﹇ᠴᠥᠯᠵᠢᠯᠲᠡ ᠶᠢᠨ ᠵᠠᠰᠠᠯᠲᠠ﹈ ᠳ᠋ᠦ᠋ ᠮᠢᠨ᠄ ᠡᠯᠡᠰᠦ ᠵᠠᠰᠠᠬᠤ ᠠᠶᠠᠨ ᠢᠶᠠᠨ ᠭᠤᠴᠢᠭᠠᠳ ᠵᠢᠯ ᠶᠡᠷᠦ ᠵᠣᠭᠰᠣᠭᠰᠠᠨ ᠦᠭᠡᠢ
ᠨᠡᠶᠢᠲᠡᠯᠡᠭᠰᠡᠨ ᠴᠠᠭ᠄
2024/5/15
  ᠯᠢ ᠺᠧ ᠰᠢᠨ      ᠵᠢᠷᠭᠤᠳᠤᠭᠠᠷ ᠤᠳᠠᠭᠠᠨ ᠤ ᠪᠦᠭᠦ ᠤᠯᠤᠰ ᠤᠨ ᠴᠦᠯᠯᠡᠷᠭᠡᠭᠵᠢᠯ ᠪᠠ ᠡᠯᠡᠰᠦᠷᠬᠡᠭᠵᠢᠯ ᠤᠨ ᠬᠢᠨᠠᠨ ᠬᠡᠮᠵᠢᠯᠲᠡ ᠎ ᠶᠢᠨ ᠦᠷ᠎ᠡ ᠳ᠋ᠦᠩ ᠠᠴᠠ ᠦᠵᠡᠪᠡᠯ᠂ ᠬᠥᠯᠥᠨ ᠪᠤᠶᠢᠷ ᠤᠨ ᠡᠯᠡᠰᠦᠷᠬᠡᠭ ᠭᠠᠵᠠᠷ ᠤᠨ ᠲᠠᠯᠠᠪᠠᠢ ᠦᠷᠭᠦᠯᠵᠢᠯᠡᠨ ᠪᠠᠭᠠᠰᠴᠤ᠂ ᠦᠷ᠎ᠡ ᠪᠦᠲᠦᠮᠵᠢ ᠢᠯᠡᠳᠲᠡ ᠰᠠᠶᠢᠵᠢᠷᠠᠵᠡᠢ; ᠨᠡᠭᠦᠳᠡᠯ ᠡᠯᠡᠰᠦᠷᠬᠡᠭ ᠭᠠᠵᠠᠷ ᠪᠠ ᠬᠠᠭᠠᠰ ᠲᠣᠭᠲᠠᠮᠠᠯ ᠡᠯᠡᠰᠦᠷᠬᠡᠭ ᠭᠠᠵᠠᠷ ᠢ ᠪᠦᠲᠦᠮᠵᠢᠲᠡᠶ ᠬᠢᠵᠠᠭᠠᠷᠯᠠᠵᠤ᠂ ᠪᠢᠲᠡᠭᠦᠮᠵᠢᠯᠡᠨ ᠪᠣᠶᠢᠵᠢᠭᠤᠯᠤᠭᠰᠠᠨ ᠣᠷᠣᠨ ᠤ ᠤᠷᠭᠤᠮᠠᠯ ᠤᠨ ᠬᠤᠴᠢᠯᠭ᠎ᠠ 75%᠎ ᠶᠢ ᠳᠠᠪᠠᠪᠠ ; ᠡᠯᠡᠰᠦᠷᠬᠡᠭ ᠣᠷᠣᠨ ᠤ ᠡᠯᠡᠰᠦ ᠳᠡᠭᠳᠡᠵᠦ ᠲᠣᠭᠤᠰᠣ ᠮᠠᠨᠠᠷᠠᠭᠰᠠᠨ ᠠᠭᠤᠷ ᠠᠮᠢᠰᠬᠤᠯ ᠢᠯᠡᠷᠬᠡᠢ ᠪᠠᠭᠠᠰᠴᠤ᠂ ᠥᠩᠭᠡᠷᠡᠭᠰᠡᠨ ᠤ ᠡᠯᠡᠰᠦ ᠳᠡᠭᠳᠡᠵᠦ ᠲᠣᠭᠤᠰᠣ ᠮᠠᠨᠠᠷᠠᠭᠰᠠᠨ ᠵᠢᠯ ᠪᠦᠷᠢ ᠶᠢᠨ ᠳᠤᠮᠳᠠᠴᠢ ᠲᠤᠭ᠎ᠠ15 ᠡᠳᠦᠷ ᠪᠠᠶᠢᠭᠰᠠᠨ ᠠᠴᠠ ᠪᠠᠨ ᠣᠲᠣ ᠪᠤᠯᠬᠤ ᠳᠤ ᠵᠢᠯ ᠪᠦᠷᠢ ᠶᠢᠨ ᠳᠤᠮᠳᠠᠴᠢ ᠲᠤᠭ᠎ᠠ 1.3 ᠡᠳᠦᠷ ᠪᠣᠯᠵᠤ ᠪᠠᠭᠠᠰᠤᠭᠰᠠᠨ ᠪᠠᠶᠢᠨ᠎ᠠ᠃            1994 ᠣᠨ ᠳᠤ᠂ ᠠᠭᠤᠷ ᠠᠮᠢᠰᠬᠤᠯ ᠭᠠᠩ ᠬᠠᠭᠤᠷᠠᠢ ᠪᠠ ᠬᠥᠮᠥᠰ ᠤᠨ ᠠᠵᠢᠯᠯᠠᠭ᠎ᠠ ᠨᠡᠮᠡᠭᠳᠡᠭᠰᠡᠨ ᠵᠡᠷᠭᠡ ᠰᠢᠯᠲᠠᠭᠠᠨ ᠠᠴᠠ ᠪᠣᠯᠵᠤ᠂ ᠬᠥᠯᠥᠨ ᠪᠤᠶᠢᠷ ᠬᠤᠲᠠ ᠶᠢᠨ ᠡᠯᠡᠰᠦᠷᠬᠡᠭ ᠭᠠᠵᠠᠷ ᠤᠨ ᠵᠠᠬ᠎ᠠ ᠭᠦᠪᠡᠭᠡ ᠲᠠᠰᠤᠷᠠᠯᠲᠠ ᠦᠭᠡᠢ ᠥᠷᠭᠡᠵᠢᠨ᠂ ᠨᠤᠲᠤᠭ ᠪᠡᠯᠴᠢᠭᠡᠷ ᠡᠯᠡᠰᠦᠷᠬᠡᠭᠵᠢᠬᠦ ᠰᠦᠷᠳᠡᠭᠦᠯᠦᠯ ᠳᠤ ᠤᠴᠠᠷᠠᠪᠠ᠃ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠵᠠᠰᠠᠯᠲᠠ ᠶᠢ ᠲᠦᠷᠭᠡᠳᠬᠡᠵᠦ᠂ ᠬᠥᠯᠥᠨ ᠪᠤᠶᠢᠷ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2008 ᠣᠨ ᠳᠤ ᠬᠥᠯᠥᠨ ᠪᠤᠶᠢᠷ ᠬᠤᠲᠠ ︽ᠬᠥᠯᠥᠨ ᠪᠤᠶᠢᠷ ᠤᠨ ᠡᠯᠡᠰᠦᠷᠬᠡᠭ ᠭᠠᠵᠠᠷ ᠢ ᠵᠠᠰᠠᠬᠤ ᠲᠥᠯᠦᠪᠵᠢᠭᠦᠯᠭᠡ ︵2009 - 2013 ᠣᠨ︶︾᠎ ᠶᠢ ᠨᠠᠶᠢᠷᠠᠭᠤᠯᠤᠨ ᠵᠣᠬᠢᠶᠠᠬᠤ ᠪᠠᠷ ᠲᠣᠭᠲᠠᠪᠠ            ᠡᠨᠡ ᠬᠦ ︽ᠲᠥᠯᠦᠪᠵᠢᠭᠦᠯᠭᠡ︾᠎ ᠶᠢ ᠬᠥᠯᠥᠨ ᠪᠤᠶᠢᠷ ᠬᠤᠳᠠ ᠶᠢᠨ ᠤᠢ ᠰᠢᠭᠤᠢ ᠶᠢᠨ ᠰᠠᠯᠠᠭ᠎ᠠ ᠮᠥᠴᠢᠷ ᠎ ᠠᠴᠠ ᠵᠣᠬᠢᠶᠠᠨ ᠪᠠᠶᠢᠭᠤᠯᠤᠨ ᠲᠥᠰᠥᠪᠯᠡᠨ ᠨᠠᠶᠢᠷᠠᠭᠤᠯᠤᠨ ᠵᠣᠬᠢᠶᠠᠵᠤ᠂ ᠬᠥᠯᠥᠨ ᠪᠤᠶᠢᠷ ᠬᠤᠳᠠ ᠶᠢᠨ ᠤᠢ ᠰᠢᠭᠤᠢ ᠎ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠮᠡᠷᠭᠡᠵᠢᠯᠲᠡᠨ ᠳ᠋ᠦ᠋ ᠮᠢᠨ ᠬᠠᠮᠲᠤ ᠠᠵᠢᠯᠯᠠᠭᠰᠠᠳ ᠲᠠᠢ ᠪᠠᠨ ᠡᠨᠡ ᠬᠦ ᠬᠠᠲᠠᠭᠤᠵᠢᠯᠲᠠᠢ ᠡᠭᠦᠷᠭᠡ ᠶᠢ ᠭᠥᠯᠢᠶᠡᠨ ᠠᠪᠴᠠᠢ᠃ ᠲᠤᠬᠠᠢ ᠶᠢᠨ ᠦᠶ᠎ᠡ ᠳᠤ᠂ ᠮᠠᠰᠢ ᠣᠯᠠᠨ ᠬᠠᠮᠢᠶ᠎ᠠ ᠪᠦᠬᠦᠢ ᠮᠠᠲ᠋ᠧᠷᠢᠶᠠᠯ ᠨᠢ ᠴᠥᠮ ᠬᠤᠭᠤᠰᠤᠨ ᠪᠠᠶᠢᠵᠤ᠂ ᠡᠯᠡᠰᠦᠷᠬᠡᠭ ᠣᠷᠣᠨ ᠤ ᠦᠨᠳᠦᠰᠦᠨ ᠪᠠᠶᠢᠳᠠᠯ ᠢ ᠣᠶᠢᠯᠠᠭᠠᠬᠤ ᠳᠤ ᠶᠡᠭᠡ ᠬᠦᠴᠢᠷᠳᠡᠵᠦ ᠪᠠᠶᠢᠪᠠ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠪᠣᠳᠠᠲᠤ ᠲᠤᠭ᠎ᠠ ᠪᠠᠷᠢᠮᠲᠠ ᠶᠢ ᠦᠵᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠪᠡᠯ ᠰᠠᠶ᠋ᠢ ᠬᠠᠮᠤᠭ ᠤᠨ ᠦᠨᠡᠨ ᠪᠣᠳᠠᠲᠠᠢ ᠲᠤᠭ᠎ᠠ ᠪᠠᠷᠢᠮᠲᠠ ᠶᠢ ᠣᠯᠵᠤ ᠴᠢᠳᠠᠨ᠎ᠠ᠃ ᠳ᠋ᠦ᠋ ᠮᠢᠨ ᠦᠪᠡᠰᠦᠪᠠᠨ ᠬᠦᠰᠦᠨᠦᠭ ᠵᠢᠷᠤᠵᠤ ᠲᠥᠯᠥᠪᠯᠡᠨ᠂ ᠪᠠᠶᠢᠴᠠᠭᠠᠯᠲᠠ ᠶᠢᠨ ᠪᠠᠶᠢᠳᠠᠯ ᠢ ᠲᠠᠭᠯᠠᠵᠤ᠂ ᠬᠥᠯᠥᠨ ᠪᠤᠶᠢᠷ ᠤᠨ ᠡᠯᠡᠰᠦᠷᠬᠡᠭ ᠭᠠᠵᠠᠷ ᠲᠤ ᠪᠦᠭᠦ ᠲᠠᠯ᠎ᠠ ᠶᠢᠨ ᠪᠠᠶᠢᠴᠠᠭᠠᠯᠲᠠ ᠬᠢᠵᠦ ᠡᠬᠢᠯᠡᠭᠰᠡᠨ ᠪᠠᠶᠢᠨ᠎ᠠ᠃            ᠪᠠᠶᠢᠴᠠᠭᠠᠯᠲᠠ ᠶᠢᠨ ᠳᠤᠮᠳᠠ᠂ ᠳ᠋ᠦ᠋ ᠮᠢᠨ ᠬᠥᠯᠥᠨ ᠪᠤᠶᠢᠷ ᠤᠨ ᠡᠯᠡᠰᠦᠷᠬᠡᠭ ᠭᠠᠵᠠᠷ ᠤᠨ 6 ᠬᠤᠰᠢᠭᠤ ︵ᠬᠤᠲᠠ︶᠎ ᠶᠢᠨ 33 ᠰᠤᠮᠤ ︵ᠰᠢᠶᠠᠩ᠂ ᠪᠠᠯᠭᠠᠰᠤ︶᠎ ᠪᠠᠷ ᠶᠠᠪᠤᠵᠤ ᠥᠩᠭᠡᠷᠡᠪᠡ᠃ ᠵᠠᠮ ᠬᠠᠷᠢᠯᠴᠠᠭ᠎ᠠ ᠳᠥᠭᠦᠮ ᠦᠭᠡᠢ ᠠᠴᠠ ᠪᠣᠯᠵᠤ᠂ ᠮᠠᠰᠢᠨ ᠲᠡᠷᠭᠡ ᠡᠯᠡᠰᠦᠷᠬᠡᠭ ᠭᠠᠵᠠᠷ ᠤᠨ ᠳᠤᠮᠳᠠ ᠬᠦᠷᠴᠦ ᠴᠢᠳᠠᠬᠤ ᠦᠭᠡᠢ ᠪᠤᠯᠬᠤ ᠦᠶ᠎ᠡ ᠎ ᠳᠤ᠂ ᠲᠡᠷᠡ ᠶᠠᠪᠠᠭᠠᠨ ᠢᠶᠠᠷ ᠶᠠᠪᠤᠵᠤ ᠡᠯᠡᠰᠦ ᠶᠢ ᠲᠤᠭᠤᠯᠳᠠᠭ᠃ ᠡᠯᠡᠰᠦᠷᠬᠡᠭ ᠭᠠᠵᠠᠷ ᠤᠨ ᠠᠭᠠᠭᠢᠮ᠎ᠠ ᠬᠠᠯᠠᠭᠤᠨ᠂ ᠪᠠᠲᠠᠭᠠᠨ᠎ᠠ ᠰᠢᠮᠠᠭᠤᠯ ᠳᠤ ᠬᠠᠳᠬᠤᠭᠳᠠᠬᠤ ᠵᠡᠷᠭᠡ ᠤᠨᠴᠠᠭᠠᠢ ᠣᠷᠴᠢᠨ ᠲᠣᠭᠤᠷᠢᠨ ᠳᠤ ᠳ᠋ᠦ᠋ ᠮᠢᠨ ᠥᠴᠥᠬᠡᠨ ᠴᠦ ᠭᠤᠮᠣᠳᠠᠯ ᠲᠣᠭᠠᠴᠢᠬᠤ ᠦᠭᠡᠢ ᠪᠠᠷ ︽ᠡᠯᠡᠰᠦᠨ ᠳᠤ ᠪᠢ ᠥᠪᠡᠷ ᠢ ᠪᠠᠨ ᠡᠮᠡᠭᠲᠡᠢ ᠬᠥᠮᠥᠨ ᠭᠡᠰᠡᠨ ᠢᠶᠠᠨ ᠤᠮᠠᠷᠲᠠᠵᠤ ᠂ ᠡᠷᠡᠭᠲᠡᠶᠢᠴᠦᠳ ᠤᠨ ᠬᠢᠵᠦ ᠳᠡᠶᠢᠯᠭᠦ ᠠᠵᠢᠯ ᠢ ᠪᠢ ᠴᠦ ᠬᠢᠵᠦ ᠳᠡᠶᠢᠯᠦᠨ᠎ᠡ︾ ᠭᠡᠵᠦ ᠬᠠᠲᠠᠭᠤ ᠵᠣᠷᠢᠭ ᠰᠢᠢᠳᠴᠦ ᠵᠣᠷᠢᠮᠠᠭ ᠠᠵᠢᠯᠯᠠᠭᠰᠠᠨ ᠶᠤᠮ᠃ ᠡᠮᠡᠭᠲᠡᠢ ᠬᠥᠮᠥᠨ ᠪᠣᠯᠤᠭᠰᠠᠨ ᠤ ᠬᠤᠪᠢ ᠳᠤ᠂ ᠳ᠋ᠦ᠋ ᠮᠢᠨ ᠶᠡᠷᠦ ᠠᠴᠠ ᠥᠪᠡᠷ ᠤᠨ ᠪᠡᠶ᠎ᠡ ᠪᠠᠨ ᠣᠨᠴᠠᠭᠠᠶ ᠪᠠᠶᠢᠷᠢᠨ ᠳᠤ ᠲᠠᠯᠪᠢᠭᠰᠠᠨ ᠦᠭᠡᠢ᠃ ᠣᠷᠳᠣ ᠬᠤᠭᠤᠴᠠᠭ᠎ᠠ ᠪᠠᠷ ᠬᠡᠭᠡᠷ᠎ᠡ ᠭᠠᠳᠠᠨ᠎ᠠ ᠠᠵᠢᠯᠯᠠᠳᠠᠭ ᠪᠣᠯᠬᠤᠷ ᠦᠷᠭᠦᠯᠵᠢ ᠭᠡᠷ ᠤᠨ ᠬᠥᠮᠥᠰ ᠢᠶᠠᠨ ᠬᠠᠷᠠᠵᠤ ᠬᠠᠷᠠᠭᠠᠯᠵᠠᠵᠤ ᠲᠡᠶᠢᠯᠭᠦ ᠦᠭᠡᠢ ᠪᠤᠯᠪᠠᠴᠦ ᠭᠡᠷ ᠎ ᠤᠨ ᠬᠢᠨ ᠴᠦ ᠲᠡᠭᠦᠨ ᠢ ᠵᠢᠮᠡᠯᠡᠵᠦ ᠥᠩᠭᠡᠷᠡᠭᠰᠡᠨ ᠶᠤᠮ᠂ ᠬᠠᠷᠢᠨ ᠲᠡᠷᠡ ᠠᠵᠢᠯ ᠤᠨ ᠪᠠᠶᠢᠷᠢ ᠠᠴᠠ ᠪᠠᠨ ᠰᠠᠯᠤᠯ ᠦᠭᠡᠢ ᠠᠵᠢᠯ ᠳᠠᠭᠠᠨ ᠰᠢᠭᠤᠷᠬᠠᠶᠢᠯᠠᠵᠤ ᠠᠵᠢᠯᠯᠠᠬᠤ ᠳᠤᠨᠢ ᠠᠬ᠎ᠠ ᠳᠡᠭᠦᠦ ᠲᠥᠷᠥᠯ ᠰᠠᠳᠤᠨ ᠨᠢ ᠲᠡᠭᠦᠨ ᠳᠤ ᠬᠦᠴᠦᠨ ᠵᠣᠷᠢᠭ ᠣᠯᠭᠤᠨ ᠤᠷᠤᠭᠰᠢ ᠬᠥᠲᠥᠯᠵᠡᠢ᠃            3 ᠰᠠᠷ᠎ᠠ ᠶᠢᠨ ᠬᠤᠭᠤᠴᠠᠭᠠᠨ ᠳᠤ᠂ ᠳ᠋ᠦ᠋ ᠮᠢᠨ ᠬᠠᠮᠲᠤ ᠠᠵᠢᠯᠯᠠᠭᠰᠠᠳ ᠲᠠᠢ ᠪᠠᠨ ᠬᠥᠯᠥᠨ ᠪᠤᠶᠢᠷ ᠤᠨ ᠡᠯᠡᠰᠦᠷᠬᠡᠭ ᠭᠠᠵᠠᠷ ᠤᠨ ᠭᠠᠵᠠᠷ ᠵᠦᠢ ᠶᠢᠨ ᠪᠠᠶᠢᠷᠢᠯᠠᠯ᠂ ᠭᠠᠵᠠᠷ ᠰᠢᠷᠣᠢ ᠶᠢᠨ ᠲᠥᠷᠥᠯ ᠭᠡᠯᠪᠡᠷᠢ᠂ ᠤᠷᠭᠤᠮᠠᠯ ᠤᠨ ᠬᠤᠴᠢᠯᠭ᠎ᠠ ᠶᠢᠨ ᠪᠠᠶᠢᠳᠠᠯ᠂ ᠠᠭᠤᠷ ᠠᠮᠢᠰᠬᠤᠯ᠂ ᠤᠰᠤᠨ ᠤ ᠡᠬᠢ ᠪᠠᠶᠠᠯᠢᠭ ᠤᠨ ᠪᠠᠶᠢᠳᠠᠯ᠂ ᠡᠯᠡᠰᠦᠷᠬᠡᠭᠵᠢᠭᠰᠡᠨ ᠬᠡᠮᠵᠢᠶ᠎ᠡ ᠵᠡᠷᠭᠡ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠪᠠ᠃            ᠠᠩᠬᠠᠨ ᠤ ᠪᠠᠶᠢᠴᠠᠭᠠᠯᠲᠠ ᠶᠢᠨ ᠮᠠᠲ᠋ᠧᠷᠢᠶᠠᠯ ᠢ ᠦᠨᠳᠦᠰᠦᠯᠡᠨ᠂ ᠬᠥᠯᠥᠨ ᠪᠤᠶᠢᠷ ᠬᠤᠲᠠ ᠰᠢᠨᠵᠢᠯᠡᠬᠦ ᠤᠬᠠᠭᠠᠨᠴᠢ ᠶᠡᠷᠦᠩᠬᠡᠶᠢᠯᠡᠭᠰᠡᠨ ᠵᠠᠰᠠᠯᠲᠠ ᠶᠢᠨ ᠠᠷᠭ᠎ᠠ ᠬᠡᠮᠵᠢᠶ᠎ᠡ ᠵᠢᠴᠢ ᠵᠠᠭᠪᠤᠷ ᠢ ᠲᠣᠭᠲᠠᠭᠠᠵᠤ᠂ ︽ᠬᠥᠯᠥᠨ ᠪᠤᠶᠢᠷ ᠎ ᠤᠨ ᠡᠯᠡᠰᠦᠷᠬᠡᠭ ᠭᠠᠵᠠᠷ ᠢ ᠵᠠᠰᠠᠬᠤ ᠲᠥᠯᠦᠪᠵᠢᠭᠦᠯᠭᠡ ︵2009 - 2013 ᠣᠨ︶︾᠎ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠲᠣᠰ ︽ᠲᠥᠯᠦᠪᠵᠢᠭᠦᠯᠭᠡ︾᠎ ᠨᠢ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢ ᠥᠩᠭᠡᠷᠡᠭᠡᠵᠦ᠂ ᠬᠥᠯᠥᠨ ᠪᠤᠶᠢᠷ ᠤᠨ ᠡᠯᠡᠰᠦᠷᠬᠡᠭ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢᠨ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ᠬᠥᠯᠥᠨ ᠪᠤᠶᠢᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ ᠣᠲᠣ ᠪᠤᠯᠲᠠᠯ᠎ᠠ ᠥᠷᠭᠡᠨ ᠢᠶᠠᠷ ᠬᠡᠷᠡᠭᠯᠡᠭᠳᠡᠭᠰᠡᠭᠡᠷ ᠪᠠᠶᠢᠨ᠎ᠠ᠃            ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠪᠣᠯ ᠨᠢᠭᠡᠨ ᠤᠷᠳᠤ ᠬᠤᠭᠤᠴᠠᠭᠠᠨ ᠤ ᠬᠠᠲᠠᠭᠤ ᠪᠡᠷᠬᠡ ᠰᠢᠰᠲ᠋ᠧᠮᠳᠤ ᠢᠨᠵᠧᠨᠧᠷᠢᠩ ᠮᠥᠨ᠂ ᠳ᠋ᠦ᠋ ᠮᠢᠨ ᠵᠤᠨ ᠪᠣᠯᠣᠭᠰᠠᠭᠠᠷ ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦ ᠶᠢ ᠵᠠᠰᠠᠬᠤ ᠭᠠᠵᠠᠷ ᠪᠣᠯᠭᠠᠨ ᠢᠶᠠᠷ ᠶᠠᠪᠤᠵᠤ᠂ ᠡᠩ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢᠨ ᠠᠵᠢᠯ ᠢ ᠪᠠᠷᠢᠮᠲᠠᠯᠠᠨ ᠥᠷᠨᠢᠭᠦᠯᠵᠦ᠂ ᠵᠠᠰᠠᠭᠰᠠᠨ ᠦᠷ᠎ᠡ ᠪᠦᠲᠦᠮᠵᠢ ᠶᠢ ᠵᠥᠪ ᠦᠨᠡᠯᠡᠬᠦ ᠳᠤ ᠨᠠᠶᠢᠳᠠᠪᠤᠷᠢᠲᠠᠢ ᠦᠨᠳᠦᠰᠦ ᠪᠠᠷᠢᠮᠲᠠ ᠬᠠᠩᠭᠠᠭᠰᠠᠨ ᠪᠠᠶᠢᠨ᠎ᠠ᠃ ︽ᠡᠯᠡᠰᠦ ᠶᠢ ᠵᠠᠰᠠᠭᠰᠠᠨ ᠭᠠᠵᠠᠷ ᠪᠣᠯᠭᠠᠨ ᠴᠥᠮ ᠮᠢᠨᠤ ᠬᠡᠦᠬᠡᠳ ᠲᠠᠢ ᠠᠳᠠᠯᠢ᠂ ᠪᠢ ᠵᠢᠯ ᠪᠦᠷᠢ ᠨᠢᠭᠡ ᠤᠳᠠᠭ᠎ᠠ ᠡᠷᠭᠢᠨ ᠦᠵᠡᠳᠡᠭ᠂ ᠢᠩᠭᠢᠪᠡᠯ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠤᠶᠢᠰᠢᠳᠠ ᠶᠢᠨ ᠠᠵᠢᠯ ᠳᠤ ᠰᠠᠨᠠᠭᠤᠯᠭ᠎ᠠ ᠭᠠᠷᠴᠤ ᠢᠷᠡᠨ᠎ᠠ᠂ ᠪᠢᠳᠡ ᠭᠢᠯᠪᠡᠷ ᠪᠤᠰᠤ ᠎ ᠪᠠᠷ ᠣᠯᠣᠭᠰᠠᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢᠶᠠᠨ ᠡᠷᠬᠡᠪᠰᠢ ᠰᠠᠶᠢᠲᠤᠷ ᠪᠠᠬᠢᠵᠢᠭᠦᠯᠬᠦ ᠬᠡᠷᠡᠭᠲᠡᠢ︾ ᠭᠡᠵᠦ ᠳ᠋ᠦ᠋ ᠮᠢᠨ ᠬᠡᠯᠡᠨ᠎ᠡ᠃            ᠳ᠋ᠦ᠋ ᠮᠢᠨ ᠣᠲᠣ ᠬᠥᠯᠥᠨ ᠪᠤᠶᠢᠷ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠭᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠬᠢᠨᠠᠨ ᠬᠡᠮᠵᠢᠬᠦ ᠪᠠ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠵᠢᠴᠢ ᠰᠤᠳᠤᠯᠬᠤ ᠵᠡᠷᠭᠡ ᠠᠵᠢᠯ ᠢ ᠡᠷᠭᠢᠯᠡᠵᠦ ᠪᠤᠶ᠃ 2015 ᠣᠨ ᠳᠤ᠂ ᠳ᠋ᠦ᠋ ᠮᠢᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠡᠷᠲᠡᠭᠡᠨ ᠵᠠᠰᠠᠬᠤ ᠣᠷᠣᠨ ᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ︾᠎ ᠤ ᠴᠣᠯᠠ ᠣᠯᠭᠤᠪᠠ᠃ ᠲᠡᠭᠦᠨ ᠤ ᠳᠠᠭᠠᠭᠤᠯᠭ᠎ᠠ ᠪᠠᠷ᠂ ᠡᠯᠡᠰᠦ ᠶᠢ ᠵᠠᠰᠠᠬᠤ ᠰᠤᠳᠤᠯᠭᠠᠨ ᠤ ᠲᠥᠪ ᠎ ᠤᠨ ᠪᠦᠯᠭᠦᠮ ᠤᠨ ᠬᠢᠨ ᠤᠯᠠᠨ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠣᠯᠵᠠᠢ᠃ ᠡᠭᠦᠨ ᠳᠤ ︽ᠬᠥᠯᠥᠨ ᠪᠤᠶᠢᠷ ᠤᠨ ᠡᠯᠡᠰᠦᠷᠬᠡᠭ ᠭᠠᠵᠠᠷ ᠢ ᠪᠢᠲᠡᠭᠦᠮᠵᠢᠯᠡᠨ ᠪᠣᠶᠢᠵᠢᠭᠤᠯᠬᠤ ᠨᠥᠬᠦᠴᠡᠯ ᠳᠣᠣᠷᠠᠬᠢ ᠬᠥᠮᠥᠨ ᠤ ᠬᠦᠴᠦ ᠪᠠᠷ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠮᠡᠷᠭᠡᠵᠢᠯ ᠤᠨ ᠰᠤᠳᠤᠯᠭᠠᠨ︾᠎ ᠨᠢ ︽2014 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ ᠶᠢᠨ ᠭᠤᠷᠪᠠᠳᠤᠭᠠᠷ ᠳᠡᠰ ᠤᠨ ᠱᠠᠩᠨᠠᠯ︾᠎ ᠢ ᠭᠦᠷᠳᠡᠪᠡ᠃            30 ᠭᠠᠷᠤᠢ ᠵᠢᠯ ᠤᠨ ᠲᠤᠷᠰᠢ᠂ ᠳ᠋ᠦ᠋ ᠮᠢᠨ ᠡᠯᠡᠰᠦ ᠶᠢ ᠵᠠᠰᠠᠬᠤ ᠡᠮᠦᠨ᠎ᠡ ᠹᠷᠣᠨᠲ ᠲᠤ ᠭᠠᠪᠰᠢᠭᠠᠶᠢᠯᠠᠨ ᠠᠵᠢᠯᠯᠠᠵᠤ᠂ ᠵᠠᠯᠠᠭᠤ ᠲᠤᠰᠬᠠᠢ ᠮᠡᠷᠭᠡᠵᠢᠯᠲᠡᠨ ᠢ ᠳᠠᠭᠠᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠲᠤᠰᠬᠠᠢ ᠮᠡᠷᠭᠡᠵᠢᠯ ᠤᠨ ᠮᠡᠳᠡᠯᠭᠡ ᠪᠠ ᠲᠤᠷᠰᠢᠯᠭ᠎ᠠ ᠶᠢ ᠤᠯᠠᠮᠵᠢᠯᠠᠪᠠ᠃ ︽ᠭᠠᠭᠴᠠ ᠮᠢᠨᠤ ᠴᠢᠷᠮᠠᠶᠢᠯᠭ᠎ᠠ ᠪᠠᠷ ᠣᠷᠴᠢᠨ ᠲᠣᠭᠤᠷᠢᠨ ᠢ ᠰᠠᠶᠢᠵᠢᠷᠠᠭᠤᠯᠵᠤ ᠳᠡᠶᠢᠯᠭᠦ ᠪᠢᠰᠢ᠂ ᠬᠥᠯᠥᠨ ᠪᠤᠶᠢᠷ ᠤᠨ ᠡᠯᠡᠰᠦ ᠶᠢ ᠵᠠᠰᠠᠭᠰᠠᠨ ᠠᠮᠵᠢᠯᠲᠠ ᠪᠣᠯ ᠬᠡᠳᠦᠨ ᠦᠶ᠎ᠡ ᠶᠢᠨ ᠬᠥᠮᠥᠰ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠪᠦᠲᠦᠭᠡᠯ ᠮᠥᠨ᠂ ᠡᠯᠡᠰᠦᠷᠬᠡᠭ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠭᠰᠠᠨ ᠶᠠᠪᠤᠳᠠᠯ ᠮᠥᠨ︾ ᠭᠡᠵᠦ ᠳ᠋ᠦ᠋ ᠮᠢᠨ ᠬᠡᠯᠡᠨ᠎ᠡ᠃            ᠬᠥᠯᠥᠨ ᠪᠤᠶᠢᠷ ᠤᠨ ᠡᠯᠡᠰᠦ ᠶᠢ ᠵᠠᠰᠠᠬᠤ ᠠᠯᠬᠤᠭ᠎ᠠ ᠦᠷᠭᠦᠯᠵᠢᠯᠡᠭᠰᠡᠭᠡᠷ᠂ ᠳ᠋ᠦ᠋ ᠮᠢᠨ ᠤ ᠠᠯᠬᠤᠭ᠎ᠠ ᠴᠤ ᠦᠷᠭᠦᠯᠵᠢᠯᠡᠭᠰᠡᠭᠡᠷ᠃ ᠡᠨᠡ ᠵᠢᠯ᠂ ᠬᠥᠯᠥᠨ ᠪᠤᠶᠢᠷ ᠬᠤᠲᠠ ᠶᠠᠭ ᠬᠠᠭᠤᠴᠢᠨ ᠪᠠᠷᠭᠤ ᠬᠤᠰᠢᠭᠤᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ ᠪᠠᠶᠢᠨ᠎ᠠ᠂ ᠠᠵᠢᠯᠯᠠᠬᠤ ᠲᠣᠭᠤᠷᠢᠭ ᠲᠤ ᠳ᠋ᠦ᠋ ᠮᠢᠨ ᠤ ᠶᠠᠭᠠᠷᠠᠯᠲᠠᠢ ᠠᠵᠢᠯᠯᠠᠵᠤ ᠪᠠᠶᠢᠬᠤ ᠶᠢ ᠪᠠᠶᠢᠩᠭᠤ ᠣᠯᠵᠤ ᠬᠠᠷᠠᠬᠤ ᠶᠤᠮ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号