠᠭᠠᠪᠠ
ᠨᠡᠶᠢᠲᠡᠯᠡᠭᠰᠡᠨ ᠴᠠᠭ᠄
2024/5/15
      ᠬᠥᠭᠵᠢᠯᠲᠦ             ᠡᠨᠡ ᠵᠢᠯ ᠤᠨ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠬᠤᠳᠠ ᠳᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠎ ᠳᠠᠭᠠᠨ᠂︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠵᠠᠰᠠᠯᠲᠠ ᠶᠢᠨ ᠭᠤᠣᠯᠳᠠᠯᠭ᠎ᠠ ᠶᠢ ᠲᠣᠪᠤᠶᠢᠯᠭᠠᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠤ᠂ ᠪᠢᠳᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶᠢᠯᠠᠨ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃             ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠠᠲᠤᠨ ᠭᠤᠣᠯ ᠤᠨ︿ᠶᠡᠭᠡ ᠲᠣᠬᠤᠢ﹀᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠬᠤᠷᠴᠢᠨ ᠤ ᠡᠯᠡᠰᠦᠷᠬᠡᠭ ᠭᠠᠵᠠᠷ᠂ ᠬᠤᠯᠠᠨ ᠰᠢᠷᠭ᠎ᠠ ᠲᠠᠭ᠎ᠠ ᠎ ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠭᠤᠣᠯ ᠲᠠᠯᠠᠪᠤᠷ ᠨᠢ ᠮᠠᠨ ᠤ ᠣᠷᠣᠨ ᠳᠤ ᠪᠠᠶᠢᠵᠤ᠂ ᠾᠧ ᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠴᠦ ᠮᠠᠨ ᠤ ᠣᠷᠣᠨ ᠤ ᠬᠡᠰᠡᠭ ᠭᠠᠵᠠᠷ ᠣᠷᠣᠨ ᠢ ᠬᠠᠮᠤᠷᠴᠤ ᠪᠠᠶᠢᠨ᠎ᠠ᠃ ᠲᠦᠷᠦᠭᠦᠬᠡᠨ ᠳᠤ ᠪᠦᠭᠦ ᠣᠷᠣᠨ ᠤ ︿ᠤᠮᠠᠷᠠᠲᠤ ᠶᠢᠨ ᠭᠤᠷᠪᠠᠨ ᠣᠷᠣᠨ﹀ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠨᠢᠭᠡᠨᠲᠡ ᠮᠠᠨ ᠤ ᠣᠷᠣᠨ ᠤ ︿ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ﹀᠎ ᠢ ᠬᠢᠨᠠᠨ ᠵᠥᠪᠯᠡᠵᠦ ᠪᠠᠲᠤᠯᠠᠪᠠ︾ᠭᠡᠵᠦ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦ ᠮᠠᠩᠬ᠎ᠠ ᠶᠢ ᠵᠠᠰᠠᠵᠤ ᠣᠶᠢᠵᠢᠭᠤᠯᠬᠤ ᠭᠠᠵᠠᠷ ᠤᠨ ᠳᠡᠳ᠋ ᠳᠠᠷᠤᠭ᠎ᠠ ᠳᠠᠯᠢᠨᠭᠦᠦ ᠮᠠᠨ ᠤ ᠣᠷᠣᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠤᠨ ᠭᠤᠣᠯ ᠠᠭᠤᠯᠭ᠎ᠠ ᠶᠢ ᠨᠢᠭᠡᠳ ᠨᠢᠭᠡ ᠪᠠᠷ ᠰᠣᠩᠭᠤᠨ ᠲᠠᠨᠢᠯᠴᠠᠭᠤᠯᠪᠠ᠃             ᠬᠠᠲᠤᠨ ᠭᠤᠣᠯ ᠤᠨ ︽ᠶᠡᠭᠡ ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠮᠠᠨ ᠤ ᠣᠷᠣᠨ ᠤ 7 ᠠᠶᠢᠮᠠᠭ ᠬᠤᠲᠠ᠂ 35 ᠬᠤᠰᠢᠭᠤ ᠰᠢᠶᠠᠨ ︵ᠬᠤᠲᠠ᠂ ᠲᠣᠭᠤᠷᠢᠭ︶᠎ ᠲᠠᠢ ᠬᠤᠯᠪᠣᠭᠳᠠᠨ᠎ᠠ᠃ ᠠᠳᠡ ᠭᠤᠣᠯᠳᠠᠭᠤ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠵᠠᠰᠠᠨ ᠰᠡᠷᠭᠦᠭᠡᠬᠦ ᠶᠢ ᠬᠠᠷᠢᠯᠴᠠᠨ ᠤᠶᠠᠯᠳᠤᠭᠤᠯᠵᠤ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠬᠠᠳᠤᠨ ᠭᠤᠣᠯ ᠳᠤ ᠤᠷᠤᠰᠤᠨ ᠣᠷᠣᠬᠤ ᠡᠯᠡᠰᠦ ᠰᠢᠷᠣᠢ ᠶᠢ ᠪᠠᠭᠠᠰᠬᠠᠬᠤ ᠪᠠᠷ ᠭᠤᠣᠯ ᠰᠢᠪᠲᠤᠯᠤᠯᠲᠠ ᠪᠣᠯᠭᠠᠨ᠂ ᠤᠯᠠᠭᠠᠨᠪᠤᠬ᠎ᠠ ᠶᠢᠨ ᠡᠯᠡᠰᠦ᠂ ᠬᠥᠪᠴᠢ ᠶᠢᠨ ᠡᠯᠡᠰᠦ ᠂ ᠮᠤᠤᠠᠤᠰᠤ ᠶᠢᠨ ᠡᠯᠡᠰᠦᠷᠬᠡᠭ ᠭᠠᠵᠠᠷ ᠲᠤ ᠬᠦᠴᠦ ᠪᠠᠨ ᠲᠠᠯᠪᠢᠵᠤ᠂ ᠡᠯᠡᠰᠦᠨ ᠴᠦᠯ ᠢ ᠡᠮᠵᠢᠶᠡᠷᠢᠯᠡᠬᠦ ᠤᠢ ᠡᠪᠡᠰᠦᠨ ᠤ ᠪᠦᠰᠡ ᠶᠢ ᠵᠠᠰᠠᠵᠤ ᠰᠡᠷᠭᠦᠭᠡᠬᠦ ᠶᠢ ᠭᠤᠣᠯᠳᠠᠯᠭ᠎ᠠ ᠲᠠᠢ ᠥᠷᠨᠢᠭᠦᠯᠬᠦ ᠶᠢᠨ ᠬᠠᠮᠲᠤ᠂ ᠡᠯᠡᠰᠦᠨ ᠴᠦᠯ ᠢ ᠡᠮᠵᠢᠶᠡᠷᠢᠯᠡᠬᠦ ᠤᠢ ᠡᠪᠡᠰᠦᠨ ᠤ ᠪᠦᠰᠡ ᠶᠢ ᠡᠯᠡᠰᠦᠨ ᠴᠦᠯ ᠤᠨ ᠥᠷᠥᠴᠡ ᠭᠠᠵᠠᠷ ᠲᠡᠶᠢᠰᠢ ᠠᠯᠬᠤᠮ ᠠᠯᠬᠤᠮ ᠢᠶᠠᠷ ᠦᠷᠭᠡᠳᠭᠡᠨ᠎ᠠ; ᠬᠠᠲᠤᠨ ᠭᠤᠣᠯ ᠤᠨ ᠡᠷᠭᠢ ᠳᠠᠭᠠᠤ ᠶᠢᠨ ᠤᠰᠤ ᠰᠢᠷᠣᠢ ᠶᠢᠨ ᠢᠳᠡᠭᠳᠡᠯ ᠤᠨ ᠣᠷᠣᠨ ᠪᠣᠯᠣᠨ ᠠᠷᠪᠠᠨ ᠶᠡᠭᠡ ᠬᠥᠨᠳᠡᠢ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠤᠰᠤ ᠰᠢᠷᠣᠢ ᠶᠢᠨ ᠢᠳᠡᠭᠳᠡᠯ ᠢ ᠬᠢᠵᠠᠭᠠᠷᠯᠠᠨ᠂ ᠬᠠᠲᠤᠨ ᠭᠤᠣᠯ ᠳᠤ ᠤᠷᠤᠰᠤᠨ ᠣᠷᠣᠬᠤ ᠡᠯᠡᠰᠦ ᠰᠢᠷᠣᠢ ᠶᠢ ᠪᠠᠭᠠᠰᠬᠠᠨ᠎ᠠ; ᠪᠣᠷᠣᠳᠣᠬᠤᠢ ᠶᠢᠨ ᠲᠠᠯ᠎ᠠ ᠭᠠᠵᠠᠷ ᠪᠣᠯᠣᠨ ᠲᠦᠮᠡᠳ ᠤᠨ ᠲᠠᠯ᠎ᠠ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠵᠢᠷᠯᠢᠭ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠷᠢᠶᠠᠨ ᠭᠠᠵᠠᠷ ᠤᠨ ᠤᠢ ᠰᠢᠭᠤᠢ ᠶᠢᠨ ᠪᠦᠰᠡ ᠶᠢ ᠨᠡᠮᠡᠭᠳᠡᠭᠦᠯᠵᠦ᠂ ᠬᠥᠷᠥᠰᠥ ᠰᠢᠷᠣᠢ ᠶᠢᠨ ᠡᠯᠡᠰᠦᠷᠬᠡᠭᠵᠢᠬᠦ ᠬᠠᠨᠳᠤᠰᠢ ᠶᠢ ᠬᠤᠷᠢᠭᠯᠠᠨ᠂ ᠬᠠᠲᠤᠨ ᠭᠤᠣᠯ ᠤᠨ ︽ᠶᠡᠭᠡ ᠲᠣᠬᠤᠢ︾᠎ ᠶᠢᠨ ᠠᠵᠤ ᠠᠬᠤᠢ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠶᠢᠨ ᠲᠤᠯᠭᠠᠭᠤᠷᠢᠯᠠᠯ ᠬᠠᠩᠭᠠᠨ᠎ᠠ᠃             ᠬᠤᠷᠴᠢᠨ ᠤ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠨᠢ ᠮᠠᠨ ᠤ ᠣᠷᠣᠨ ᠤ 5 ᠠᠶᠢᠮᠠᠭ ᠬᠤᠲᠠ᠂ 39 ᠬᠤᠰᠢᠭᠤ ᠰᠢᠶᠠᠨ ︵ᠬᠤᠲᠠ᠂ ᠲᠣᠭᠤᠷᠢᠭ︶᠎ ᠲᠠᠢ ᠬᠤᠯᠪᠣᠭᠳᠠᠨ᠎ᠠ᠃ ᠠᠳᠡ ᠭᠤᠣᠯᠳᠠᠭᠤ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠴᠢᠨᠠᠷ ᠰᠠᠶᠢᠲᠠᠢ ᠪᠠᠷ ᠪᠦᠲᠦᠭᠡᠨ ᠪᠠᠶᠢᠭᠤᠯᠬᠤ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠲᠠᠰᠤᠯᠬᠤ ᠪᠠᠷ ᠭᠤᠣᠯ ᠰᠢᠪᠲᠤᠯᠤᠯᠲᠠ ᠪᠣᠯᠭᠠᠨ᠂ ᠵᠠᠰᠠᠭᠠᠳᠤᠢ ᠡᠯᠡᠰᠦᠷᠬᠡᠭᠵᠢᠭᠰᠡᠨ ᠭᠠᠵᠠᠷ ᠲᠤ ᠨᠡᠭᠦᠳᠡᠯ ᠡᠯᠡᠰᠦᠨ ᠤ ᠭᠦᠪᠡᠭᠡ ᠵᠠᠬ᠎ᠠ ᠪᠠᠷ ᠡᠯᠡᠰᠦᠨ ᠤ ᠬᠠᠯᠬᠠᠪᠴᠢ ᠪᠠᠶᠢᠷᠢᠯᠠᠭᠤᠯᠤᠨ ᠲᠤᠷᠤᠭ ᠮᠣᠳᠣ ᠪᠤᠲᠠᠯᠢᠭ ᠮᠣᠳᠣ ᠡᠪᠡᠰᠦ ᠤᠷᠭᠤᠮᠠᠯ ᠤᠨ ᠬᠠᠯᠬᠠᠪᠴᠢ ᠪᠦᠰᠡ ᠶᠢ ᠪᠤᠶ ᠪᠤᠯᠭᠠᠵᠤ᠂ ᠡᠯᠡᠰᠦᠷᠬᠡᠭ ᠭᠠᠵᠠᠷ ᠤᠨ ᠥᠷᠥᠴᠡᠨ ᠳᠤ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠠ; ᠨᠢᠭᠡᠨᠲᠡ ᠵᠠᠰᠠᠭᠰᠠᠨ ᠡᠯᠡᠰᠦᠷᠬᠡᠭᠵᠢᠭᠰᠡᠨ ᠭᠠᠵᠠᠷ ᠲᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠭᠤᠳᠠᠭᠰᠠᠨ ᠣᠶ ᠰᠢᠭᠤᠢ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠶᠢ ᠯᠠᠪᠳᠠᠭᠤᠨ ᠪᠠᠲᠤᠲᠠᠢ ᠥᠷᠨᠢᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠳᠡᠭᠡᠭᠰᠢᠯᠡᠭᠦᠯᠵᠦ᠂ ᠬᠥᠮᠥᠨ ᠬᠠᠷ᠎ᠠ ᠶᠢᠨ ᠡᠪᠳᠡᠭᠳᠡᠯ ᠎ ᠠᠴᠠ ᠪᠣᠯᠵᠤ ᠳᠠᠭᠢᠨ ᠨᠡᠭᠦᠳᠡᠯ ᠡᠯᠡᠰᠦ ᠪᠣᠯᠵᠤ ᠬᠤᠪᠢᠷᠠᠬᠤ ᠶᠢ ᠡᠷᠡᠰ ᠰᠡᠷᠭᠡᠶᠢᠯᠡᠨ᠎ᠡ᠃             ᠾᠧ ᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠨᠢ ᠠᠯᠠᠱᠠ ᠪᠠᠷᠠᠭᠤᠨ ᠬᠤᠰᠢᠭᠤ ᠪᠠ ᠡᠵᠡᠨ᠎ᠡ ᠬᠤᠰᠢᠭᠤᠨ ᠳᠤ ᠬᠤᠯᠪᠣᠭᠳᠠᠨ᠎ᠠ᠃ ᠮᠠᠨ ᠤ ᠣᠷᠣᠨ ᠠᠳᠡ ᠭᠤᠣᠯᠳᠠᠭᠤ ᠪᠠᠳᠠᠢ ᠶᠢᠨ ᠵᠢᠷᠠᠨ ᠪᠠ ᠲᠡᠭᠷᠢ ᠡᠯᠡᠰᠦ ᠶᠢᠨ ᠭᠦᠪᠡᠭᠡ ᠵᠠᠬ᠎ᠠ ᠵᠢᠴᠢ ᠨᠣᠭᠤᠭᠠᠨ ᠪᠦᠷᠢᠳᠦ ᠶᠢᠨ ᠬᠥᠪᠡᠭᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠪᠤᠲᠠᠯᠢᠭ ᠮᠣᠳᠣ ᠡᠪᠡᠰᠦ ᠤᠷᠭᠤᠮᠠᠯ ᠢᠶᠠᠷ ᠭᠤᠣᠯ ᠪᠤᠯᠭᠠᠬᠰᠠᠨ ᠡᠯᠡᠰᠦᠨ ᠴᠦᠯ ᠢ ᠡᠮᠵᠢᠶᠡᠷᠢᠯᠡᠬᠦ ᠬᠠᠯᠬᠠᠪᠴᠢ ᠪᠦᠰᠡ ᠶᠢ ᠲᠦᠷᠭᠡᠳᠬᠡᠨ ᠪᠠᠶᠢᠭᠤᠯᠵᠤ᠂ ᠡᠯᠡᠰᠦᠨ ᠴᠥᠯ ᠤᠨ ᠨᠣᠭᠤᠭᠠᠨ ᠪᠦᠷᠢᠳᠦ ᠶᠢᠨ ᠠᠮᠢ ᠠᠬᠤᠢ ᠶᠢ ᠬᠠᠮᠠᠭᠠᠯᠠᠨ᠎ᠠ; ᠶᠠᠪᠠᠷᠠᠢ ᠠᠭᠤᠯᠠ ᠶᠢᠨ ᠭᠤᠷᠪᠠᠨ ᠶᠡᠭᠡ ᠰᠠᠯᠬᠢᠨ ᠤ ᠠᠮᠠ ᠪᠣᠯᠣᠨ ᠪᠠᠷᠠᠭᠤᠨ ᠲᠠᠯ᠎ᠠ ᠶᠢᠨ ᠪᠠᠳᠠᠢ ᠶᠢᠨ ᠵᠢᠷᠠᠨ ᠤ ᠡᠯᠡᠰᠦ ᠶᠢᠨ ᠡᠮᠦᠨ᠎ᠡ ᠵᠠᠬ᠎ᠠ ᠵᠢᠴᠢ ᠡᠷᠭᠢᠨ ᠲᠣᠭᠤᠷᠢᠨ ᠤ ᠮᠤᠵᠢ ᠣᠷᠣᠨ ᠲᠠᠢ ᠵᠠᠬ᠎ᠠ ᠨᠡᠶᠢᠯᠡᠵᠦ ᠪᠠᠶᠢᠭ᠎ᠠ ᠭᠠᠵᠠᠷ ᠲᠤ ᠡᠯᠡᠰᠦ ᠰᠠᠯᠬᠢ ᠶᠢ ᠬᠤᠷᠢᠭᠯᠠᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠡᠯᠡᠰᠦᠨ ᠴᠦᠯ ᠤᠨ ᠥᠷᠭᠡᠳᠬᠦ ᠶᠢ ᠪᠦᠭᠦ ᠲᠠᠯ᠎ᠠ ᠪᠠᠷ ᠭᠢᠵᠠᠭᠠᠷᠯᠠᠨ᠎ᠠ; ᠪᠠᠳᠠᠢ ᠶᠢᠨ ᠵᠢᠷᠠᠨ ᠪᠠ ᠲᠡᠭᠷᠢ ᠡᠯᠡᠰᠦ ᠶᠢᠨ ᠠᠭᠤᠯᠵᠠᠷ ᠭᠠᠵᠠᠷ ᠲᠤ ᠡᠯᠡᠰᠦᠨ ᠴᠦᠯ ᠢ ᠡᠮᠵᠢᠶᠡᠷᠢᠯᠡᠵᠦ ᠡᠯᠡᠰᠦ ᠶᠢ ᠲᠣᠭᠲᠠᠪᠤᠷᠢᠵᠢᠭᠤᠯᠬᠤ ᠣᠶ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠪᠣᠯᠣᠨ ᠡᠯᠡᠰᠦ ᠰᠠᠯᠬᠢᠨ ᠤ ᠠᠮᠠ ᠎ ᠶᠢᠨ ᠵᠠᠰᠠᠯᠲᠠ ᠶᠢ ᠴᠢᠩᠭᠠᠳᠬᠠᠵᠤ᠂ ᠬᠤᠶᠠᠷ ᠶᠡᠭᠡ ᠡᠯᠡᠰᠦ ᠶᠢ ᠰᠠᠯᠭᠠᠨ᠎ᠠ᠃       -    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号