| | | | ᠥᠷᠯᠥᠭᠡ ᠡᠷᠲᠡ᠂ ᠭᠦᠭᠡᠬᠤᠲᠠ ᠶᠢᠨ ᠴᠢᠩ ᠱᠦᠢ ᠾᠧ ᠰᠢᠶᠠᠨ ᠤ ᠴᠧᠩᠭᠤᠸᠠᠨ ᠪᠠᠯᠭᠠᠰᠤ ᠶᠢᠨ ᠤᠢ | ᠰᠢᠭᠤᠢ ᠶᠢ ᠬᠠᠮᠢᠶᠠᠷᠤᠨ ᠬᠠᠮᠠᠭᠠᠯᠠᠬᠤ ᠠᠩᠭᠢ ᠶᠢᠨ ᠳᠠᠷᠤᠭ᠎ᠠ ᠨᠢᠦ ᠱᠢ ᠬᠤᠸᠠ ᠶᠡᠷᠦᠳᠡ ᠶᠢᠨ ᠬᠢ ᠰᠢᠭ ᠢᠶᠠᠨ ᠶᠢᠨ | ᠭᠦᠨ ᠱᠠᠨ ᠠᠭᠤᠯᠠ ᠶᠢᠨ ᠤᠷᠳᠤ ᠴᠠᠭᠠᠨ ᠬᠡᠷᠡᠮ ᠤᠨ ᠴᠡᠴᠡᠷᠯᠢᠭ ᠲᠤ ᠬᠦᠷᠴᠦ᠂ ᠭᠠᠷ ᠤᠲᠠᠰᠤ ᠪᠠᠨ ᠨᠡᠭᠡᠭᠡᠨ ︽ | ᠭᠦᠭᠡᠬᠤᠲᠠ ᠶᠢᠨ ᠴᠠᠭᠳᠠᠨ ᠬᠠᠮᠠᠭᠠᠯᠠᠯᠲᠠ︾ App ᠳᠡᠭᠡᠷ᠎ᠡ ᠨᠡᠷ᠎ᠡ ᠪᠠᠨ ᠪᠢᠴᠢᠭᠡᠳ ᠮᠣᠲ᠋ᠣᠷ ᠢᠶᠠᠨ ᠵᠠᠶᠢᠳᠠᠯᠠᠨ ᠤᠢ | ᠰᠢᠭᠤᠢ ᠶᠢ ᠴᠠᠭᠳᠠᠨ ᠬᠠᠮᠠᠭᠠᠯᠠᠬᠤ ᠨᠢᠭᠡ ᠡᠳᠦᠷ ᠤᠨ ᠠᠵᠢᠯ ᠢᠶᠠᠨ ᠡᠬᠢᠯᠡᠭᠦᠯᠪᠡ᠃ | | ᠰᠢᠶᠠ ᠶᠠᠩ ᠲᠠ ᠲᠣᠰᠬᠤᠨ ᠤ ᠬᠡᠭᠡᠷ᠎ᠡ ᠶᠢᠨ ᠭᠦᠶᠯᠡᠰᠦᠨ ᠣᠶ ᠶᠢ ᠴᠠᠭᠳᠠᠨ ᠬᠠᠮᠠᠭᠠᠯᠠᠬᠤ ᠦᠶ᠎ᠡ ᠳᠤ ᠨᠢᠦ | ᠱᠢ ᠬᠤᠸᠠ ᠮᠣᠳᠣᠨ ᠰᠠᠯᠠᠭᠠᠨ ᠳᠡᠭᠡᠷ᠎ᠡ ᠴᠠᠭᠠᠨ ᠬᠥᠰᠢᠭᠡᠲᠦ ᠲᠣᠣᠷ ᠪᠠᠶᠢᠬᠤ ᠶᠢ ᠣᠯᠵᠤ ᠮᠡᠳᠡᠪᠠ᠃ ᠲᠡᠷᠡ ᠣᠯᠠᠨ | ᠵᠢᠯ ᠤᠨ ᠣᠶ ᠰᠢᠭᠤᠢ ᠶᠢ ᠴᠠᠭᠳᠠᠨ ᠪᠠᠶᠢᠴᠠᠭᠠᠭᠰᠠᠨ ᠲᠤᠷᠰᠢᠯᠭ᠎ᠠ ᠪᠠᠷ ᠢᠶᠠᠨ ᠭᠠᠷ ᠤᠲᠠᠰᠤ ᠪᠠᠨ ᠭᠠᠷᠭᠠᠨ ︽ | ᠭᠦᠭᠡᠬᠤᠲᠠ ᠶᠢᠨ ᠴᠠᠭᠳᠠᠨ ᠬᠠᠮᠠᠭᠠᠯᠠᠯᠲᠠ︾ App ᠶᠢ ᠨᠡᠭᠡᠭᠡᠵᠦ᠂ ᠴᠠᠭᠠᠨ ᠲᠣᠣᠷ ᠤᠨ ᠪᠠᠶᠢᠳᠠᠯ᠂ ᠣᠷᠣᠨ | ᠪᠠᠶᠢᠷᠢ ᠪᠠ ᠭᠠᠮᠰᠢᠭᠳᠠᠭᠰᠠᠨ ᠲᠠᠯᠠᠪᠠᠶ ᠵᠡᠷᠭᠡ ᠮᠡᠳᠡᠭᠡ ᠵᠠᠩᠭᠢ ᠶᠢ ᠲᠠᠪᠴᠠᠩ ᠳᠤ ᠳᠠᠮᠵᠢᠭᠤᠯᠪᠠ᠃ ︽ᠳ᠋ᠢ ᠳ᠋ᠢ ᠳ᠋ᠢ ᠁ | ︾ ᠴᠢᠩ ᠱᠦᠢ ᠾᠧ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠠᠭᠠᠯᠠᠯᠲᠠ ᠶᠢᠨ | ᠲᠥᠪ ᠤᠨ ︽ᠭᠦᠭᠡᠬᠤᠲᠠ ᠶᠢᠨ ᠴᠠᠭᠳᠠᠨ ᠬᠠᠮᠠᠭᠠᠯᠠᠯᠲᠠ︾ ᠰᠢᠰᠲ᠋ᠧᠮ ᠰᠠᠨᠠᠭᠤᠯᠤᠮᠵᠢ ᠶᠢᠨ ᠴᠢᠮᠡᠭᠡ ᠳᠠᠮᠵᠢᠭᠤᠯᠵᠤ᠂ | ᠬᠠᠮᠠᠭᠠᠯᠠᠯᠲᠠ ᠶᠢᠨ ᠲᠥᠪ ᠤᠨ ᠳᠡᠳ᠋ ᠡᠷᠭᠢᠯᠡᠭᠴᠢ ᠯᠢ ᠰᠢᠶᠠ ᠳᠡᠯᠭᠡᠴᠡ ᠶᠢᠨ ᠭᠤᠷᠪᠠᠨ ᠬᠡᠮᠵᠢᠯᠲᠦ ᠪᠡᠶᠡᠲᠦ ᠵᠢᠷᠤᠭ | ᠳᠡᠭᠡᠷᠡᠬᠢ ᠬᠥᠬᠡ ᠴᠡᠭ ᠢ ᠳᠠᠷᠤᠵᠤ᠂ ᠨᠢᠦ ᠱᠢ ᠬᠤᠸᠠ ᠶᠢᠨ ᠳᠠᠮᠵᠢᠭᠤᠯᠤᠭᠰᠠᠨ ᠬᠤᠷᠣᠬᠠᠢ ᠶᠢᠨ ᠬᠥᠨᠥᠭᠡᠯ ᠤᠨ | ᠵᠢᠷᠤᠭ ᠢ ᠣᠯᠵᠤ ᠦᠵᠡᠯ᠎ᠡ᠃ ᠲᠡᠷᠡ ᠳᠠᠷᠤᠶᠢᠬᠠᠨ ᠤᠲᠠᠰᠤᠳᠠᠵᠤ᠄ ︽ᠨᠢᠦ ᠭᠤᠸᠠᠢ᠂ ᠪᠢ ᠰᠢᠰᠲ᠋ᠧᠮ ᠠᠴᠠ ᠲᠠᠨ | ᠤ ᠳᠠᠮᠵᠢᠭᠤᠯᠤᠭᠰᠠᠨ ᠬᠤᠷᠣᠬᠠᠢ ᠶᠢᠨ ᠬᠥᠨᠥᠭᠡᠯ ᠤᠨ ᠵᠢᠷᠤᠭ ᠢ ᠣᠯᠵᠤ ᠦᠵᠡᠪᠡ᠂ ᠪᠣᠳᠠᠲᠠᠢ ᠣᠷᠣᠨ ᠪᠠᠶᠢᠷᠢ ᠨᠢ | ᠬᠠᠮᠢᠭ᠎ᠠ ᠪᠠᠶᠢᠬᠤ ᠪᠤᠢ︖ ᠪᠢᠳᠠ ᠳᠠᠷᠤᠶᠢᠬᠠᠨ ᠲᠤᠰᠬᠠᠢ ᠮᠡᠷᠭᠡᠵᠢᠯᠲᠡᠨ ᠲᠣᠮᠢᠯᠠᠨ ᠲᠤᠬᠠᠢ ᠶᠢᠨ ᠲᠠᠯᠠᠪᠠᠢ ᠳᠤ | ᠣᠴᠢᠭᠤᠯᠵᠤ ᠰᠢᠯᠭᠠᠨ ᠲᠣᠭᠲᠠᠭᠠᠯᠭᠠᠶᠠ︾ ᠭᠡᠪᠡ᠃ | | ᠲᠤᠰᠬᠠᠢ ᠮᠡᠷᠭᠡᠵᠢᠯᠲᠡᠨ ᠤ ᠰᠢᠯᠭᠠᠨ ᠲᠣᠭᠲᠠᠭᠠᠭᠰᠠᠨ ᠢᠶᠠᠷ᠂ ᠴᠠᠭᠠᠨ ᠬᠥᠰᠢᠭᠡᠲᠦ ᠲᠣᠣᠷ ᠤᠨ ᠦᠵᠡᠭᠳᠡᠯ ᠨᠢ | ᠣᠶ ᠮᠣᠳᠣᠨ ᠤ ᠬᠥᠨᠥᠭᠡᠯᠳᠦ ᠬᠤᠷᠣᠬᠠᠢ - ᠰᠢᠷ᠎ᠠ ᠬᠦᠷᠡᠩ ᠬᠥᠰᠢᠭᠡᠲᠦ ᠰᠠᠬᠤᠯᠢᠭ ᠬᠤᠷᠣᠬᠠᠢ ᠠᠴᠠ ᠪᠣᠯᠵᠤ᠂ 41 | ᠲᠦᠮᠡᠨ ᠭᠠᠷᠤᠢ ᠰᠠᠭᠤᠷᠢ ᠮᠣᠳᠣ ᠬᠤᠷᠣᠬᠠᠢ ᠶᠢᠨ ᠬᠥᠨᠥᠭᠡᠯ ᠳᠤ ᠲᠠᠭᠠᠷᠢᠬᠳᠠᠨ᠂ ᠭᠠᠮᠰᠢᠭᠳᠠᠭᠰᠠᠨ ᠲᠠᠯᠠᠪᠠᠶ ᠨᠢ | ᠪᠠᠷᠤᠭ 5000 ᠮᠦ ᠳᠤ ᠬᠦᠷᠴᠡᠢ᠃ ᠡᠮ ᠨᠠᠶᠢᠷᠠᠭᠤᠯᠬᠤ᠂ ᠤᠰᠤ ᠨᠡᠮᠡᠬᠦ᠂ ᠡᠮ ᠰᠦᠷᠴᠢᠬᠦ ᠁ ᠬᠠᠮᠠᠭᠠᠯᠠᠯᠲᠠ | ᠶᠢᠨ ᠲᠥᠪ ᠤᠨ ᠬᠢᠨ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠤᠨ ᠬᠤᠷᠣᠬᠠᠢ ᠶᠢᠨ ᠬᠥᠨᠥᠭᠡᠯ ᠳᠤ | ᠲᠠᠭᠠᠷᠢᠬᠳᠠᠬᠰᠠᠨ ᠣᠶᠢᠲᠤ ᠭᠠᠵᠠᠷ ᠢ ᠲᠣᠣᠷᠯᠠᠨ ᠰᠦᠷᠴᠢᠵᠦ ᠠᠷᠢᠭᠤᠳᠬᠠᠪᠠ᠃ | | ᠴᠢᠩ ᠱᠦᠢ ᠾᠧ ᠰᠢᠶᠠᠨ ᠳᠤ ᠥᠷᠭᠡᠨ ᠣᠯᠠᠨ ᠣᠶ ᠰᠢᠭᠤᠢ ᠶᠢᠨ ᠬᠠᠮᠠᠭᠠᠯᠠᠭᠴᠢ ︽ᠭᠦᠭᠡᠬᠤᠲᠠ ᠶᠢᠨ | ᠴᠠᠭᠳᠠᠨ ᠬᠠᠮᠠᠭᠠᠯᠠᠯᠲᠠ︾ ᠶᠢᠨ ᠰᠢᠰᠲ᠋ᠧᠮ ᠢ ᠠᠰᠢᠭᠯᠠᠵᠤ᠂ ᠲᠣᠭᠠᠴᠢᠯᠠᠭᠰᠠᠨ ᠮᠡᠷᠭᠡᠵᠢᠯ ᠳᠤ ᠲᠦᠰᠢᠭᠯᠡᠨ | ᠤᠯᠠᠮᠵᠢᠯᠠᠯᠲᠤ ᠣᠶ ᠰᠢᠭᠤᠢ ᠶᠢ ᠬᠠᠮᠢᠶᠠᠷᠴᠤ ᠬᠠᠮᠠᠭᠠᠯᠠᠬᠤ ᠠᠵᠢᠯ ᠳᠤ ︽ᠣᠶᠤᠨ ᠤ ᠵᠢᠭᠦᠷ︾ ᠤᠷᠭᠤᠭᠤᠯᠪᠠ᠃ | ᠲᠤᠰ ᠰᠢᠰᠲ᠋ᠧᠮ ᠢ ᠴᠢᠩ ᠱᠦᠢ ᠾᠧ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠨᠠᠶᠢᠳᠠᠨ ᠨᠡᠭᠡᠭᠡᠨ ᠬᠥᠭᠵᠢᠭᠦᠯᠦᠭᠰᠡᠨ | ᠶᠤᠮ᠂ ᠰᠢᠰᠲ᠋ᠧᠮ ᠢ 2019 ᠣᠨ ᠳᠤ ᠲᠤᠷᠰᠢᠨ ᠠᠵᠢᠯᠯᠠᠭᠤᠯᠤᠭᠰᠠᠨ ᠠᠴᠠ ᠨᠠᠭᠠᠰᠢ ᠨᠢᠭᠡᠨᠲᠡ ᠪᠦᠭᠦ ᠰᠢᠶᠠᠨ ᠤ | 400 ᠣᠶ ᠰᠢᠭᠤᠢ ᠶᠢᠨ ᠬᠠᠮᠠᠭᠠᠯᠠᠭᠴᠢ ᠶᠢ ᠬᠠᠮᠤᠷᠴᠤ᠂ ᠮᠠᠰᠢ ᠢᠯᠡᠷᠬᠡᠢ ᠦᠷ᠎ᠡ ᠪᠦᠲᠦᠮᠵᠢ ᠣᠯᠵᠤ ᠪᠠᠶᠢᠨ᠎ᠠ᠃ | | ︽ᠬᠤᠯᠤᠭᠠᠨᠠᠴᠢᠷ ᠢ ᠳᠠᠷᠤᠪᠠᠯ ᠣᠶ ᠰᠢᠭᠤᠢ ᠶᠢᠨ ᠬᠠᠮᠠᠭᠠᠯᠠᠭᠴᠢ ᠶᠢᠨ ᠬᠤᠪᠢ ᠬᠥᠮᠥᠨ ᠤ ᠮᠠᠲ᠋ᠧᠷᠢᠶᠠᠯ᠂ | ᠬᠡᠷᠡᠭᠯᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠣᠯᠵᠤ ᠬᠠᠷᠠᠨ᠎ᠠ︾ ᠭᠡᠵᠦ ᠯᠢ ᠰᠢᠶᠠ ᠰᠤᠷᠪᠤᠯᠵᠢᠯᠠᠬᠴᠢ ᠳᠤ | ᠬᠡᠯᠡᠨ᠎ᠡ᠃ ᠲᠡᠭᠦᠨ ᠤ ᠬᠡᠯᠡᠬᠦ ᠪᠠᠷ᠂ ︽ᠭᠦᠭᠡᠬᠤᠲᠠ ᠶᠢᠨ ᠴᠠᠭᠳᠠᠨ ᠬᠠᠮᠠᠭᠠᠯᠠᠯᠲᠠ︾ ᠶᠢᠨ ᠰᠢᠰᠲ᠋ᠧᠮ ᠨᠢ ᠣᠶ | ᠰᠢᠭᠤᠢ ᠶᠢᠨ ᠬᠠᠮᠠᠭᠠᠯᠠᠭᠴᠢᠳ ᠤᠨ ᠠᠭᠤᠯᠠ ᠲᠠᠯ᠎ᠠ ᠶᠢ ᠴᠠᠭᠳᠠᠭᠰᠠᠨ ᠵᠠᠮ ᠮᠥᠷ ᠢ ᠲᠡᠮᠳᠡᠭᠯᠡᠵᠦ ᠪᠤᠯᠬᠤ ᠪᠠᠷ ᠪᠠᠷᠠᠬᠤ | ᠦᠭᠡᠢ ᠪᠠᠰᠠ ᠳᠦᠷᠰᠦ ᠰᠢᠩᠭᠡᠭᠡᠬᠦ᠂ ᠠᠪᠢᠶ᠎ᠠ ᠪᠠᠷ ᠳᠡᠭᠡᠭᠰᠢ ᠮᠡᠳᠡᠭᠦᠯᠬᠦ᠂ ᠡᠭᠦᠷᠭᠡ ᠭᠥᠯᠢᠶᠡᠨ ᠳᠠᠮᠵᠢᠭᠤᠯᠬᠤ ᠵᠡᠷᠭᠡ | ᠡᠯ᠎ᠡ ᠵᠦᠢᠯ ᠤᠨ ᠠᠵᠢᠯ ᠢ ᠬᠢᠵᠦ᠂ ᠠᠭᠤᠯᠠ ᠲᠠᠯ᠎ᠠ ᠶᠢ ᠴᠠᠭᠳᠠᠬᠤ ᠠᠵᠢᠯ ᠢ ᠨᠠᠩ ᠣᠨᠣᠪᠴᠢᠲᠠᠶ ᠪᠥᠭᠡᠳ ᠥᠨᠳᠥᠷ | ᠪᠦᠲᠦᠮᠵᠢᠲᠡᠶ ᠪᠤᠯᠭᠠᠬᠰᠠᠨ ᠪᠠᠶᠢᠨ᠎ᠠ᠃ | | ᠣᠶᠢᠷ᠎ᠠ ᠶᠢᠨ ᠵᠢᠯ ᠳᠤ ᠴᠢᠩ ᠱᠦᠢ ᠾᠧ ᠰᠢᠶᠠᠨ︽ᠠᠮᠢ ᠠᠬᠤᠢ ᠶᠢᠨ ᠲᠣᠭᠤᠷᠢᠨ ᠳᠤ ᠨᠠᠮ ᠤᠨ | ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠠᠮᠢ ᠠᠬᠤᠢ ᠶᠢ ᠠᠬᠢᠭᠤᠯᠬᠤ︾ | ᠠᠵᠢᠯ ᠤᠨ ᠰᠡᠳᠬᠢᠴᠡ ᠶᠢ ᠪᠠᠷᠢᠮᠲᠠᠯᠠᠨ᠂ ︽ᠠᠮᠢ ᠠᠬᠤᠢ ᠪᠠᠷ ᠰᠢᠶᠠᠨ ᠢᠶᠠᠨ ᠬᠥᠭᠵᠢᠭᠦᠯᠬᠦ᠂ ᠠᠮᠢ ᠠᠬᠤᠢ ᠪᠠᠷ | ᠰᠢᠶᠠᠨ ᠢᠶᠠᠨ ᠬᠦᠴᠦᠷᠬᠡᠭᠵᠢᠭᠦᠯᠬᠦ᠂ ᠠᠮᠢ ᠠᠬᠤᠢ ᠪᠠᠷ ᠰᠢᠶᠠᠨ ᠢᠶᠠᠨ ᠮᠠᠨᠳᠤᠭᠤᠯᠬᠤ᠂ ᠠᠮᠢ ᠠᠬᠤᠢ ᠪᠠᠷ ᠠᠷᠠᠳ ᠢ | ᠪᠠᠶᠠᠵᠢᠭᠤᠯᠬᠤ︾ ᠶᠡᠷᠦᠩᠬᠡᠢ ᠬᠠᠷᠠᠯᠲᠠ ᠪᠠᠷ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠤᠷᠢᠳ ᠬᠤᠵᠢᠳ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ ᠲᠠᠷᠢᠶᠠᠯᠠᠬᠤ | ᠪᠠᠨ ᠵᠣᠭᠰᠣᠭᠠᠵᠤ ᠡᠪᠡᠰᠦ ᠮᠣᠳᠣ ᠲᠠᠷᠢᠬᠤ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ᠂ ᠪᠡᠭᠡᠵᠢᠩ ᠲᠢᠶᠠᠨᠵᠢᠨ ᠤ | ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ | ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠢᠲᠡᠭᠦᠮᠵᠢᠯᠡᠨ ᠪᠣᠶᠢᠵᠢᠭᠤᠯᠬᠤ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠤᠢ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ᠂ ᠲᠦᠢᠮᠡᠷ ᠢ | ᠰᠡᠷᠭᠡᠶᠢᠯᠡᠬᠦ᠂ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ | ᠪᠠᠷ ᠳᠠᠮᠵᠢᠨ ᠪᠦᠭᠦ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠳᠤ ᠢᠯᠡᠳᠲᠡ | ᠦᠷ᠎ᠡ ᠪᠦᠲᠦᠮᠵᠢ ᠣᠯᠪᠠ᠃ | | ᠴᠢᠩ ᠱᠦᠢ ᠾᠧ ᠰᠢᠶᠠᠨ ᠤ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠡᠮᠦᠨ᠎ᠡ ᠬᠤᠭᠤᠯᠠᠢ | ᠣᠶ ᠰᠢᠭᠤᠢ ᠶᠢᠨ ᠲᠠᠯᠠᠪᠠᠶ ᠪᠣᠯ ᠬᠠᠲᠤᠨ ᠭᠤᠣᠯ ᠤᠨ ᠳᠤᠮᠳᠠ ᠳᠡᠭᠡᠳᠦ ᠤᠷᠤᠰᠬᠠᠯ ᠤᠨ ᠭᠠᠵᠠᠷ ᠣᠷᠣᠨ ᠤ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ | ᠬᠠᠯᠬᠠᠪᠴᠢ ᠣᠶ᠂ ᠲᠠᠷᠢᠶᠠᠯᠠᠬᠤ ᠪᠠᠨ ᠵᠣᠭᠰᠣᠭᠠᠵᠤ ᠣᠶ ᠮᠣᠳᠣ ᠲᠠᠷᠢᠬᠤ᠂ ᠪᠠᠶᠢᠭᠠᠯᠢ ᠶᠢᠨ ᠣᠶ ᠶᠢ ᠬᠠᠮᠠᠭᠠᠯᠠᠬᠤ | ᠵᠢᠴᠢ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠵᠠᠰᠠᠬᠤ ᠢᠨᠵᠧᠨᠧᠷᠢᠩ ᠤᠨ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠭᠠᠵᠠᠷ ᠣᠷᠣᠨ ᠤ ᠨᠢᠭᠡ ᠪᠣᠯᠣᠨ᠎ᠠ᠃ ᠣᠷᠳᠣ ᠬᠤᠭᠤᠴᠠᠭᠠᠨ ᠤ | ᠲᠤᠷᠰᠢ᠂ ᠴᠢᠩ ᠱᠦᠢ ᠾᠧ ᠰᠢᠶᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠯᠤᠰ ᠲᠥᠷᠥ ᠶᠢᠨ ᠬᠥᠲᠥᠯᠥᠨ | ᠳᠠᠭᠠᠭᠤᠯᠬᠤ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ ᠬᠠᠷᠢᠭᠤᠴᠠᠯᠭ᠎ᠠ | ᠡᠭᠦᠷᠭᠡᠯᠡᠬᠦ᠂ ᠬᠠᠮᠢᠶᠠᠷᠴᠤ ᠬᠠᠮᠠᠭᠠᠯᠠᠬᠤ᠂ ᠬᠢᠨᠠᠨ ᠬᠡᠮᠵᠢᠬᠦ ᠭᠤᠷᠪᠠᠨ ᠶᠡᠭᠡ ᠰᠢᠰᠲ᠋ᠧᠮ ᠢ ᠬᠦᠴᠦᠯᠡᠨ ᠪᠠᠶᠢᠭᠤᠯᠵᠤ᠂ ︽ | ᠣᠶ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠢᠶᠠᠷᠤᠯᠲᠠ ᠶᠢᠨ | ᠲᠣᠭᠲᠠᠴᠠ ᠶᠢ ᠦᠷᠭᠦᠯᠵᠢᠯᠡᠨ ᠠᠬᠢᠭᠤᠯᠵᠤ᠂ ︽ᠣᠶ ᠰᠢᠭᠤᠢ ᠶᠢᠨ ᠬᠠᠮᠠᠭᠠᠯᠠᠭᠴᠢ︾ ᠶᠢᠨ ᠠᠵᠢᠯᠯᠠᠭ᠎ᠠ ᠶᠢᠨ ᠨᠠᠮ | ᠤᠨ ᠡᠭᠦᠷ ᠢ ᠵᠣᠬᠢᠶᠠᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠨᠣᠭᠤᠭᠠᠷᠠᠭᠤᠯᠤᠯᠲᠠ ᠶᠢ ᠬᠠᠮᠢᠶᠠᠷᠬᠤ | ᠨᠣᠭᠤᠭᠠᠷᠠᠭᠤᠯᠤᠯᠲᠠ ᠶᠢ ᠬᠠᠮᠠᠭᠠᠯᠠᠬᠤ ᠡᠯ᠎ᠡ ᠵᠦᠢᠯ ᠤᠨ ᠠᠵᠢᠯᠯᠠᠭ᠎ᠠ ᠳᠤ ᠠᠭᠤᠰᠬᠠᠨ᠂ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠳᠣᠪᠤᠶᠢᠯᠭᠠᠵᠤ᠂ ᠮᠣᠳᠣ ᠳᠠᠷᠢᠵᠤ ᠣᠶᠢᠵᠢᠭᠤᠯᠬᠤ ᠶᠢ ᠲᠠᠰᠤᠷᠠᠯᠳᠠ ᠦᠭᠡᠢ | ᠴᠢᠩᠭᠠᠳᠬᠠᠪᠠ᠃ ᠥᠨᠥ ᠣᠶ ᠰᠢᠭᠤᠢ ᠶᠢᠨ ᠲᠠᠯᠠᠪᠠᠶ ᠶᠢᠨ ᠶᠡᠷᠦᠩᠬᠡᠢ ᠡᠵᠡᠩᠨᠡᠯᠲᠡ ᠶᠢᠨ ᠲᠠᠯᠠᠪᠠᠶ ᠨᠢ 4132 | ᠾᠧᠺᠲ᠋ᠠᠷ ᠲᠤ ᠬᠦᠷᠴᠦ᠂︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠢᠨᠵᠧᠨᠧᠷᠢᠩ ᠤᠨ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠬᠤ ᠳᠤ ᠦᠢᠯᠡᠴᠢᠯᠡᠭᠰᠡᠨ ᠦᠢᠯᠡᠳᠦᠯᠭᠡ ᠶᠢᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠢᠯᠡᠷᠡᠭᠦᠯᠪᠡ᠃ | ᠤᠳᠤ ᠡᠮᠦᠨ᠎ᠡ ᠬᠤᠭᠤᠯᠠᠢ ᠤᠢ ᠰᠢᠭᠤᠢ ᠶᠢᠨ ᠲᠠᠯᠠᠪᠠᠢ ᠶᠢᠨ ᠬᠢᠯᠢ ᠳᠣᠲᠣᠷ᠎ᠠ ᠤᠢ ᠮᠣᠳᠣ ᠡᠪᠡᠰᠦ ᠪᠡᠯᠴᠢᠭᠡᠷ ᠢᠭᠴᠤ | ᠰᠠᠬᠤᠯᠢᠭ ᠤᠷᠭᠤᠵᠤ ᠨᠣᠮᠢᠨ ᠳᠣᠯᠭᠢᠶᠠᠨ ᠬᠠᠶᠠᠯᠠᠨ᠂ ᠥᠩᠭᠡᠷᠡᠭᠰᠡᠨ ᠤ ᠨᠡᠯᠦᠶᠢᠭᠰᠡᠨ ᠡᠯᠡᠰᠦ ᠮᠠᠩᠬ᠎ᠠ ᠪᠤᠴᠠᠯᠲᠠ | ᠦᠭᠡᠢ ᠠᠷᠢᠯᠪᠠ᠃ | | ᠮᠠᠲ᠋ᠧᠷᠢᠶᠠᠯ ᠢ ᠦᠨᠳᠦᠰᠦᠯᠡᠪᠡᠯ᠂︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠪᠤᠯᠲᠠᠯ᠎ᠠ ᠴᠢᠩ | ᠱᠦᠢ ᠾᠧ ᠰᠢᠶᠠᠨ ᠤ ᠡᠯ᠎ᠡ ᠲᠥᠷᠥᠯ ᠤᠨ ᠣᠶ ᠮᠣᠳᠣᠨ ᠤ ᠲᠠᠯᠠᠪᠠᠶ 131.1 ᠲᠦᠮᠡᠨ ᠮᠦ᠂ ᠣᠶ ᠰᠢᠭᠤᠢ ᠶᠢᠨ | ᠪᠦᠷᠬᠦᠴᠡ ᠶᠢᠨ ᠨᠣᠷᠮ᠎ᠠ 31% ᠳᠤ ᠬᠦᠷᠴᠦ᠂ ᠡᠪᠡᠰᠦᠲᠦ ᠭᠠᠵᠠᠷ ᠤᠨ ᠲᠠᠯᠠᠪᠠᠶ 166.7 ᠲᠦᠮᠡᠨ ᠮᠦ᠂ | ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 40.1% ᠳᠤ ᠬᠦᠷᠴᠦ᠂ | ᠠᠮᠢ ᠠᠬᠤᠢ ᠪᠠ ᠠᠵᠤ ᠠᠬᠤᠢ ᠶᠢᠨ ᠬᠤᠣᠰ ᠬᠡᠷᠡᠭᠴᠡᠭᠡᠲᠦ ᠣᠶ ᠶᠢ 88 ᠲᠦᠮᠡᠨ ᠮᠦ ᠣᠶᠢᠵᠢᠭᠤᠯᠪᠠ᠃ ᠡᠭᠦᠨ ᠤ | ᠬᠠᠮᠲᠤ ᠤᠯᠤᠰ ᠤᠨ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ ᠢ ᠲᠣᠰ ᠪᠦᠷᠢ | 1 ᠪᠠᠶᠢᠭᠤᠯᠪᠠ᠃ ᠲᠣᠰ ᠰᠢᠶᠠᠨ ᠤᠷᠢᠳ ᠬᠤᠵᠢᠳ ︽ᠪᠦᠭᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ | ᠰᠢᠶᠠᠨ︾᠂ ︽ᠪᠦᠭᠦ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠣᠪᠣᠶᠢᠮ᠎ᠠ ᠬᠤᠪᠢ ᠨᠡᠮᠡᠷᠢ | ᠦᠵᠡᠭᠦᠯᠦᠭᠰᠡᠨ ᠲᠡᠷᠢᠭᠦᠨ ᠤ ᠬᠠᠮᠲᠤ ᠨᠡᠶᠢᠲᠡ︾᠂ ︽ᠪᠦᠭᠦ ᠤᠯᠤᠰ ᠤᠨ ᠣᠶ ᠰᠢᠭᠤᠢ ᠶᠢᠨ ᠰᠢᠰᠲ᠋ᠧᠮ ᠤᠨ | ᠲᠡᠷᠢᠭᠦᠨ ᠤ ᠬᠠᠮᠲᠤ ᠨᠡᠶᠢᠲᠡ︾᠂ ︽ᠪᠦᠭᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠶᠢᠨ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ︾ ᠵᠡᠷᠭᠡ ᠠᠯᠢ ᠣᠯᠠᠨ ᠢᠷᠠᠭᠤ | ᠠᠯᠳᠠᠷ ᠢ ᠭᠥᠷᠳᠡᠭᠰᠡᠨ ᠪᠢᠯᠡ᠃ | |