﹇ᠴᠥᠯᠵᠢᠯᠲᠡ ᠶᠢᠨ ᠵᠠᠰᠠᠯᠲᠠ﹈ 18 ᠵᠢᠯ ᠡᠯᠡᠰᠦᠨ ᠴᠥᠯ ᠳᠤ ᠴᠥᠬᠦᠷᠡᠰᠢ ᠦᠭᠡᠢ ᠣᠶᠢᠵᠢᠭᠤᠯᠤᠯᠲᠠ ᠬᠢᠵᠦ ᠭᠠᠨᠳᠠᠷᠢ ᠠᠭᠤᠯᠠᠨ ᠤ ᠣᠢ ᠰᠢᠭᠤᠢ ᠶᠢᠨ ᠪᠦᠷᠬᠦᠴᠡ ᠶᠢᠨ ᠨᠤᠷᠮ᠎ᠠ 0 ᠪᠠᠶᠢᠭᠰᠠᠨ ᠠᠴᠠ ᠪᠠᠨ 54.6%᠎ ᠳᠤ ᠬᠦᠷᠴᠡᠢ
ᠨᠡᠶᠢᠲᠡᠯᠡᠭᠰᠡᠨ ᠴᠠᠭ᠄
2024/5/15
                            - ᠬᠤᠤ  ᠪᠢᠶᠥᠥ       ᠭᠠᠨᠳᠠᠷᠢ ᠠᠭᠤᠯᠠ ᠦᠬᠠᠢ ᠬᠤᠲᠠ ᠳᠤ ᠰᠦᠨᠳᠡᠷᠯᠡᠵᠦ᠂ ᠪᠦᠭᠦ ᠬᠤᠲᠠ ᠶᠢᠨ ᠬᠠᠮᠤᠭ ᠤᠨ ᠥᠨᠳᠥᠷ ᠴᠡᠭ ᠪᠣᠯᠣᠨ᠎ᠠ᠃ ᠡᠨᠡ ᠠᠭᠤᠯᠠ ᠶᠢ ᠣᠶᠢᠵᠢᠭᠤᠯᠤᠭᠰᠠᠨ ᠥᠯᠢᠭᠡᠷ ᠨᠢ ᠨᠠᠩ ᠴᠤ ᠦᠬᠠᠢ ᠬᠤᠳᠠ ᠶᠢᠨ ᠠᠷᠠᠳ ᠲᠦᠮᠡᠨ ᠎ ᠤ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠶᠡᠭᠡ ᠪᠠᠷ ᠪᠠᠳᠠᠷᠠᠭᠤᠯᠵᠤ᠂ ᠴᠥᠬᠦᠷᠡᠰᠢ ᠦᠭᠡᠢ ᠲᠡᠮᠡᠴᠡᠨ᠂ ᠡᠯᠡᠰᠦᠨ ᠴᠥᠯ ᠢ ᠨᠣᠭᠤᠭᠠᠨ ᠪᠦᠷᠢᠳᠦ ᠪᠤᠯᠭᠠᠬᠤ ᠪᠠᠷ ᠲᠠᠩᠭᠠᠷᠢᠭ ᠡᠷᠭᠦᠨ ᠪᠡᠶᠡᠯᠡᠭᠦᠯᠦᠭᠰᠡᠨ ᠦᠨᠡᠨ ᠪᠣᠳᠠᠲᠠᠢ ᠦᠢᠯᠡ ᠶᠠᠪᠤᠳᠠᠯ ᠪᠤᠯᠬᠤ ᠶᠤᠮ᠃             ᠨᠠᠮᠤᠷ ᠤᠨ ᠨᠠᠷᠠᠨ ᠳᠤ ᠥᠪᠴᠢ ᠳᠡᠯᠡᠬᠡᠢ ᠰᠢᠵᠢᠷᠳᠡᠨ ᠰᠢᠷᠭᠠᠯᠲᠤᠵᠤ᠂ ᠭᠠᠨᠳᠠᠷᠢ ᠠᠭᠤᠯᠠ ᠨᠣᠮᠢᠨ ᠨᠣᠭᠤᠭᠠᠨ ᠢᠶᠠᠷ ᠬᠤᠴᠢᠭᠳᠠᠨ᠂ ᠤᠢ ᠮᠣᠳᠣ ᠬᠥᠬᠡᠷᠡᠨ ᠨᠣᠭᠤᠭᠠᠷᠠᠵᠤ᠂ ᠠᠭᠤᠯᠠᠨ ᠳᠤᠮᠳᠠᠭᠤᠷ ᠠᠯᠬᠤᠯᠠᠬᠤ ᠳᠤ ᠴᠡᠭᠡᠵᠢ ᠠᠭᠤᠵᠢᠷᠠᠨ ᠰᠡᠳᠬᠢᠯ ᠲᠡᠨᠡᠶᠢᠨ᠎ᠡ᠃ ᠠᠭᠤᠯᠠ ᠶᠢᠨ ᠪᠡᠯ ᠠᠴᠠ ᠪᠠᠷᠠᠭᠤᠨᠰᠢ ᠪᠠᠷᠠᠯᠠᠪᠠᠯ᠂ ᠬᠡᠰᠡᠭ ᠬᠡᠰᠡᠭ ᠮᠣᠳᠣᠳ ᠨᠢ ᠨᠣᠭᠤᠭᠠᠨ ᠬᠡᠪᠢᠰ ᠰᠢᠭ ᠦᠷᠭᠦᠯᠵᠢᠯᠡᠨ ᠦᠬᠠᠢ ᠨᠠᠭᠤᠷ ᠤᠨ ᠬᠥᠪᠡᠭᠡᠨ ᠳᠤ ᠭᠦᠷᠦᠨ᠎ᠡ᠃ ᠥᠨᠥᠳᠥᠷ ᠎ ᠤᠨ ᠡᠨᠡ ᠬᠦ ᠨᠢᠳᠦ ᠪᠠᠶᠠᠰᠬᠠᠭᠰᠠᠨ ᠦᠵᠡᠮᠵᠢ ᠪᠠᠶᠢᠳᠠᠯ ᠢ ᠬᠠᠷᠠᠭᠠᠳ 20 ᠭᠠᠷᠤᠢ ᠵᠢᠯ ᠤᠨ ᠡᠮᠦᠨ᠎ᠡ ᠠᠳᠡ ᠬᠠᠮᠠᠷ ᠬᠠᠳᠬᠤᠬᠤ ᠡᠪᠡᠰᠦ ᠦᠭᠡᠢ ᠡᠯᠡᠰᠦᠨ ᠴᠥᠯ ᠪᠠᠶᠢᠭᠰᠠᠨ ᠭᠡᠪᠡᠯ ᠢᠲᠡᠭᠡᠵᠦ ᠶᠠᠳᠠᠮᠠᠷ ᠶᠤᠮ᠃             ᠭᠠᠨᠳᠠᠷᠢ ᠠᠭᠤᠯᠠᠨ ᠤ ᠠᠮᠢ ᠠᠬᠤᠢ ᠶᠢᠨ ᠵᠠᠰᠠᠯᠲᠠ ᠶᠢᠨ ᠣᠷᠣᠨ ᠢ 20 ᠵᠢᠯ ᠤᠨ ᠡᠮᠦᠨ᠎ᠡ ᠴᠠᠭᠠᠨ ᠳᠤᠭᠤᠢ ᠲᠣᠬᠤᠢ ᠭᠡᠵᠦ ᠨᠡᠷᠡᠯᠡᠵᠤ ᠪᠠᠶᠢᠪᠠ᠃ ᠡᠨᠡ ᠪᠣᠯ ᠤᠯᠠᠭᠠᠨᠪᠤᠬ᠎ᠠ ᠶᠢᠨ ᠡᠯᠡᠰᠦ ᠬᠠᠲᠤᠨ ᠭᠤᠣᠯ ᠢ ᠰᠤᠨᠳᠠᠯᠠᠨ ᠭᠠᠨᠳᠠᠷᠢ ᠠᠭᠤᠯᠠ ᠶᠢᠨ ᠬᠤᠷᠮᠣᠢ ᠳᠤ ᠬᠦᠷᠴᠦ ᠪᠤᠶ ᠪᠣᠯᠤᠭᠰᠠᠨ 20 ᠰᠢᠬᠠᠮ ᠲᠡᠭᠰᠢ ᠳᠥᠷᠪᠡᠯᠵᠢᠨ ᠺᠢᠯᠣᠮᠧᠲᠷ ᠤᠨ ᠨᠡᠭᠦᠳᠡᠯ ᠡᠯᠡᠰᠦᠷᠬᠡᠭ ᠭᠠᠵᠠᠷ ᠪᠣᠯᠣᠨ᠎ᠠ᠃ ᠶᠡᠭᠡ ᠰᠠᠯᠬᠢ ᠰᠠᠯᠬᠢᠯᠠᠬᠤ ᠪᠦᠷᠢ ᠡᠯᠡᠰᠦ ᠲᠣᠭᠤᠰᠣ ᠦᠬᠠᠢ ᠬᠤᠳᠠ ᠶᠢᠨ ᠬᠤᠳᠠ ᠶᠢᠨ ᠲᠣᠭᠤᠷᠢᠭ ᠢ ᠢᠪ ᠳᠠᠷᠤᠳᠠᠭ ᠪᠠᠶᠢᠭᠰᠠᠨ ᠮᠥᠷᠲᠡᠭᠡᠨ ᠴᠠᠭᠠᠨ ᠳᠤᠭᠤᠢ ᠲᠣᠬᠤᠢ ᠠᠴᠠ ᠰᠢᠭᠤᠳ ᠣᠷᠳᠣᠰ ᠤᠨ ᠥᠨᠳᠦᠷᠯᠢᠭ ᠲᠤ ᠬᠦᠷᠴᠦ᠂ ᠪᠠᠷᠠᠭᠤᠨ ᠬᠤᠶᠢᠲᠤ ᠣᠷᠣᠨ ᠪᠠ ᠤᠮᠠᠷᠠᠲᠤ ᠣᠷᠣᠨ ᠤ ᠠᠮᠢ ᠠᠬᠤᠢ ᠣᠷᠴᠢᠨ ᠲᠣᠭᠤᠷᠢᠨ ᠳᠤ ᠬᠦᠨᠳᠦ ᠨᠣᠴᠢᠲᠠᠢ ᠰᠦᠷᠳᠡᠭᠦᠯᠦᠯ ᠪᠣᠯᠵᠤ ᠪᠠᠶᠢᠵᠠᠢ᠃             2005 ᠣᠨ ᠤ ᠨᠠᠮᠤᠷ᠂ ᠦᠬᠠᠢ ᠬᠤᠳᠠ ᠭᠠᠨᠳᠠᠷᠢ ᠠᠭᠤᠯᠠ ᠶᠢᠨ ᠠᠮᠢ ᠠᠬᠤᠢ ᠶᠢᠨ ᠵᠠᠰᠠᠯᠲᠠ ᠶᠢ ᠵᠢᠩᠬᠢᠨᠢ ᠪᠠᠷ ᠡᠬᠢᠯᠡᠭᠦᠯᠪᠡ᠃             ᠯᠢᠦ ᠶᠦᠩ ᠱᠧᠩ ᠪᠣᠯ ᠦᠬᠠᠢ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠤᠢ ᠰᠢᠭᠤᠢ ᠨᠤᠲᠤᠭ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠯᠪᠠᠨ ᠭᠡᠷ ᠤᠨ ᠡᠷᠭᠢᠯᠡᠭᠴᠢ᠂ ᠮᠥᠨ ᠴᠦ ᠭᠠᠨᠳᠠᠷᠢ ᠠᠭᠤᠯᠠ ᠶᠢᠨ ᠠᠮᠢ ᠠᠬᠤᠢ ᠶᠢᠨ ᠵᠠᠰᠠᠯᠲᠠ ᠎ ᠶᠢᠨ ᠶᠠᠪᠤᠴᠠ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ ᠬᠥᠮᠥᠨ ᠤ ᠨᠢᠭᠡ ᠶᠤᠮ᠃ 18 ᠵᠢᠯ ᠤᠨ ᠲᠤᠷᠰᠢ᠂ ᠯᠢᠦ ᠶᠦᠩ ᠱᠧᠩ ᠤᠨ ᠤᠯᠠ ᠮᠥᠷ ᠭᠠᠨᠳᠠᠷᠢ ᠠᠭᠤᠯᠠ ᠪᠠᠷ ᠲᠦᠭᠡᠵᠦ᠂ ᠠᠳᠡᠬᠢ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠤᠷᠭᠤᠴᠠ ᠶᠢᠨ ᠨᠥᠬᠦᠴᠡᠯ᠂ ᠤᠢ ᠮᠣᠳᠣᠨ ᠤ ᠲᠦᠷᠦᠯ ᠪᠦᠲᠦᠴᠡ᠂ ᠤᠢ ᠮᠣᠳᠣᠨ ᠤ ᠤᠷᠭᠤᠴᠠ᠂ ᠭᠠᠵᠠᠷ ᠳᠣᠣᠷᠠᠬᠢ ᠤᠰᠤ ᠬᠠᠩᠭᠠᠬᠤ ᠬᠤᠭᠤᠯᠠᠢ ᠵᠡᠷᠭᠡ ᠪᠠᠶᠢᠳᠠᠯ ᠢ ᠲᠡᠷᠡ ᠪᠦᠷ ᠠᠯᠠᠭᠠᠨ ᠵᠢᠷᠤᠭᠠᠰᠤ ᠪᠠᠨ ᠰᠢᠭ᠋ ᠲᠣᠳᠣᠷᠬᠠᠢ ᠮᠡᠳᠡᠨ᠎ᠠ᠃ ᠠᠩᠬ᠎ᠠ ᠠᠳᠡ ᠢᠷᠡᠬᠦ ᠦᠶ᠎ᠡ ᠶᠢᠨ ᠪᠠᠶᠢᠳᠠᠯ ᠢᠶᠠᠨ ᠯᠢᠦ ᠶᠦᠩ ᠱᠧᠩ ᠣᠳᠣ ᠪᠤᠯᠲᠠᠯ᠎ᠠ ᠲᠣᠪ ᠲᠣᠳᠣᠷᠬᠠᠢ ᠴᠡᠭᠡᠵᠢᠯᠡᠭᠰᠡᠭᠡᠷ᠃ ︽ᠠᠩᠬ᠎ᠠ ᠢᠷᠡᠬᠦ ᠦᠶᠡᠰ ᠠᠳᠡ ᠵᠠᠮ ᠦᠭᠡᠢ ᠮᠥᠷᠲᠡᠭᠡᠨ ᠤᠰᠤ ᠦᠭᠡᠢ᠂ ᠶᠣᠰᠣᠲᠠᠢ ᠨᠡᠯᠦᠭᠡᠷ ᠶᠡᠭᠡ ᠡᠯᠡᠰᠦᠨ ᠴᠦᠯ ᠠᠴᠠ ᠥᠭᠡᠷ᠎ᠡ ᠶᠠᠭᠤ ᠴᠦ ᠠᠯᠠᠭ᠎ᠠ᠂ ᠦᠨᠡᠨ ᠢ ᠬᠡᠯᠡᠬᠦ ᠳᠤ ᠪᠢ ᠳᠣᠲᠣᠷ᠎ᠠ ᠪᠠᠨ ᠵᠢᠭᠠᠬᠠᠨ ᠵᠢᠷᠦᠬᠡᠰᠢᠶᠡᠵᠦ ᠪᠠᠶᠢᠭᠰᠠᠨ ᠶᠤᠮ︾ ᠭᠡᠵᠦ ᠯᠢᠦ ᠶᠦᠩ ᠱᠧᠩ ᠶᠠᠷᠢᠨ᠎ᠠ᠃ ᠶᠠᠭ ᠡᠶᠢᠮᠦ ᠪᠠᠶᠢᠭᠰᠠᠨ ᠪᠣᠯᠬᠤᠷ ᠲᠡᠭᠦᠨ ᠳᠤ ᠡᠨᠡ ᠭᠠᠵᠠᠷ ᠲᠤ ᠮᠣᠳᠣ ᠲᠠᠷᠢᠵᠦ ᠣᠶᠢᠵᠢᠭᠤᠯᠬᠤ ᠨᠢ ᠪᠡᠶᠡᠯᠡᠭᠦᠯᠵᠦ ᠳᠡᠶᠢᠯᠦᠰᠢ ᠦᠭᠡᠢ ᠶᠠᠪᠤᠳᠠᠯ ᠮᠡᠲᠦ ᠪᠤᠳᠤᠬᠳᠠᠵᠠᠢ᠃ ᠭᠡᠪᠡᠴᠦ ᠤᠳᠠᠯ ᠦᠭᠡᠢ ᠯᠢᠦ ᠶᠦᠩ ᠱᠧᠩ ᠠᠯᠢᠪᠠ ᠡᠷᠡᠭᠡᠯᠵᠡᠯ ᠢᠶᠠᠨ ᠲᠠᠶᠠᠭᠳᠠᠵᠤ ᠰᠡᠳᠬᠢᠯ ᠰᠢᠭᠤᠳᠤᠨ ᠠᠵᠢᠯ ᠳᠠᠭᠠᠨ ᠣᠷᠣᠪᠠ᠃             ᠬᠥᠮᠥᠨ ᠠᠮᠢᠳᠠᠨ ᠤ ᠪᠠᠷ᠎ᠠ ᠬᠠᠷᠠᠭᠳᠠᠬᠤ ᠦᠭᠡᠢ ᠡᠯᠡᠰᠦᠨ ᠴᠦᠯ ᠳᠤ ᠮᠣᠳᠣ ᠲᠠᠷᠢᠵᠤ ᠣᠶᠢᠵᠢᠭᠤᠯᠬᠤ ᠳᠤ ᠡᠷᠬᠡᠪᠰᠢ ᠵᠠᠮ᠂ ᠴᠠᠭᠢᠯᠭᠠᠨ᠂ ᠤᠰᠤ ᠨᠡᠪᠲᠡᠷᠡᠭᠦᠯᠬᠦ ᠵᠡᠷᠭᠡ ᠰᠠᠭᠤᠷᠢ ᠪᠠᠷᠢᠯᠭ᠎ᠠ ᠶᠢ ᠤᠷᠢᠳ ᠢᠶᠠᠷ ᠪᠡᠶᠡᠯᠡᠭᠦᠯᠬᠦ ᠬᠡᠷᠡᠭᠲᠡᠢ ᠶᠤᠮ᠃ ︽ᠲᠤᠬᠠᠢ ᠶᠢᠨ ᠦᠶ᠎ᠡ ᠳᠤ ᠲᠡᠷᠭᠡ ᠬᠦᠷᠴᠦ ᠳᠡᠶᠢᠯᠭᠦ ᠦᠭᠡᠢ ᠭᠠᠵᠠᠷ ᠲᠤ ᠪᠢᠳᠡ ᠶᠠᠪᠠᠭᠠᠨ ᠢᠶᠠᠷ ᠬᠠᠶᠢᠨ ᠪᠠᠶᠢᠴᠠᠭᠠᠯᠲᠠ ᠬᠢᠵᠦ᠂ ᠴᠠᠭ ᠢᠶᠠᠨ ᠠᠷᠪᠢᠯᠠᠬᠤ ᠶᠢᠨ ᠲᠥᠯᠥᠭᠡ ᠦᠳᠡ ᠣᠷᠣᠢ ᠳᠠᠭᠠᠨ ᠴᠦ ᠭᠡᠷ ᠲᠡᠭᠡᠨ ᠬᠠᠷᠢᠬᠤ ᠦᠭᠡᠢ ᠪᠠᠷ ᠡᠯᠡᠰᠦᠨ ᠴᠦᠯ ᠳᠤ ᠮᠠᠶᠢᠬᠠᠨ ᠪᠣᠰᠬᠠᠨ ᠰᠠᠭᠤᠵᠤ ᠪᠠᠶᠢᠭᠰᠠᠨ︾ ᠭᠡᠵᠦ ᠯᠢᠦ ᠶᠦᠩ ᠱᠧᠩ ᠬᠡᠯᠡᠨ᠎ᠡ᠃ ᠨᠢᠭᠡ ᠤᠳᠠᠭ᠎ᠠ ᠦᠳᠡ ᠶᠢᠨ ᠬᠤᠭᠤᠯᠠᠨ ᠤ ᠦᠶ᠎ᠡ ᠳᠤ ᠶᠡᠭᠡ ᠰᠠᠯᠬᠢ ᠳᠡᠭᠳᠡᠵᠦ᠂ ᠪᠣᠰᠬᠠᠭᠰᠠᠨ ᠮᠠᠶᠢᠬᠠᠨ ᠎ ᠨᠢ ᠰᠠᠯᠬᠢᠨ ᠳᠤ ᠬᠡᠶᠢᠰᠴᠢᠬᠡᠯ᠎ᠡ᠂ ᠲᠡᠷᠡ ᠬᠠᠮᠲᠤ ᠠᠵᠢᠯᠯᠠᠭᠴᠢ ᠲᠠᠢ ᠪᠠᠨ ᠬᠠᠷ᠎ᠠ ᠬᠤᠷᠳᠤ ᠪᠠᠷ ᠢᠶᠠᠨ ᠭᠦᠶᠦᠵᠦ ᠮᠠᠶᠢᠬᠠᠨ ᠢᠶᠠᠨ ᠣᠯᠣᠭᠠᠳ ᠢᠷᠡᠬᠦ ᠳᠤ ᠬᠤᠭᠤᠯᠠ ᠪᠤᠳᠠᠭᠠᠨ ᠳᠤᠨᠢ ᠴᠥᠮ ᠡᠯᠡᠰᠦ ᠬᠤᠯᠢᠭᠳᠠᠭᠰᠠᠨ ᠪᠠᠶᠢᠪᠠ᠃ ᠡᠶᠢᠮᠦᠷᠬᠦᠦ ᠶᠠᠪᠤᠳᠠᠯ ᠦᠷᠭᠦᠯᠵᠢ ᠲᠣᠬᠢᠶᠠᠯᠳᠤᠵᠤ᠂ ᠵᠠᠷᠢᠮ ᠬᠥᠮᠥᠨ ᠲᠡᠰᠴᠦ ᠲᠡᠶᠢᠯᠭᠦ ᠦᠭᠡᠢ ᠬᠠᠶᠠᠭᠠᠳ ᠶᠠᠪᠤᠭᠰᠠᠨ ᠪᠤᠯᠪᠠᠴᠤ ᠯᠢᠦ ᠶᠦᠩ ᠱᠧᠩ ᠬᠠᠲᠠᠭᠤ ᠵᠣᠷᠢᠭ ᠢ ᠪᠠᠷᠢᠨ ᠦᠯᠡᠳᠡᠵᠡᠢ᠃             ᠲᠤᠬᠠᠢ ᠶᠢᠨ ᠦᠶ᠎ᠡ ᠳᠤ ᠲᠦᠷᠦᠯ ᠵᠦᠢᠯ ᠤᠨ ᠲᠣᠭᠤᠷᠢᠭ ᠲᠠᠬᠢ ᠠᠩᠬᠠᠳᠠᠭᠴᠢ ᠡᠯᠡᠰᠦᠨ ᠲᠤᠪᠤ ᠶᠢ ᠲᠡᠭᠰᠢᠯᠡᠬᠦ ᠶᠢᠨ ᠲᠥᠯᠥᠭᠡ 6 ᠰᠢᠷᠣᠢ ᠲᠦᠯᠬᠢᠬᠦ ᠮᠠᠰᠢᠨ ᠢᠶᠠᠷ ᠪᠦᠲᠦᠨ 24 ᠡᠳᠦᠷ ᠠᠵᠢᠯᠯᠠᠪᠠ᠃ ᠤᠰᠤ ᠳᠠᠮᠵᠢᠭᠤᠯᠬᠤ ᠭᠤᠣᠯ ᠬᠤᠭᠤᠯᠠᠢ ᠶᠢ ᠳᠡᠪᠢᠰᠬᠦ ᠶᠢᠨ ᠲᠥᠯᠥᠭᠡ 16 ᠲᠣᠮᠣ ᠭᠡᠯᠪᠡᠷᠢ ᠶᠢᠨ ᠮᠠᠯᠲᠠᠭᠤᠷ ᠮᠠᠰᠢᠨ᠂ ᠰᠢᠷᠣᠢ ᠲᠦᠯᠬᠢᠬᠦ ᠮᠠᠰᠢᠨ ᠪᠠ ᠲᠡᠭᠡᠭᠡᠪᠦᠷᠢ ᠶᠢᠨ ᠮᠠᠰᠢᠨ ᠢᠶᠠᠷ 5 ᠰᠠᠷ᠎ᠠ ᠠᠵᠢᠯᠯᠠᠪᠠ᠃ ᠨᠢᠭᠡ ᠡᠪᠦᠯ ᠴᠢᠷᠮᠠᠶᠢᠭᠠᠳ ᠴᠠᠭᠠᠨ ᠳᠤᠭᠤᠢ ᠲᠣᠬᠤᠢ ᠳᠤ ᠵᠠᠮ᠂ ᠤᠰᠤ᠂ ᠴᠠᠭᠢᠯᠭᠠᠨ ᠴᠥᠮ ᠨᠡᠪᠲᠡᠷᠡᠵᠦ᠂ ᠶᠡᠭᠡ ᠬᠡᠪᠴᠢᠶ᠎ᠡ ᠪᠠᠷ ᠨᠣᠭᠤᠭᠠᠷᠠᠭᠤᠯᠤᠯᠲᠠ ᠬᠢᠬᠦ ᠰᠠᠭᠤᠷᠢ ᠶᠢ ᠲᠠᠯᠪᠢᠭᠰᠠᠨ ᠪᠠᠶᠢᠨ᠎ᠠ᠃             ᠰᠠᠯᠬᠢ ᠶᠡᠬᠡᠲᠡᠢ ᠡᠯᠡᠰᠦᠨ ᠴᠦᠯ ᠳᠤ ᠮᠣᠳᠣ ᠲᠠᠷᠢᠬᠤ ᠳᠤ ᠬᠦᠴᠢᠷᠳᠡᠯ ᠶᠡᠭᠡ ᠪᠠᠶᠢᠬᠤ ᠨᠢ ᠮᠡᠳᠡᠭᠡᠵᠢ ᠶᠢᠨ ᠤᠴᠢᠷ᠃ ᠭᠦᠪᠰᠤᠭᠡᠷ ᠵᠥᠭᠡᠯᠡᠨ ᠡᠯᠡᠰᠦᠨ ᠳᠤ ᠨᠦᠬᠡ ᠤᠬᠤᠬᠤ ᠳᠤ ᠡᠷᠭᠢᠨ ᠲᠣᠭᠤᠷᠢᠨ ᠤ ᠡᠯᠡᠰᠦ ᠨᠦᠭᠡᠨ ᠳᠤ ᠢᠪᠡᠷᠡᠨ ᠣᠷᠣᠵᠤ ᠢᠷᠡᠨ᠎ᠠ᠃ ᠡᠶᠢᠮᠦ ᠠᠴᠠ ᠡᠯᠡᠰᠦ ᠶᠢ ᠵᠠᠰᠠᠬᠤ ᠠᠵᠢᠯᠴᠢᠳ ᠤᠷᠢᠳ ᠢᠶᠠᠷ ᠭᠠᠵᠠᠷ ᠤᠨ ᠭᠠᠳᠠᠷᠭᠤ ᠎ ᠶᠢ ᠤᠰᠤᠯᠠᠨ ᠨᠣᠷᠭᠠᠵᠤ ᠳᠠᠷᠠᠭ᠎ᠠ ᠨᠢ ᠰᠠᠶ᠋ᠢ ᠨᠦᠬᠡ ᠤᠬᠤᠳᠠᠭ᠃ ᠮᠣᠳᠣᠨ ᠤ ᠲᠥᠷᠥᠯ ᠢ ᠰᠣᠩᠭᠤᠬᠤ ᠳᠠᠭᠠᠨ ᠴᠤ ᠭᠠᠩ ᠳᠤ ᠲᠡᠰᠪᠦᠷᠢᠲᠡᠢ᠂ ᠦᠨᠳᠦᠰᠦᠨ ᠤ ᠰᠢᠰᠲ᠋ᠧᠮ ᠨᠢ ᠬᠥᠭᠵᠢᠭᠰᠡᠨ ᠵᠢᠭᠠᠷᠲᠤ ᠨᠠᠷᠠᠰᠤ᠂ ᠭᠠᠴᠤᠷ᠎ᠠ᠂ ᠮᠠᠩᠭᠢᠷ ᠴᠢᠪᠠᠭ᠎ᠠ᠂ ᠰᠢᠮᠡᠯᠳᠡᠭ ᠵᠡᠷᠭᠡ ᠲᠤᠷᠤᠭ ᠮᠣᠳᠣ ᠪᠤᠲᠠᠯᠢᠭ ᠮᠣᠳᠣ ᠪᠠᠷ ᠭᠤᠣᠯᠯᠠᠬᠤ ᠶᠢ ᠱᠠᠭᠠᠷᠳᠠᠨ᠎ᠠ᠃             ︽ᠬᠡᠳᠦᠶᠢᠪᠡᠷ ᠡᠶᠢᠮᠦ ᠪᠤᠯᠪᠠᠴᠤ ᠪᠢᠳᠡᠨ ᠤ ᠳᠦᠷᠦᠭᠦᠤ ᠡᠳᠦᠷ ᠤᠨ ᠳᠠᠷᠢᠭᠰᠠᠨ ᠮᠣᠳᠣ ᠳᠠᠷᠠᠭ᠎ᠠ ᠡᠳᠦᠷ ᠎ ᠤᠨ ᠳᠤᠬᠰᠢᠨ ᠰᠠᠯᠬᠢ ᠳᠤ ᠦᠨᠳᠦᠰᠦ ᠪᠠᠷ ᠢᠶᠠᠨ ᠪᠤᠯᠭᠤᠷᠠᠨ ᠤᠨᠠᠳᠠᠭ ᠤᠴᠢᠷ ᠪᠠᠶᠢᠩᠭᠤ ᠲᠣᠬᠢᠶᠠᠯᠳᠤᠳᠠᠭ︾ ᠭᠡᠵᠦ ᠯᠢᠦ ᠶᠦᠩ ᠱᠧᠩ ᠬᠡᠯᠡᠨ᠎ᠡ᠃ ᠲᠡᠷᠡ ᠬᠡᠯᠡᠬᠦ ᠳᠡᠭᠡᠨ᠂ ᠬᠦᠴᠢᠷ ᠪᠡᠷᠬᠡᠰᠢᠶᠡᠯ ᠲᠤᠯᠭᠠᠷᠠᠬᠤ ᠪᠦᠷᠢ ᠬᠠᠮᠲᠤ ᠠᠵᠢᠯᠯᠠᠭᠰᠠᠳ ᠬᠠᠷᠢᠯᠴᠠᠨ ᠵᠣᠷᠢᠭᠵᠢᠭᠤᠯᠵᠤ᠂ ᠤᠯᠠᠨ ᠢᠶᠠᠷ ᠢᠶᠠᠨ ᠢᠳᠡᠪᠬᠢᠲᠡᠢ ᠪᠠᠷ ᠰᠡᠳᠬᠢᠴᠡ ᠪᠠᠨ ᠬᠤᠪᠢᠷᠠᠭᠤᠯᠤᠨ᠂ ᠡᠯᠡᠰᠦ ᠶᠢ ᠲᠣᠭᠲᠠᠪᠤᠷᠢᠵᠢᠭᠤᠯᠬᠤ ᠠᠴᠠ ᠭᠠᠷᠳᠠᠨ ᠡᠪᠡᠰᠦᠨ ᠲᠣᠣᠷ ᠳᠠᠷᠤᠵᠤ᠂ ᠡᠯᠡᠰᠦᠨ ᠬᠠᠯᠬᠠᠪᠴᠢ ᠭᠠᠷᠭᠠᠨ ᠪᠦᠷᠦᠢ ᠲᠠᠰᠤᠷᠠᠳᠠᠯ᠎ᠠ ᠶᠠᠭᠠᠷᠠᠯᠳᠤᠳᠠᠭ ᠶᠤᠮ᠃             ᠦᠬᠠᠢ ᠬᠤᠲᠠ ᠶᠢᠨ ᠵᠢᠯ ᠤᠨ ᠳᠤᠮᠳᠠᠴᠢ ᠬᠤᠷ᠎ᠠ ᠲᠤᠨᠳᠠᠰᠤᠨ ᠤ ᠬᠤᠷᠠᠮᠳᠤᠯ ᠤᠨ ᠬᠡᠮᠵᠢᠶ᠎ᠡ ᠵᠦᠪᠭᠡᠨ 100 ᠮᠢᠯᠢᠮᠧᠲᠷ ᠪᠠᠶᠢᠵᠤ᠂ ᠳᠤᠮᠳᠠᠴᠢ ᠠᠭᠤᠷᠰᠢᠯᠲᠠ ᠶᠢᠨ ᠬᠡᠮᠵᠢᠶ᠎ᠡ ᠨᠢ ᠬᠠᠷᠢᠨ 3400 ᠮᠢᠯᠢᠮᠧᠲᠷ ᠲᠤ ᠭᠦᠷᠳᠡᠭ᠂ ᠬᠤᠷ᠎ᠠ ᠲᠤᠨᠳᠠᠰᠤ ᠬᠦᠨᠳᠦ ᠨᠣᠴᠢᠲᠠᠢ ᠳᠤᠲᠠᠭᠳᠠᠬᠤ ᠤᠴᠢᠷ ᠠᠴᠠ ᠮᠣᠳᠣ ᠨᠢᠭᠡᠪᠦᠷᠢ ᠶᠢ ᠴᠥᠮ ᠬᠥᠮᠥᠨ ᠎ ᠤ ᠬᠦᠴᠦ ᠪᠠᠷ ᠤᠰᠤᠯᠠᠬᠤ ᠴᠢᠬᠤᠯᠠᠲᠠᠢ ᠶᠤᠮ᠃ ᠤᠰᠤᠯᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠲᠠᠶᠢᠯᠭᠦ ᠡᠰᠡᠬᠦ ᠨᠢ ᠭᠠᠨᠳᠠᠷᠢ ᠠᠭᠤᠯᠠ ᠶᠢᠨ ᠠᠮᠢ ᠠᠬᠤᠢ ᠶᠢᠨ ᠨᠣᠭᠤᠭᠠᠷᠠᠭᠤᠯᠤᠯᠲᠠ ᠳᠤ ᠠᠮᠵᠢᠯᠲᠠ ᠣᠯᠵᠤ ᠴᠢᠳᠠᠬᠤ ᠡᠰᠡᠬᠦ ᠶᠢᠨ ᠵᠠᠩᠭᠢᠯᠠᠭ᠎ᠠ ᠪᠣᠯᠪᠠ᠃ ᠢᠩᠭᠢᠭᠡᠳ ᠦᠬᠠᠢ ᠬᠤᠲᠠ ᠬᠥᠭᠡᠷᠭᠡ ᠶᠢᠨ ᠥᠷᠲᠡᠭᠡ ᠪᠠᠶᠢᠭᠤᠯᠵᠤ ᠤᠰᠤᠨ ᠬᠤᠭᠤᠯᠠᠢ ᠤᠭᠰᠠᠷᠠᠬᠤ ᠪᠠᠷ ᠳᠡᠮᠵᠢᠨ ᠬᠠᠲᠤᠨ ᠭᠤᠣᠯ ᠠᠴᠠ ᠤᠰᠤ ᠲᠠᠲᠠᠬᠤ ᠶᠢᠨ ᠬᠠᠮᠲᠤ ᠳᠤᠰᠤᠯᠭᠠᠨ ᠤᠰᠤᠯᠠᠬᠤ᠂ ᠰᠦᠷᠴᠢᠨ ᠤᠰᠤᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠳᠠᠷᠢᠭᠰᠠᠨ ᠮᠣᠳᠣᠨ ᠤ ᠪᠠᠨ ᠡᠳᠡᠭᠡᠷᠡᠯᠲᠡ ᠪᠤᠶᠢᠵᠢᠯᠲᠠ ᠶᠢᠨ ᠨᠣᠷᠮ᠎ᠠ ᠶᠢ ᠪᠠᠲᠤᠯᠠᠬᠤ ᠶᠢᠨ ᠬᠠᠮᠲᠤ ᠤᠰᠤᠨ ᠤ ᠡᠬᠢ ᠪᠠᠶᠠᠯᠢᠭ ᠢ ᠶᠡᠭᠡ ᠪᠠᠷ ᠠᠷᠪᠢᠯᠠᠪᠠ᠃             ᠦᠬᠠᠢ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠭᠢᠯᠡᠭᠴᠢ ᠵᠠᠩ ᠠᠢ ᠵᠢᠶᠦ᠋ᠨ ᠰᠤᠷᠪᠤᠯᠵᠢᠯᠠᠬᠴᠢ ᠳᠤ ᠬᠡᠯᠡᠬᠦ ᠳᠡᠭᠡᠨ᠂ ᠤᠳᠤ ᠭᠠᠨᠳᠠᠷᠢ ᠠᠭᠤᠯᠠᠨ ᠳᠤ ᠤᠭᠰᠠᠷᠠᠭᠰᠠᠨ ᠳᠤᠰᠤᠯᠭᠠᠨ ᠤᠰᠤᠯᠠᠬᠤ ᠬᠤᠭᠤᠯᠠᠢ ᠶᠢᠨ ᠪᠦᠭᠦ ᠣᠷᠳᠣ ᠨᠢ 400 ᠲᠦᠮᠡᠨ ᠮᠧᠲᠷ ᠢ ᠳᠠᠪᠠᠵᠤ᠂ ᠨᠢᠭᠡ ᠰᠠᠭᠤᠷᠢ ᠮᠣᠳᠣ᠂ ᠨᠢᠭᠡ ᠢᠮᠠᠬᠤ ᠡᠪᠡᠰᠦ ᠶᠢ ᠴᠤ ᠨᠠᠷᠢᠯᠢᠭ ᠣᠨᠣᠴᠠᠲᠠᠢ ᠤᠰᠤᠯᠠᠵᠤ ᠲᠠᠶᠢᠯᠭᠦ ᠪᠣᠯᠵᠠᠢ᠃ ᠡᠭᠦᠨ ᠤ ᠬᠠᠮᠲᠤ ᠴᠠᠭ ᠢ ᠤᠷᠲᠤᠳᠬᠠᠨ ᠤᠰᠤᠯᠠᠬᠤ᠂ ᠣᠷᠣᠨ ᠬᠤᠪᠢᠶᠠᠨ ᠤᠰᠤᠯᠠᠬᠤ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠠᠬᠢᠭᠤᠯᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠪᠠ᠃ ᠣᠯᠠᠨ ᠵᠢᠯ ᠤᠨ ᠬᠡᠮᠵᠢᠨ ᠲᠣᠭᠲᠠᠭᠠᠯᠲᠠ ᠶᠢ ᠦᠨᠳᠦᠰᠦᠯᠡᠪᠡᠯ᠂ ᠳᠤᠰᠤᠯᠭᠠᠨ ᠤᠰᠤᠯᠠᠵᠤ ᠣᠶᠢᠵᠢᠭᠤᠯᠤᠯᠲᠠ ᠬᠢᠬᠦ ᠨᠢ ᠳᠠᠷᠢᠭᠰᠠᠨ ᠮᠣᠳᠣᠨ ᠤ ᠡᠳᠡᠭᠡᠷᠡᠯᠲᠡ ᠶᠢᠨ ᠨᠣᠷᠮ᠎ᠠ ᠪᠣᠯᠣᠨ ᠤᠢ ᠮᠣᠳᠣᠨ ᠤ ᠬᠠᠳᠠᠭᠠᠯᠠᠯᠲᠠ ᠶᠢᠨ ᠨᠣᠷᠮ᠎ᠠ ᠶᠢ ᠲᠤᠰᠪᠤᠷᠢ 90% ᠪᠠ 80%᠎ ᠠᠴᠠ ᠳᠡᠭᠡᠭᠰᠢ ᠬᠦᠷᠭᠡᠵᠦ᠂ ᠨᠡᠯᠦᠶᠢᠲᠡᠯ᠎ᠡ ᠤᠰᠤᠯᠠᠬᠤ ᠲᠠᠢ ᠬᠠᠷᠢᠴᠠᠭᠤᠯᠪᠠᠯ ᠮᠦ ᠪᠦᠷᠢ ᠶᠢᠨ ᠨᠢᠭᠡ ᠯᠡ ᠤᠳᠠᠭ᠎ᠠ ᠶᠢᠨ ᠤᠰᠤᠯᠠᠯᠲᠠ ᠶᠢᠨ ᠬᠡᠮᠵᠢᠶ᠎ᠡ ᠶᠢ 60 ᠲᠣᠨ ᠪᠠᠶᠢᠭᠰᠠᠨ ᠠᠴᠠ 12 ᠲᠣᠨ ᠪᠣᠯᠭᠠᠨ ᠪᠠᠭᠤᠷᠠᠭᠤᠯᠵᠤ᠂ ᠬᠡᠷᠡᠭᠯᠡᠬᠦ ᠤᠰᠤ ᠶᠢ 80%᠎ ᠪᠠᠷ ᠠᠷᠪᠢᠯᠠᠬᠤ ᠪᠣᠯᠤᠭᠰᠠᠨ ᠪᠠᠶᠢᠨ᠎ᠠ᠃             18 ᠵᠢᠯ ᠨᠢᠳᠦ ᠢᠷᠮᠡᠬᠦ ᠶᠢᠨ ᠵᠠᠭᠤᠷ᠎ᠠ ᠥᠩᠭᠡᠷᠡᠴᠢᠬᠡᠭᠰᠡᠨ ᠰᠢᠭ ᠰᠠᠨᠠᠭᠳᠠᠨ᠎ᠠ᠂ ᠯᠢᠦ ᠶᠦᠩ ᠱᠧᠩ ᠪᠣᠯᠣᠨ ᠲᠡᠭᠦᠨ ᠤ ᠬᠠᠮᠲᠤ ᠠᠵᠢᠯᠯᠠᠭᠰᠠᠳ ᠮᠥᠨ ᠬᠦ ᠭᠠᠨᠳᠠᠷᠢ ᠠᠭᠤᠯᠠᠨ ᠳᠠᠬᠢ ᠣᠶ ᠮᠣᠳᠣ ᠡᠪᠡᠰᠦ ᠤᠷᠭᠤᠮᠠᠯ ᠢᠶᠠᠨ ᠬᠠᠮᠢᠶᠠᠷᠤᠨ ᠬᠠᠮᠠᠭᠠᠯᠠᠵᠤ᠂ ᠰᠠᠯᠬᠢ ᠰᠢᠭᠤᠷᠭ᠎ᠠ ᠪᠠ ᠰᠢᠲᠠᠮ᠎ᠠ ᠨᠡᠷᠡᠨ ᠳᠤ ᠬᠠᠷᠠᠯᠠᠵᠤ ᠪᠣᠷᠣᠯᠠᠲᠠᠯ᠎ᠠ ᠠᠵᠢᠯᠯᠠᠭᠰᠠᠭᠠᠷ᠃ ᠬᠠᠷᠢᠨ ᠥᠩᠭᠡᠷᠡᠭᠰᠡᠨ ᠤ ᠴᠠᠭᠠᠨ ᠳᠤᠭᠤᠢ ᠲᠣᠬᠤᠢ ᠤᠳᠤ ᠨᠣᠮᠢᠨ ᠨᠣᠭᠤᠭᠠᠨ ᠤᠷᠳᠤ ᠬᠤᠩᠭᠢᠯ ᠪᠣᠯᠣᠨ ᠬᠤᠪᠢᠷᠠᠴᠢᠬᠠᠵᠠᠢ᠃             ᠣᠲᠣ ᠭᠠᠨᠳᠠᠷᠢ ᠠᠭᠤᠯᠠᠨ ᠳᠤ ᠨᠢᠭᠡᠨᠲᠡ 2.8 ᠲᠦᠮᠡᠨ ᠮᠦ ᠤᠢ ᠮᠣᠳᠣ ᠲᠠᠢ ᠪᠣᠯᠵᠤ᠂ ᠣᠶ ᠰᠢᠭᠤᠢ ᠶᠢᠨ ᠪᠦᠷᠬᠦᠴᠡ ᠶᠢᠨ ᠨᠤᠷᠮ᠎ᠠ ᠨᠢ 0 ᠪᠠᠶᠢᠭᠰᠠᠨ ᠠᠴᠠ ᠪᠠᠨ 54.6%᠎ ᠳᠤ ᠬᠦᠷᠴᠡᠢ᠃ 2004 ᠣᠨ ᠤ ᠳᠠᠭᠠᠭᠤᠯᠢ ᠣᠳᠣᠨ ᠤ ᠵᠢᠷᠤᠭ ᠢ ᠣᠳᠣ ᠶᠢᠨ ᠳᠠᠭᠠᠭᠤᠯᠢ ᠣᠳᠣᠨ ᠤ ᠵᠢᠷᠤᠭ ᠲᠠᠢ ᠬᠠᠷᠢᠴᠠᠭᠤᠯᠪᠠᠯ᠂ ᠭᠠᠨᠳᠠᠷᠢ ᠠᠭᠤᠯᠠ ᠥᠪᠴᠢ ᠳᠡᠭᠡᠨ ᠨᠣᠭᠤᠭᠠᠨ ᠥᠩᠭᠡ ᠪᠠᠷ ᠬᠤᠴᠢᠭᠳᠠᠭᠰᠠᠨ ᠪᠠᠶᠢᠨ᠎ᠠ᠃ ᠬᠡᠳᠦᠨ ᠵᠢᠯ ᠤᠨ ᠡᠮᠦᠨ᠎ᠡ᠂ ᠴᠠᠭᠠᠨ ᠳᠤᠭᠤᠢ ᠲᠣᠬᠤᠢ ᠶᠢ ᠵᠢᠩᠬᠢᠨᠢ ᠪᠠᠷ ᠭᠠᠨᠳᠠᠷᠢ ᠠᠭᠤᠯᠠ ᠶᠢᠨ ᠠᠮᠢ ᠠᠬᠤᠢ ᠶᠢᠨ ᠪᠣᠯᠪᠠᠰᠤᠨ ᠤ ᠦᠵᠡᠮᠵᠢ ᠶᠢᠨ ᠣᠷᠣᠨ ᠢᠶᠠᠷ ᠨᠡᠷᠡᠶᠢᠳᠴᠦ᠂ ᠨᠢᠭᠡᠨᠲᠡ ᠦᠬᠠᠢ ᠬᠤᠳᠠ ᠶᠢᠨ ᠵᠢᠭᠤᠯᠴᠢᠯᠠᠯ ᠤᠨ ᠦᠵᠡᠮᠵᠢᠲᠦ ᠣᠷᠣᠨ ᠪᠣᠯᠤᠭᠰᠠᠨ ᠪᠢᠯᠡ᠃                  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号