﹇ᠴᠥᠯᠵᠢᠯᠲᠡ ᠶᠢᠨ ᠵᠠᠰᠠᠯᠲᠠ﹈ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠡᠭᠦᠳᠦᠨᠡᠮ
ᠨᠡᠶᠢᠲᠡᠯᠡᠭᠰᠡᠨ ᠴᠠᠭ᠄
2024/5/15
           ᠬᠥᠭᠵᠢᠯᠲᠦ      ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠬᠤᠳᠠ ᠎ ᠳᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠡᠭᠦᠳᠬᠦ ᠶᠡᠷᠦᠩᠬᠡᠢ ᠳᠠᠶᠢᠴᠢᠯᠠᠯᠲᠠ ᠶᠢᠨ ᠵᠠᠷᠯᠢᠭ ᠪᠠᠭᠤᠯᠭᠠᠭᠰᠠᠨ ᠪᠠᠶᠢᠨ᠎ᠠ᠃            ᠳᠠᠶᠢᠴᠢᠯᠠᠯᠲᠠ ᠶᠢᠨ ᠵᠠᠷᠯᠢᠭ ᠪᠠᠭᠤᠮᠠᠭᠴᠠ ᠣᠷᠣᠨ ᠳᠠᠶᠠᠭᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠴᠥᠮ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠬᠦ ᠶᠢᠨ ᠬᠠᠮᠲᠤ ᠥᠨᠳᠥᠷ ᠲᠦᠪᠰᠢᠨ ᠠᠴᠠ ᠪᠠᠶᠢᠷᠢᠯᠠᠭᠤᠯᠤᠨ᠂ ᠥᠨᠳᠥᠷ ᠳᠠᠪᠲᠠᠮᠵᠢ ᠪᠠᠷ ᠲᠣᠬᠢᠷᠠᠭᠤᠯᠵᠤ᠂ ᠥᠨᠳᠥᠷ ᠦᠷ᠎ᠡ ᠪᠦᠲᠦᠮᠵᠢᠲᠡᠶ ᠪᠠᠷ ᠨᠠᠶᠢᠳᠠᠪᠤᠷᠢᠵᠢᠭᠤᠯᠤᠭᠰᠠᠨ ᠠᠴᠠ ᠥᠷᠭᠡᠨ ᠠᠭᠤᠳᠠᠮ ᠥᠪᠥᠷ ᠮᠣᠩᠭᠤᠯ ᠳᠤ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠰᠦᠷ ᠳᠠᠯᠠᠶᠢᠴᠠᠲᠠᠢ ᠡᠬᠢᠯᠡᠪᠡ᠃            8 ᠰᠠᠷ᠎ᠠ ᠶᠢᠨ 12᠎ ᠤᠨ ᠡᠳᠦᠷ᠂ ᠤᠯᠠᠭᠠᠨᠬᠠᠳᠠ ᠬᠤᠲᠠ ᠬᠤᠷᠴᠢᠨ ᠤ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠪᠦᠭᠦ ᠬᠤᠲᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢ ᠬᠤᠷᠴᠢᠨ ᠤ ᠡᠯᠡᠰᠦᠷᠬᠡᠭ ᠭᠠᠵᠠᠷ ᠤᠨ ︽ᠬᠤᠶᠠᠷ ᠭᠤᠣᠯ ᠤᠨ ᠰᠠᠪᠠ ᠭᠠᠵᠠᠷ︾᠎ ᠤᠨ ᠳᠤᠮᠳᠠ ᠬᠡᠰᠡᠭ ᠤᠨ ᠣᠷᠣᠨ ᠪᠦᠰᠡ ᠶᠢᠨ ᠵᠠᠰᠠᠯᠲᠠ ᠶᠢᠨ ᠣᠷᠣᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ᠂ ᠬᠤᠷᠴᠢᠨ ᠤ ᠡᠯᠡᠰᠦᠷᠬᠡᠭ ᠭᠠᠵᠠᠷ ᠎ ᠤᠨ ᠰᠢᠷᠠᠮᠥ᠋ᠷᠡᠨ ᠭᠤᠣᠯ ᠤᠨ ᠬᠤᠶᠢᠲᠤ ᠲᠠᠨᠵᠢ ᠶᠢᠨ ᠵᠠᠰᠠᠯᠲᠠ ᠶᠢᠨ ᠣᠷᠣᠨ᠂ ᠬᠤᠷᠴᠢᠨ ᠤ ᠡᠯᠡᠰᠦᠷᠬᠡᠭ ᠭᠠᠵᠠᠷ ᠎ ᠤᠨ ᠯᠤᠤᠬ᠎ᠠ ᠶᠢᠨ ᠭᠤᠣᠯ ᠤᠨ ᠡᠮᠦᠨ᠎ᠡ ᠲᠠᠨᠵᠢ ᠶᠢᠨ ᠵᠠᠰᠠᠯᠲᠠ ᠶᠢᠨ ᠣᠷᠣᠨ ᠵᠡᠷᠭᠡ ︽ᠳᠥᠷᠪᠡᠨ ᠶᠡᠭᠡ ᠪᠠᠶᠢᠯᠳᠤᠭᠠᠨ ᠎ ᠤ ᠣᠷᠣᠨ︾ ᠪᠣᠯᠭᠠᠨ ᠬᠤᠪᠢᠶᠠᠪᠠ᠃ ᠬᠤᠶᠠᠷ ᠶᠡᠭᠡ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠎ ᠢ ᠡᠬᠢᠯᠡᠭᠦᠯᠦᠭᠰᠡᠨ ᠠᠴᠠ ᠨᠠᠭᠠᠰᠢ ᠤᠯᠠᠭᠠᠨᠬᠠᠳᠠ ᠬᠤᠲᠠ ᠨᠢᠭᠡᠨᠲᠡ 21.23 ᠲᠦᠮᠡᠨ ᠮᠦ ᠡᠯᠡᠰᠦᠷᠬᠡᠭᠵᠢᠭᠰᠡᠨ ᠭᠠᠵᠠᠷ ᠢ ᠵᠠᠰᠠᠵᠤ᠂ ᠡᠨᠡ ᠵᠢᠯ ᠤᠨ ᠳᠣᠲᠣᠷ᠎ᠠ ᠳᠠᠭᠢᠨ 18.75 ᠲᠦᠮᠡᠨ ᠮᠦ ᠡᠯᠡᠰᠦᠷᠬᠡᠭᠵᠢᠭᠰᠡᠨ ᠭᠠᠵᠠᠷ ᠢ ᠵᠠᠰᠠᠬᠤ ᠎ ᠪᠠᠷ ᠬᠦᠴᠦᠯᠡᠵᠦ ᠪᠠᠶᠢᠨ᠎ᠠ᠃            ᠲᠦᠩᠯᠢᠶᠣᠣ ᠬᠤᠲᠠ ︽ᠬᠤᠶᠢᠲᠤ ᠬᠡᠰᠡᠭ ᠢᠶᠠᠷ ᠬᠠᠮᠠᠭᠠᠯᠠᠬᠤ᠂ ᠳᠤᠮᠳᠠ ᠬᠡᠰᠡᠭ ᠢᠶᠠᠷ ᠤᠰᠤ ᠠᠷᠪᠢᠯᠠᠬᠤ᠂ ᠡᠮᠦᠨ᠎ᠡ ᠬᠡᠰᠡᠭ ᠢᠶᠠᠷ ᠡᠯᠡᠰᠦ ᠶᠢ ᠵᠠᠰᠠᠬᠤ︾ ᠠᠮᠢ ᠠᠬᠤᠢ ᠶᠢᠨ ᠬᠥᠭᠵᠢᠯᠲᠡ ᠶᠢᠨ ᠰᠡᠳᠬᠢᠴᠡ ᠶᠣᠰᠣᠭᠠᠷ 2023 - 2030 ᠣᠨ ᠤ ᠬᠤᠷᠴᠢᠨ ᠤ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠶᠡᠷᠦᠩᠬᠡᠢ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠲᠠᠪᠤᠨ ᠮᠢᠩᠭᠠᠨ ᠲᠦᠮᠡ︾᠎ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠲᠠᠪᠤᠨ ᠶᠡᠭᠡ ᠠᠵᠤ ᠦᠢᠯᠡᠰ︾᠎ ᠢ ᠪᠦᠭᠦ ᠬᠦᠴᠦᠨ ᠢᠶᠠᠷ ᠢᠶᠠᠨ ᠬᠥᠭᠵᠢᠭᠦᠯᠵᠦ ᠪᠠᠶᠢᠨ᠎ᠠ᠃ ᠭᠡᠬᠦ ᠳᠡᠭᠡᠨ ᠭᠤᠣᠯᠳᠠᠯᠭ᠎ᠠ ᠲᠠᠢ ᠵᠠᠰᠠᠯᠲᠠ ᠶᠢ ᠲᠣᠪᠤᠶᠢᠯᠭᠠᠨ᠂ ᠨᠡᠶᠢᠭᠡᠮ ᠤᠨ ᠡᠯ᠎ᠡ ᠲᠠᠯ᠎ᠠ ᠎ ᠶᠢᠨ ᠬᠦᠴᠦᠨ ᠢ ᠳᠠᠶᠢᠴᠢᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠡᠬᠢᠯᠡᠯ᠎ᠡ᠃            8 ᠰᠠᠷ᠎ᠠ ᠶᠢᠨ 17᠎ ᠤ ᠡᠳᠦᠷ᠂ ᠤᠯᠠᠭᠠᠨᠴᠠᠪ ᠬᠤᠲᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠡᠬᠢᠯᠡᠭᠦᠯᠵᠦ᠂ ᠰᠢᠨ᠎ᠡ ᠨᠢᠭᠡ ᠡᠭᠡᠯᠵᠢ ᠶᠢᠨ ︽ᠤᠮᠠᠷᠠᠲᠤ ᠶᠢᠨ ᠭᠤᠷᠪᠠᠨ ᠣᠷᠣᠨ︾ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠲᠤᠰ ᠬᠤᠲᠠ︽ᠬᠠᠲᠤᠨ ᠭᠤᠣᠯ ᠤᠨ ︿ᠶᠡᠭᠡ ᠲᠣᠬᠤᠢ﹀᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ︾ ᠪᠣᠯᠣᠨ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ︾᠎ ᠢ ᠨᠢᠭᠡᠨᠲᠡ ᠨᠠᠶᠢᠷᠠᠭᠤᠯᠤᠨ ᠵᠣᠬᠢᠶᠠᠵᠤ᠂ ᠣᠳᠣᠬᠠᠨ ᠪᠤᠯᠲᠠᠯ᠎ᠠ 76.21 ᠲᠦᠮᠡᠨ ᠮᠦ ᠶᠢᠨ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠵᠦ᠂ ᠨᠢᠭᠡᠨᠲᠡ ᠵᠢᠯ ᠤᠨ ᠡᠭᠦᠷᠭᠡ ᠶᠢᠨ ᠢᠶᠠᠨ 95.74%᠎ ᠶᠢ ᠪᠡᠶᠡᠯᠡᠭᠦᠯᠪᠡ᠃            ᠰᠢᠯᠢ ᠶᠢᠨ ᠭᠤᠣᠯ ᠠᠶᠢᠮᠠᠭ ᠪᠦᠬᠦᠯᠢ ᠴᠣᠭᠴᠠ ᠪᠠᠷ ᠨᠢ ᠠᠬᠢᠭᠤᠯᠬᠤ᠂ ᠣᠷᠣᠨ ᠬᠤᠪᠢᠶᠠᠵᠤ ᠵᠠᠰᠠᠬᠤ᠂ ᠶᠡᠷᠦᠩᠬᠡᠶᠢᠯᠡᠨ ᠵᠠᠰᠠᠬᠤ ᠵᠠᠷᠴᠢᠮ ᠶᠣᠰᠣᠭᠠᠷ ᠪᠦᠭᠦ ᠠᠶᠢᠮᠠᠭ ᠤᠨ ᠬᠡᠪᠴᠢᠶᠡᠨ ᠳᠠᠬᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ︽ᠲᠠᠪᠤᠨ ᠣᠷᠣᠨ ᠬᠤᠶᠠᠷ ᠪᠦᠰᠡ ᠣᠯᠠᠨ ᠴᠡᠭ︾ ᠪᠣᠯᠭᠠᠨ ᠬᠤᠪᠢᠶᠠᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ ᠭᠤᠣᠯᠳᠠᠭᠤ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠤ ᠲᠦᠰᠢᠭᠯᠡᠨ ᠡᠯᠡᠰᠦᠷᠬᠡᠭ ᠭᠠᠵᠠᠷ ᠢ 34.3 ᠲᠦᠮᠡᠨ ᠮᠦ ᠵᠠᠰᠠᠵᠤ᠂ ᠡᠨᠡ ᠨᠠᠮᠤᠷ ᠮᠠᠯᠴᠢᠨ ᠲᠠᠷᠢᠶᠠᠴᠢᠨ ᠵᠢᠴᠢ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠣᠷᠤᠯᠴᠠᠯᠭ᠎ᠠ ᠪᠠᠷ ᠭᠤᠣᠯ ᠠᠷᠭ᠎ᠠ ᠭᠡᠯᠪᠡᠷᠢ ᠪᠣᠯᠭᠠᠨ ᠳᠠᠭᠢᠨ 6 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠵᠦ ᠪᠠᠶᠢᠨ᠎ᠠ᠃            ᠣᠷᠳᠣᠰ ᠬᠤᠲᠠ ︽ᠬᠠᠲᠤᠨ ᠭᠤᠣᠯ ᠤᠨ ︿ᠶᠡᠭᠡ ᠲᠣᠬᠤᠢ﹀᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ 8 ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠶᠢᠨ ᠬᠠᠮᠲᠤ ᠱᠠᠯᠠᠪᠳᠠᠨ ᠠᠵᠢᠯᠯᠠᠵᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠴᠢᠩᠭ᠎ᠠ ᠠᠳᠬᠤᠪᠠ᠃ 7 ᠰᠠᠷ᠎ᠠ ᠶᠢᠨ 30᠎ ᠤ ᠡᠳᠦᠷ ᠠᠴᠠ ᠡᠬᠢᠯᠡᠨ ᠪᠦᠭᠦ ᠬᠤᠲᠠ ᠶᠢᠨ ᠡᠯ᠎ᠡ ᠭᠠᠵᠠᠷ ᠤᠨ ᠬᠢᠨ ᠵᠠᠯᠭᠠᠭ᠎ᠠ ᠎ ᠪᠠᠷ ᠳᠠᠶᠢᠴᠢᠯᠠᠯᠲᠠ ᠶᠢᠨ ᠬᠤᠷᠠᠯ ᠬᠢᠵᠦ᠂ ᠬᠥᠪᠴᠢ ᠶᠢᠨ ᠡᠯᠡᠰᠦ ᠶᠢ ᠡᠮᠵᠢᠶᠡᠷᠢᠯᠡᠬᠦ ᠤᠢ ᠡᠪᠡᠰᠦᠨ ᠤ ᠪᠦᠰᠡ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠲᠥᠪᠯᠡᠷᠡᠨ ᠵᠠᠯᠭᠠᠯᠳᠤᠭᠰᠠᠨ ᠨᠢᠴᠦᠭᠦᠨ ᠡᠯᠡᠰᠦ ᠶᠢ ᠵᠠᠰᠠᠬᠤ ᠵᠡᠷᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠡᠬᠢᠯᠡᠭᠦᠯᠪᠡ᠃            ᠪᠠᠶᠠᠨᠨᠠᠭᠤᠷ ᠬᠤᠲᠠ ︽︿ᠤᠮᠠᠷᠠᠲᠤ ᠶᠢᠨ ᠭᠤᠷᠪᠠᠨ ᠣᠷᠣᠨ﹀᠎ ᠤ ᠵᠢᠷᠭᠤᠳᠤᠭᠠᠷ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠪᠠᠷ ᠠᠬᠢᠭᠤᠯᠵᠤ᠂ ᠬᠠᠲᠤᠨ ᠭᠤᠣᠯ ᠤᠨ ︿ᠶᠡᠭᠡ ᠲᠣᠬᠤᠢ﹀᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠵᠢᠭᠦᠯᠬᠦ ᠲᠥᠰᠥᠯ︾᠎ ᠢ ᠨᠠᠶᠢᠷᠠᠭᠤᠯᠤᠨ ᠵᠣᠬᠢᠶᠠᠵᠤ᠂ ᠪᠦᠭᠦ ᠬᠤᠲᠠ ᠶᠢ ᠡᠯᠡᠰᠦᠨ ᠴᠦᠯ︵ᠡᠯᠡᠰᠦᠷᠬᠡᠭ ᠭᠠᠵᠠᠷ︶᠎ ᠢ ᠶᠡᠷᠦᠩᠬᠡᠶᠢᠯᠡᠨ ᠵᠠᠰᠠᠬᠤ ᠣᠷᠣᠨ᠂ ᠮᠤᠨᠢ ᠠᠭᠤᠯᠠ ᠵᠢᠴᠢ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠣᠷᠣᠨ᠂ ᠪᠣᠷᠣᠳᠣᠬᠤᠢ ᠶᠢᠨ ᠲᠠᠯ᠎ᠠ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠨ᠂ ᠨᠤᠭᠤ ᠭᠠᠵᠠᠷ ᠢ ᠬᠠᠮᠠᠭᠠᠯᠠᠨ ᠰᠡᠷᠭᠦᠭᠡᠵᠦ ᠵᠠᠰᠠᠬᠤ ᠣᠷᠣᠨ ᠭᠡᠬᠦ 4 ᠣᠷᠣᠨ ᠪᠦᠰᠡ ᠬᠤᠪᠢᠶᠠᠵᠤ᠂ ᠨᠢᠭᠡᠨᠲᠡ 13 ᠲᠥᠷᠥᠯ ᠵᠦᠢᠯ ᠤᠨ ᠠᠵᠢᠯ ᠢ ᠡᠬᠢᠯᠡᠭᠦᠯᠦᠭᠰᠡᠨ ᠪᠠᠶᠢᠨ᠎ᠠ᠃            ᠁            ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠳᠤ ᠨᠢᠭᠡᠨᠲᠡ ᠱᠠᠲᠤᠴᠢ ᠴᠢᠨᠠᠷᠲᠠᠢ ᠠᠮᠵᠢᠯᠲᠠ ᠣᠯᠵᠤ᠂ ᠮᠠᠨ ᠤ ᠣᠷᠣᠨ ᠥᠪᠡᠷ ᠢᠶᠠᠨ ᠲᠥᠯᠥᠪᠯᠡᠭᠰᠡᠨ ᠬᠥᠪᠴᠢ ᠶᠢᠨ ᠡᠯᠡᠰᠦ - ᠮᠤᠤᠠᠤᠰᠤ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠪᠠᠳᠠᠢ ᠶᠢᠨ ᠵᠢᠷᠠᠨ ᠤ ᠡᠯᠡᠰᠦᠨ ᠤ ᠭᠦᠪᠡᠭᠡ ᠳᠠᠭᠠᠤ ᠳᠠᠬᠢ ᠡᠯᠡᠰᠦ ᠶᠢ ᠲᠣᠭᠲᠠᠪᠤᠷᠢᠵᠢᠭᠤᠯᠵᠤ ᠡᠯᠡᠰᠦ ᠶᠢ ᠵᠠᠰᠠᠬᠤ ᠤᠢ ᠡᠪᠡᠰᠦᠨ ᠎ ᠤ ᠪᠦᠰᠡ ᠶᠢᠨ ᠲᠥᠷᠥᠯ ᠵᠦᠢᠯ ᠵᠡᠷᠭᠡ 11 ᠴᠢᠬᠤᠯᠠ ᠶᠡᠭᠡ ᠲᠥᠷᠥᠯ ᠵᠦᠢᠯ ᠢ ᠪᠦᠭᠦᠨ ᠢ ᠤᠯᠤᠰ ᠤᠨ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠵᠤ᠂ ᠪᠦᠭᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶᠎ ᠢ ᠪᠦᠭᠦᠨ ᠢ ᠲᠥᠯᠦᠪᠵᠢᠭᠦᠯᠭᠡ ᠶᠢᠨ ᠬᠡᠷᠡᠭᠵᠢᠭᠦᠯᠬᠦ ᠬᠡᠪᠴᠢᠶᠡᠨ ᠳᠤ ᠣᠷᠣᠭᠤᠯᠪᠠ᠃ ᠡᠨᠡ ᠵᠢᠯ ᠠᠴᠠ ᠨᠠᠭᠠᠰᠢ 9 ᠰᠠᠷ᠎ᠠ ᠶᠢᠨ ᠡᠬᠢᠨ ᠪᠤᠯᠲᠠᠯ᠎ᠠ ᠪᠦᠭᠦ ᠣᠷᠣᠨ ᠢᠶᠠᠷ ᠢᠶᠠᠨ ᠨᠡᠶᠢᠳᠡ 337 ᠲᠦᠮᠡᠨ ᠮᠦ ᠭᠠᠵᠠᠷ ᠢ ᠣᠶᠢᠵᠢᠭᠤᠯᠤᠨ᠂ 1362 ᠲᠦᠮᠡᠨ ᠮᠦ ᠡᠪᠡᠰᠦ ᠳᠠᠷᠢᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠢ 650 ᠲᠦᠮᠡᠨ ᠮᠦ ᠎ ᠳᠤ ᠬᠦᠷᠴᠦ᠂ ᠲᠣᠰ ᠲᠣᠰ ᠵᠢᠯ ᠤᠨ ᠡᠭᠦᠷᠭᠡ ᠶᠢᠨ ᠢᠶᠠᠨ 90%᠂ 105% ᠪᠠ 103%᠎ ᠶᠢ ᠪᠡᠶᠡᠯᠡᠭᠦᠯᠪᠡ᠃            ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾᠎ ᠢ ᠰᠤᠨᠳᠠᠯᠠᠵᠤ᠂ ᠮᠠᠨ ᠤ ᠤᠯᠤᠰ ᠤᠨ ᠤᠮᠠᠷᠠᠲᠤ ᠎ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠮᠥᠷᠲᠡᠭᠡᠨ ᠪᠠᠰᠠ ᠪᠦᠭᠦ ᠤᠯᠤᠰ ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠨᠤᠲᠤᠭ ᠢᠶᠠᠷ ᠬᠠᠮᠤᠭ ᠤᠨ ᠲᠥᠪᠯᠡᠷᠡᠩᠭᠦᠢ᠂ ᠬᠤᠣᠷ ᠬᠥᠨᠥᠭᠡᠯ ᠢᠶᠠᠷ ᠬᠠᠮᠤᠭ ᠤᠨ ᠬᠦᠨᠳᠦ ᠨᠣᠴᠢᠲᠠᠢ ᠮᠤᠵᠢ ᠣᠷᠣᠨ ᠤ ᠨᠢᠭᠡ ᠪᠣᠯᠣᠨ᠎ᠠ᠃ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠢ ᠡᠬᠢᠯᠡᠭᠦᠯᠦᠭᠰᠡᠨ ᠠᠴᠠ ᠨᠠᠭᠠᠰᠢ ᠮᠠᠨ ᠤ ᠣᠷᠣᠨ ᠨᠡᠶᠢᠲᠡ 56 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠲᠠᠪᠤᠨ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠤᠷᠢᠳ ᠬᠤᠵᠢᠳ ᠨᠡᠶᠢᠳᠡ 1.19 ᠳ᠋ᠦᠩᠰᠢᠭᠤᠷ ᠮᠦ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠂ ᠪᠦᠭᠦ ᠤᠯᠤᠰ ᠤᠨ ᠪᠡᠶᠡᠯᠡᠭᠦᠯᠦᠭᠰᠡᠨ ᠶᠡᠷᠦᠩᠬᠡᠢ ᠡᠭᠦᠷᠭᠡ ᠶᠢᠨ 25.1%᠎ ᠶᠢ ᠡᠵᠡᠯᠡᠪᠡ ᠃ ︽ᠡᠨᠡ ᠵᠢᠯ ᠪᠣᠯ ︿ᠤᠮᠠᠷᠠᠲᠤ ᠶᠢᠨ ᠭᠤᠷᠪᠠᠨ ᠣᠷᠣᠨ﹀᠎ ᠤ ᠢᠨᠵᠧᠨᠧᠷᠢᠩ ᠢ ᠬᠡᠷᠡᠭᠵᠢᠭᠦᠯᠦᠭᠰᠡᠨ 45 ᠵᠢᠯ ᠤᠨ ᠤᠢ ᠪᠣᠯᠣᠨ᠎ᠠ᠂ ᠪᠦᠭᠦ ᠣᠷᠣᠨ ᠤ ᠲᠠᠷᠢᠮᠠᠯ ᠤᠢ ᠶᠢᠨ ᠬᠠᠳᠠᠭᠠᠯᠠᠯᠲᠠ ᠶᠢᠨ ᠲᠠᠯᠠᠪᠠᠢ᠂ ᠤᠢ ᠰᠢᠭᠤᠢ ᠶᠢᠨ ᠲᠠᠯᠠᠪᠠᠢ ᠲᠤᠰ ᠲᠤᠰ 1977 ᠣᠨ ᠳᠤ 0.13 ᠳ᠋ᠦᠩᠰᠢᠭᠤᠷ ᠮᠦ ᠪᠠ 2.34 ᠳ᠋ᠦᠩᠰᠢᠭᠤᠷ ᠮᠦ ᠪᠠᠶᠢᠭᠰᠠᠨ ᠠᠴᠠ ᠤᠳᠤ 0.84 ᠳ᠋ᠦᠩᠰᠢᠭᠤᠷ ᠮᠦ ᠪᠠ 3.57 ᠳ᠋ᠦᠩᠰᠢᠭᠤᠷ ᠮᠦ ᠪᠣᠯᠣᠨ ᠨᠡᠮᠡᠭᠳᠡᠵᠦ᠂ ᠡᠯᠡᠰᠦ ᠰᠠᠯᠬᠢᠨ ᠤ ᠬᠤᠣᠷ ᠬᠥᠨᠥᠭᠡᠯ ᠪᠣᠯᠣᠨ ᠤᠰᠤ ᠰᠢᠷᠣᠢ ᠶᠢᠨ ᠢᠳᠡᠭᠳᠡᠯ ᠢ ᠪᠦᠲᠦᠮᠵᠢᠲᠡᠢ ᠪᠠᠭᠠᠰᠬᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠴᠢᠬᠤᠯᠠ ᠶᠡᠭᠡ ᠦᠢᠯᠡᠳᠦᠯ ᠦᠵᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠡᠯᠡᠰᠦ ᠮᠠᠩᠬ᠎ᠠ ᠶᠢ ᠵᠠᠰᠠᠵᠤ ᠣᠶᠢᠵᠢᠭᠤᠯᠬᠤ ᠭᠠᠵᠠᠷ ᠤᠨ ᠳᠡᠳ᠋ ᠳᠠᠷᠤᠭ᠎ᠠ ᠲᠠᠯᠢᠨᠭᠦᠦ ᠬᠡᠯᠡᠨ᠎ᠡ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号