| | | ᠵᠠᠩ ᠯᠤ᠋ | ᠨᠠᠮᠤᠷ ᠤᠨ ᠡᠬᠢᠨ ᠤ ᠰᠢᠯᠢ ᠶᠢᠨ ᠭᠤᠣᠯ ᠠᠶᠢᠮᠠᠭ ᠤᠨ ᠳᠤᠯᠤᠨ ᠨᠤᠤᠷ ᠰᠢᠶᠠᠨ ᠤ ᠳᠤᠯᠤᠨ ᠨᠤᠤᠷ | ᠪᠠᠯᠭᠠᠰᠤᠨ ᠤ ᠰᠢᠨ ᠮᠢᠨ ᠲᠣᠰᠬᠤᠨ ᠳᠤ ᠠᠭᠤᠯᠠ ᠲᠣᠯᠣᠭᠠᠳ ᠬᠥᠬᠡᠷᠡᠨ ᠤᠢ ᠰᠢᠭᠤᠢ ᠢᠭᠴᠤᠷᠠᠨ ᠬᠠᠷᠠᠭᠳᠠᠨ᠎ᠠ᠃ | ᠬᠠᠶᠢᠯᠠᠷ ᠨᠠᠷᠠᠰᠤ᠂ ᠰᠢᠷ᠎ᠠ ᠪᠤᠷᠭᠠᠰᠤ᠂ ᠬᠡᠭᠡᠷ᠎ᠡ ᠶᠢᠨ ᠭᠦᠢᠯᠡᠰᠦ ᠵᠡᠷᠭᠡ 40 ᠭᠠᠷᠤᠢ ᠲᠦᠮᠡᠨ ᠰᠠᠭᠤᠷᠢ ᠮᠣᠳᠣ ᠪᠠᠷ | ᠪᠦᠷᠢᠯᠳᠦᠭᠰᠡᠨ 3700 ᠮᠦ ᠨᠣᠮᠢᠨ ᠲᠠᠯᠠᠢ ᠨᠢ ᠠᠭᠯᠠᠭ ᠠᠭᠤᠯᠠ ᠶᠢ ᠨᠣᠭᠤᠭᠠᠨ ᠪᠦᠷᠢᠳᠦ ᠪᠣᠯᠭᠠᠨ ᠬᠤᠪᠢᠷᠠᠭᠤᠯᠵᠤ | ᠡᠯᠡᠰᠦ ᠶᠢ ᠵᠠᠰᠠᠭᠰᠠᠨ ᠭᠠᠶᠢᠬᠠᠮᠰᠢᠭ ᠢ ᠪᠢᠴᠢᠭᠯᠡᠭᠰᠡᠨ ᠪᠠᠶᠢᠨ᠎ᠠ᠃ | | ᠲᠤᠯᠤᠨ ᠨᠤᠤᠷ ᠰᠢᠶᠠᠨ ᠪᠣᠯ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠳᠤ | ᠪᠠᠶᠢᠷᠢᠯᠠᠵᠤ᠂ ᠥᠪᠥᠷ ᠮᠣᠩᠭᠤᠯ ᠤᠨ ᠪᠡᠭᠡᠵᠢᠩ ᠠᠴᠠ ᠬᠠᠮᠤᠭ ᠤᠨ ᠣᠶᠢᠷ᠎ᠠ ᠬᠤᠰᠢᠭᠤ ᠰᠢᠶᠠᠨ ᠪᠣᠯᠣᠨ᠎ᠠ᠂ 2000 | ᠣᠨ ᠤ ᠳᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ ᠬᠡᠮᠵᠢᠯᠲᠡ ᠠᠴᠠ ᠦᠵᠡᠪᠡᠯ᠂ ᠪᠦᠭᠦ ᠰᠢᠶᠠᠨ ᠤ ᠰᠠᠯᠬᠢᠨ | ᠳᠤ ᠢᠳᠡᠭᠳᠡᠭᠰᠡᠨ᠂ ᠤᠷᠤᠰᠬᠠᠯ ᠤᠰᠤᠨ ᠳᠤ ᠢᠳᠡᠭᠳᠡᠭᠰᠡᠨ᠂ ᠡᠯᠡᠰᠦᠷᠬᠡᠭᠵᠢᠭᠰᠡᠨ ᠲᠠᠯᠠᠪᠠᠢ 3365 ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ᠂ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 87% ᠶᠢ ᠡᠵᠡᠯᠡᠨ᠂ | ᠡᠭᠦᠨ ᠳᠤ ᠬᠦᠨᠳᠦ ᠨᠣᠴᠢᠲᠠᠢ ᠡᠯᠡᠰᠦᠷᠬᠡᠭᠵᠢᠭᠰᠡᠨ ᠲᠠᠯᠠᠪᠠᠢ 1400 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ | ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 36% ᠶᠢ ᠡᠵᠡᠯᠡᠨ᠂ ᠵᠡᠭᠦᠨᠰᠢ ᠪᠠᠷᠠᠭᠤᠨᠰᠢ ᠴᠢᠭᠯᠡᠯ ᠲᠠᠢⅠ᠂ Ⅱ᠂ | Ⅲ ᠨᠣᠮᠧᠷᠲᠤ ᠭᠤᠷᠪᠠᠨ ᠶᠡᠭᠡ ᠡᠯᠡᠰᠦᠨ ᠪᠦᠰᠡ ᠪᠦᠭᠦ ᠰᠢᠶᠠᠨ ᠢᠶᠠᠷ ᠲᠠᠷᠬᠠᠵᠤ ᠪᠤᠢ᠃ ᠮᠠ ᠶᠦᠨ ᠫᠢᠩ ᠪᠣᠯ | ᠲᠤᠯᠤᠨ ᠨᠤᠤᠷ ᠪᠠᠯᠭᠠᠰᠤᠨ ᠤ ᠰᠢᠨ ᠮᠢᠨ ᠲᠣᠰᠬᠤᠨ ᠤ ᠲᠠᠷᠢᠶᠠᠴᠢᠨ᠂ ᠲᠡᠳᠡᠨ ᠤ ᠭᠡᠷ ᠨᠢ ᠶᠠᠭⅠᠨᠣᠮᠧᠷᠲᠤ | ᠡᠯᠡᠰᠦᠨ ᠪᠦᠰᠡ ᠶᠢᠨ ᠥᠷᠥᠴᠡᠨ ᠳᠤ ᠪᠠᠶᠢᠷᠢᠯᠠᠳᠠᠭ᠃ | | ︽ᠡᠯᠡᠰᠦᠨ ᠰᠢᠭᠤᠷᠭ᠎ᠠ ᠳᠡᠭᠳᠡᠬᠦ ᠪᠦᠷᠢ ᠲᠡᠭᠷᠢ ᠭᠠᠵᠠᠷ ᠢ ᠪᠦᠷᠬᠦᠭᠰᠡᠨ ᠡᠯᠡᠰᠦ ᠰᠢᠷᠣᠢ ᠭᠡᠷ ᠲᠤ | ᠦᠯᠢᠶᠡᠭᠳᠡᠨ ᠣᠷᠣᠵᠤ ᠢᠷᠡᠭᠡᠳ ᠡᠯᠡᠰᠦ ᠰᠢᠷᠣᠢ ᠬᠥᠮᠥᠨ ᠤ ᠬᠢᠷᠢᠲᠡᠢ ᠣᠪᠣᠭᠠᠷᠠᠴᠢᠬᠠᠳᠠᠭ ᠢ ᠪᠢ ᠪᠠᠭ᠎ᠠ ᠠᠴᠠ ᠪᠠᠨ | ᠬᠠᠷᠠᠵᠤ ᠪᠠᠶᠢᠭᠰᠠᠨ ᠪᠣᠯᠬᠤᠷ ᠶᠡᠭᠡ ᠠᠶᠤᠵᠤ ᠡᠮᠢᠶᠡᠳᠡᠭ ᠪᠠᠶᠢᠭᠰᠠᠨ︾ ᠭᠡᠵᠦ ᠮᠠ ᠶᠦᠨ ᠫᠢᠩ ᠡᠷᠭᠢᠴᠡᠭᠦᠯᠦᠨ | ᠶᠠᠷᠢᠵᠤ᠂ ᠮᠥᠨ ᠴᠤ ᠲᠡᠷᠡ ᠦᠶ᠎ᠡ ᠠᠴᠠ ᠡᠬᠢᠯᠡᠨ᠂ ︽ᠨᠣᠮᠢᠨ ᠨᠣᠭᠤᠭᠠᠨ︾ ᠬᠦᠰᠡᠯ ᠵᠡᠭᠦᠳᠦ ᠲᠡᠭᠦᠨ ᠤ | ᠰᠡᠳᠬᠢᠯ ᠳᠤ ᠭᠦᠨ ᠦᠨᠳᠦᠰᠦᠯᠡᠪᠡ᠃ | | ︽2000 ᠣᠨ ᠳᠤ ᠤᠯᠤᠰ ᠠᠴᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ ᠰᠢᠶᠠᠨ ᠤ ᠬᠢᠨ ᠴᠤ ᠡᠭᠦᠨ ᠤ ᠳᠠᠭᠠᠤ ᠳᠤ ᠲᠠᠪᠤᠨ ᠡᠯᠡᠰᠦᠷᠬᠡᠭᠵᠢᠭᠰᠡᠨ | ᠭᠠᠵᠠᠷ ᠢ ᠳᠠᠭᠠᠭᠠᠴᠢᠯᠠᠭᠤᠯᠬᠤ ᠪᠠᠷ ᠤᠷᠢᠶᠠᠯᠠᠪᠠ᠂ ᠭᠡᠪᠡᠴᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ | ᠲᠠᠷᠠᠭ᠎ᠠ ᠳᠠᠭᠠᠭᠠᠴᠢᠯᠠᠬᠤ ᠳᠤᠷᠠᠲᠠᠢ ᠬᠥᠮᠥᠨ ᠨᠢᠭᠡ ᠴᠤ ᠪᠠᠶᠢᠭᠰᠠᠨ ᠦᠭᠡᠢ᠃ ᠬᠠᠷᠠᠬᠠᠨ ᠪᠠᠭ᠎ᠠ ᠠᠴᠠ ᠪᠠᠨ ᠥᠰᠴᠦ | ᠲᠦᠷᠦᠭᠰᠡᠨ ᠭᠡᠷ ᠣᠷᠣᠨ ᠢᠶᠠᠨ ᠡᠯᠡᠰᠦᠨ ᠳᠤ ᠰᠦᠢᠳᠬᠡᠭᠳᠡᠬᠦ ᠶᠢ ᠪᠢ ᠬᠠᠷᠠᠵᠤ ᠪᠠᠶᠢᠭᠠᠳ ᠬᠠᠶᠠᠭᠠᠨ ᠳᠤᠨᠢ ᠬᠠᠶᠠᠵᠤ | ᠪᠤᠯᠬᠤ ᠦᠭᠡᠢ ᠲᠤᠯᠠ ᠡᠬᠡᠨᠡᠷ ᠲᠠᠢ ᠪᠠᠨ ᠤᠯᠠᠨ ᠤᠳᠠᠭ᠎ᠠ ᠵᠥᠪᠳᠡᠭᠰᠡᠨ ᠤ ᠲᠠᠷᠠᠭ᠎ᠠ᠂ 3700 ᠮᠦ ᠶᠢᠨ | ︿ᠡᠯᠡᠰᠦᠷᠬᠡᠭᠵᠢᠭᠰᠡᠨ ᠠᠲᠠᠷ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ﹀ ᠳᠤ ᠡᠷᠡᠰ ᠰᠢᠭᠤᠷᠬᠠᠢ ᠪᠠᠷ ᠭᠠᠷ ᠤᠨ | ᠦᠰᠦᠭ ᠵᠢᠷᠤᠪᠠ︾ ᠭᠡᠵᠦ ᠮᠠ ᠶᠦᠨ ᠫᠢᠩ ᠶᠠᠷᠢᠨ᠎ᠠ᠃ | | ᠨᠡᠯᠦᠶᠢᠨ ᠴᠠᠶᠢᠷᠠᠭᠰᠠᠨ ᠬᠤᠪᠠᠭ᠋ᠠᠢ ᠡᠯᠡᠰᠦᠨ ᠳᠤ᠂ ᠣᠷᠣᠰᠢᠯ ᠲᠣᠭᠲᠠᠨᠢᠯ ᠤᠨ ᠨᠣᠮᠢᠨ ᠨᠣᠭᠤᠭᠠᠨ ᠣᠷᠣᠨ ᠵᠠᠢ | ᠶᠢ ᠡᠷᠢᠯᠬᠢᠯᠡᠬᠦ ᠪᠣᠯ ᠨᠢᠭᠡ ᠵᠦᠢᠯ ᠤᠨ ᠬᠠᠲᠠᠭᠤ ᠪᠡᠷᠬᠡ ᠲᠡᠮᠡᠴᠡᠯ ᠮᠥᠨ᠃ 2000 ᠣᠨ ᠤ ᠬᠠᠪᠤᠷ᠂ ᠮᠠ ᠶᠦᠨ | ᠫᠢᠩ ᠡᠯᠡᠰᠦ ᠰᠢᠷᠣᠢ ᠲᠠᠢ ᠵᠢᠩᠬᠢᠨᠢ ᠪᠠᠷ ︽ᠲᠠᠶᠢᠨ ᠵᠠᠷᠯᠠᠵᠤ︾ ᠡᠬᠢᠯᠡᠪᠡ᠂ ᠲᠡᠷᠡ ᠡᠬᠡᠨᠡᠷ ᠲᠠᠢ ᠪᠠᠨ ᠬᠤᠶᠠᠭᠤᠯᠠ | ᠡᠯᠡᠰᠦᠨ ᠳᠤ ᠨᠢᠭᠡᠨ ᠳᠥᠭᠦᠮᠬᠡᠨ ᠫᠧᠩ ᠪᠠᠷᠢᠵᠤ᠂ ᠡᠯᠡᠰᠦᠨ ᠳᠤᠮᠳᠠ ᠢᠳᠡᠵᠦ ᠬᠤᠨᠣᠵᠤ᠂ ᠶᠠᠭ ᠯᠡ ᠵᠠᠷᠯᠢᠭ | ᠭᠦᠢᠴᠡᠳᠬᠡᠵᠦ ᠪᠤᠢ ᠪᠠᠶᠢᠯᠳᠤᠭᠴᠢ ᠰᠢᠭ᠋ ᠡᠯᠡᠰᠦ ᠶᠢ ᠰᠠᠬᠢᠨ᠂ ᠡᠯᠡᠰᠦ ᠶᠢ ᠵᠠᠰᠠᠬᠤ ᠵᠠᠮ ᠢᠶᠠᠨ ᠡᠬᠢᠯᠡᠭᠦᠯᠦᠭᠰᠡᠨ | ᠪᠠᠶᠢᠨ᠎ᠠ᠃ | | ᠬᠤᠪᠠᠭ᠋ᠠᠢ ᠡᠯᠡᠰᠦ ᠶᠢ ᠵᠠᠰᠠᠨ᠎ᠠ ᠭᠡᠳᠡᠭ ᠠᠮᠠᠷ ᠦᠭᠡᠢ ᠳᠠᠪᠠᠭ᠎ᠠ︕ ᠪᠡᠷᠬᠡ ᠬᠠᠲᠠᠭᠤ ᠣᠷᠴᠢᠨ ᠠᠴᠠ ᠨᠡᠩ | ᠬᠡᠴᠡᠭᠦᠦ ᠨᠢ ᠡᠮᠦᠨᠡᠬᠢ ᠬᠤᠭᠤᠴᠠᠭᠠᠨ ᠤ ᠡᠯᠡᠰᠦ ᠵᠠᠰᠠᠬᠤ ᠠᠶᠠᠨ ᠳᠤ ᠲᠤᠷᠰᠢᠯᠭ᠎ᠠ ᠬᠤᠮᠰᠠ ᠠᠴᠠ ᠪᠣᠯᠵᠤ᠂ | ᠣᠯᠠᠨᠲᠠ ᠨᠤᠭᠤᠷᠠᠯ ᠪᠦᠳᠦᠷᠢᠯ ᠳᠤ ᠤᠴᠠᠷᠠᠭᠰᠠᠨ ᠶᠠᠪᠤᠳᠠᠯ ᠪᠤᠯᠬᠤ ᠶᠤᠮ᠃ ᠲᠠᠳᠠ ᠰᠢᠷ᠎ᠠ ᠪᠤᠷᠭᠠᠰᠤ᠂ | ᠤᠯᠢᠶᠠᠰᠤᠨ ᠤ ᠮᠥᠴᠢᠷ ᠪᠠ ᠲᠠᠷᠢᠮᠠᠯ ᠤᠨ ᠡᠰᠢ ᠰᠦᠷᠡᠯ ᠢᠶᠠᠷ ᠨᠢᠭᠡᠨ ᠲᠣᠬᠤᠢ ᠬᠢᠷᠢᠲᠡᠢ ᠰᠢᠳᠠᠮ ᠵᠣᠬᠢᠶᠠᠨ᠂ | ᠨᠡᠭᠦᠳᠡᠯ ᠡᠯᠡᠰᠦᠨ ᠳᠡᠭᠡᠷ᠎ᠡ ᠰᠠᠷᠠᠯᠵᠢᠨ ᠬᠠᠯᠬᠠᠪᠴᠢ ᠬᠠᠳᠬᠤᠭᠠᠳ ᠰᠠᠷᠠᠯᠵᠢᠨ ᠳᠣᠲᠣᠷ᠎ᠠ ᠨᠢ ᠡᠪᠡᠰᠦᠨ ᠦᠷ᠎ᠡ | ᠳᠠᠷᠢᠵᠤ᠂ ᠳᠠᠷᠠᠭ᠎ᠠ ᠨᠢ ᠡᠯᠡᠰᠦᠨ ᠳᠡᠭᠡᠷ᠎ᠡ ᠨᠢᠮᠪᠡᠭᠡ᠂ ᠰᠢᠷ᠎ᠠ ᠪᠤᠷᠭᠠᠰᠤ ᠵᠡᠷᠭᠡ ᠰᠠᠯᠬᠢ ᠶᠢ ᠬᠠᠯᠬᠠᠯᠠᠨ ᠡᠯᠡᠰᠦ ᠶᠢ | ᠲᠣᠭᠲᠠᠪᠤᠷᠢᠵᠢᠭᠤᠯᠳᠠᠭ ᠤᠷᠭᠤᠮᠠᠯ ᠳᠠᠷᠢᠳᠠᠭ᠃ ᠭᠡᠪᠡᠴᠦ ᠰᠠᠯᠬᠢ ᠰᠢᠭᠤᠷᠭ᠎ᠠ ᠶᠡᠬᠡᠲᠡᠢ ᠠᠴᠠ ᠪᠣᠯᠵᠤ᠂ ᠬᠠᠪᠤᠷ | ᠳᠠᠷᠢᠭᠰᠠᠨ ᠡᠯᠡᠰᠦᠨ ᠬᠠᠯᠬᠠᠪᠴᠢ ᠪᠠᠷᠤᠭ ᠪᠦᠭᠦᠨ ᠢᠶᠠᠷ ᠢᠶᠠᠨ ᠪᠤᠯᠠᠬᠳᠠᠬᠰᠠᠨ ᠪᠤᠯᠪᠠᠴᠤ ᠲᠡᠳᠡ ᠶᠡᠷᠦ ᠵᠣᠷᠢᠭ | ᠮᠣᠬᠤᠭᠰᠠᠨ ᠦᠭᠡᠢ᠂ ᠪᠤᠯᠠᠬᠳᠠᠪᠠᠯ ᠳᠠᠷᠢᠵᠤ᠂ ᠳᠠᠷᠢᠪᠠᠯ ᠪᠤᠯᠠᠬᠳᠠᠨᠠ᠂ ᠪᠤᠯᠠᠬᠳᠠᠪᠠᠯ ᠲᠠᠭᠢᠭᠠᠳ ᠯᠡ ᠳᠠᠷᠢᠵᠤ᠂ | ᠳᠠᠭᠢᠨ ᠳᠤᠯᠤᠭ᠎ᠠ ᠳᠠᠪᠲᠠᠳᠠᠭ᠃ ᠵᠣᠷᠢᠭ ᠪᠠᠶᠢᠪᠠᠯ ᠵᠣᠷᠢᠭᠰᠠᠨ ᠳᠠᠭᠠᠨ ᠭᠡᠳᠡᠭᠴᠢᠯᠡᠨ ᠮᠠ ᠶᠦᠨ ᠫᠢᠩ ᠡᠷᠲᠡᠯᠡᠵᠦ | ᠣᠷᠣᠶᠢᠯᠠᠬᠤ ︽ᠰᠢᠷᠦᠭᠦᠨ ᠪᠠᠶᠢᠯᠳᠤᠭᠠᠨ︾ ᠤ ᠳᠤᠮᠳᠠ᠂ ᠠᠩᠬᠠᠨ ᠤ ᠡᠯᠡᠰᠦᠨ ᠲᠤᠪᠤ ᠶᠢ ᠡᠴᠦᠰ ᠲᠡᠭᠡᠨ ᠵᠠᠰᠠᠵᠤ | ᠳᠠᠭᠤᠰᠬᠠᠵᠠᠢ᠃ | | ᠮᠠ ᠶᠦᠨ ᠫᠢᠩ ᠨᠡᠭᠦᠵᠦ ᠪᠠᠶᠢᠭᠰᠠᠨ ᠡᠯᠡᠰᠦᠷᠬᠡᠭ ᠭᠠᠵᠠᠷ ᠨᠢ ᠲᠣᠭᠲᠠᠪᠤᠷᠢᠵᠢᠭᠰᠠᠨ ᠢ ᠦᠵᠡᠭᠡᠳ᠂ | ᠡᠯᠡᠰᠦᠷᠬᠡᠭ ᠭᠠᠵᠠᠷ ᠲᠤ ᠮᠣᠳᠣ ᠲᠠᠷᠢᠵᠤ ᠣᠶᠢᠵᠢᠭᠤᠯᠵᠤ ᠡᠬᠢᠯᠡᠪᠡ᠃ ᠵᠢᠯ ᠪᠦᠷᠢ ᠶᠢᠨ ᠬᠠᠪᠤᠷ ᠤᠨ ᠤᠯᠠᠷᠢᠯ ᠳᠤ | ᠪᠦᠷ ᠬᠡᠳᠦᠨ ᠤᠳᠠᠭᠠᠨ ᠤ ᠡᠯᠡᠰᠦᠨ ᠰᠢᠭᠤᠷᠭ᠎ᠠ ᠳᠡᠭᠳᠡᠳᠡᠭ᠂ ᠲᠡᠷᠡ ᠰᠠᠯᠬᠢ ᠨᠠᠮᠳᠠᠬᠤ ᠦᠶ᠎ᠡ ᠳᠤ ᠴᠠᠭ ᠢ ᠠᠮᠵᠢᠨ | ᠲᠠᠷᠢᠵᠦ᠂ ᠶᠠᠳᠠᠷᠠᠭᠠᠳ ᠨᠢᠷᠤᠭᠤ ᠪᠠᠨ ᠵᠢᠭᠢᠯᠭᠡᠵᠦ ᠳᠡᠶᠢᠯᠭᠦ ᠦᠭᠡᠢ ᠪᠣᠯᠪᠠᠯ ᠵᠢᠭᠠᠬᠠᠨ ᠰᠠᠭᠤᠵᠤ ᠠᠮᠠᠷᠠᠴᠢᠬᠠᠭᠠᠳ | ᠦᠷᠭᠦᠯᠵᠢᠯᠡᠨ ᠲᠠᠷᠢᠳᠠᠭ ᠪᠠᠶᠢᠨ᠎ᠠ; ᠵᠤᠨ ᠤ ᠤᠯᠠᠷᠢᠯ ᠪᠣᠯ ᠮᠣᠳᠣᠨ ᠳᠤ ᠤᠰᠤ ᠨᠥᠬᠦᠬᠦ ᠤᠯᠠᠷᠢᠯ ᠪᠣᠯᠣᠨ᠎ᠠ᠂ | ᠮᠣᠷᠢᠨ ᠲᠡᠷᠭᠡ ᠪᠠᠷ 2 ᠺᠢᠯᠣᠮᠧᠲᠷ ᠤᠨ ᠵᠠᠶᠢᠲᠠᠢ ᠪᠠᠶᠢᠭ᠎ᠠ ᠭᠡᠷ ᠠᠴᠠ ᠪᠠᠨ ᠤᠰᠤ ᠲᠠᠲᠠᠵᠤ ᠪᠠᠶᠢᠭᠰᠠᠨ ᠠᠴᠠ ᠪᠠᠨ | ᠲᠦᠷᠪᠡᠨ ᠬᠦᠷᠳᠦᠲᠦ ᠲᠡᠷᠭᠡ ᠪᠠᠷ ᠤᠰᠤ ᠲᠠᠲᠠᠬᠤ ᠪᠣᠯᠪᠠ᠂ ᠲᠡᠷᠡ ᠤᠳᠠᠭ᠎ᠠ ᠳᠠᠷᠠᠭᠠᠯᠠᠨ ᠤᠰᠤ ᠲᠠᠲᠠᠵᠤ ᠵᠤᠯᠵᠠᠭ᠎ᠠ | ᠮᠣᠳᠣ ᠪᠣᠯᠭᠠᠨ ᠢ ᠤᠰᠤᠯᠠᠬᠤ ᠳᠠᠭᠠᠨ ᠪᠠᠶᠠᠷᠯᠠᠬᠤ ᠶᠢᠨ ᠶᠡᠭᠡ ᠪᠠᠷ ᠪᠠᠶᠠᠷᠯᠠᠳᠠᠭ; ᠨᠠᠮᠤᠷ ᠡᠪᠦᠯ ᠤᠨ ᠴᠠᠭ ᠢᠶᠠᠷ᠂ | ᠮᠠ ᠶᠦᠨ ᠫᠢᠩ ᠬᠠᠮᠢᠶᠠᠷᠴᠤ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠮᠣᠳᠣᠨ ᠤ ᠰᠠᠯᠠᠭ᠎ᠠ | ᠨᠠᠮᠠᠭ᠎ᠠ ᠶᠢ ᠵᠠᠰᠠᠨ᠂ ᠡᠳᠦᠷ ᠪᠦᠷᠢ ᠬᠦᠷᠵᠡ ᠪᠠᠨ ᠡᠭᠦᠷᠴᠦ ᠭᠠᠵᠠᠷ ᠪᠣᠯᠭᠠᠨ ᠢᠶᠠᠷ ᠲᠣᠭᠤᠷᠢᠨ ᠪᠠᠶᠢᠴᠠᠭᠠᠵᠤ᠂ ᠶᠠᠭ | ᠯᠡ ᠥᠪᠡᠷ ᠤᠨ ᠦᠷ᠎ᠡ ᠬᠡᠦᠬᠡᠳ ᠢᠶᠠᠨ ᠬᠠᠶᠢᠷᠠᠯᠠᠨ ᠬᠠᠮᠠᠭᠠᠯᠠᠳᠠᠭ ᠰᠢᠭ᠋ ᠨᠠᠷᠢᠨ ᠬᠢᠨᠠᠮᠠᠭᠠᠢ ᠬᠠᠨᠳᠤᠳᠠᠭ᠃ | | ᠵᠢᠯ ᠪᠦᠷᠢ᠂ ᠡᠳᠦᠷ ᠪᠣᠯᠭᠠᠨ ᠠᠵᠢᠯᠯᠠᠬᠤ ᠶᠠᠪᠤᠴᠠ ᠳᠤ᠂ ᠥᠩᠭᠡᠷᠡᠭᠰᠡᠨ ᠤ ︽ᠲᠡᠭᠷᠢ ᠭᠠᠵᠠᠷ ᠢ | ᠨᠡᠶᠢᠯᠡᠭᠦᠯᠦᠮᠡᠷ ᠡᠯᠡᠰᠦ ᠰᠢᠷᠣᠢ︾ ᠲᠠᠢ ᠪᠠᠶᠢᠭᠰᠠᠨ ᠪᠠᠶᠢᠳᠠᠯ ᠡᠴᠦᠰᠯᠡᠵᠦ᠂ ᠡᠯᠡᠰᠦᠨ ᠴᠥᠯ ᠳᠤ ᠣᠶ ᠰᠢᠭᠤᠢ | ᠬᠥᠬᠡᠷᠡᠨ ᠨᠣᠭᠤᠭᠠᠷᠠᠵᠤ᠂ ᠲᠡᠭᠦᠨ ᠢ ᠤᠯᠠᠮ ᠵᠣᠷᠢᠭᠵᠢᠭᠤᠯᠵᠠᠢ᠃ | | ︽ᠡᠳᠡᠭᠡᠷ ᠵᠢᠯ ᠤᠳ ᠲᠤ ᠡᠬᠡᠨᠡᠷ ᠪᠢᠳᠡ ᠬᠤᠶᠠᠭᠤᠯᠠ ᠬᠥᠷᠥᠩᠭᠡ ᠪᠠᠨ ᠬᠥᠨᠲᠥᠷᠦᠭᠰᠡᠨ ᠪᠥᠭᠡᠳ ᠪᠠᠰᠠ | ᠭᠠᠵᠠᠷ ᠪᠣᠯᠭᠠᠨ ᠠᠴᠠ ᠵᠣᠭᠤᠰ ᠵᠢᠭᠡᠯᠡᠵᠦ ᠪᠠᠶᠢᠭᠠᠳ ᠲᠠᠷᠢᠶ᠎ᠠ ᠲᠠᠷᠢᠵᠤ᠂ ᠬᠠᠯᠠ ᠵᠣᠪᠠᠯᠠᠩ ᠢ ᠬᠠᠰᠢᠷᠠᠲᠠᠯ᠎ᠠ | ᠠᠮᠰᠠᠭᠰᠠᠨ ᠪᠤᠯᠪᠠᠴᠤ ᠡᠯᠡᠰᠦ ᠶᠢ ᠵᠠᠰᠠᠬᠤ ᠪᠠᠨ ᠪᠠᠷᠢᠮᠲᠠᠯᠠᠭᠰᠠᠭᠠᠷ ᠢᠷᠡᠵᠡᠢ᠃ ᠲᠤᠬᠠᠢ ᠶᠢᠨ ᠦᠶ᠎ᠡ ᠳᠤ ᠪᠢ | ᠭᠡᠷ᠎ᠡ ᠳᠤ ᠭᠠᠷ ᠤᠨ ᠦᠰᠦᠭ ᠵᠢᠷᠤᠭᠰᠠᠨ ᠨᠢ ᠳᠠᠷᠤᠢ ᠬᠠᠷᠢᠭᠤᠴᠠᠯᠭ᠎ᠠ ᠮᠥᠨ᠂ ᠪᠢ ᠨᠠᠰᠤ ᠪᠠᠷ ᠢᠶᠠᠨ ᠪᠠᠲᠤ ᠰᠠᠬᠢᠵᠤ | ᠂ ᠬᠡᠳᠦᠢ ᠬᠦᠴᠢᠷᠲᠡᠢ ᠬᠡᠳᠦᠢ ᠶᠠᠳᠠᠷᠠᠵᠤ ᠵᠦᠳᠡᠷᠡᠭᠰᠡᠨ ᠴᠤ ᠡᠯᠡᠰᠦ ᠰᠢᠷᠣᠢ ᠪᠠᠷ ᠭᠡᠷ ᠣᠷᠣᠨ ᠢᠶᠠᠨ ᠶᠠᠭᠠᠬᠢᠭᠰᠠᠨ | ᠴᠤ ᠪᠤᠯᠠᠭᠤᠯᠬᠤ ᠦᠭᠡᠢ︾ ᠭᠡᠵᠦ ᠮᠠ ᠶᠦᠨ ᠫᠢᠩ ᠮᠣᠳᠣ ᠪᠠᠨ ᠬᠠᠷᠠᠨ ᠪᠠᠶᠠᠷᠲᠠᠢ ᠪᠠᠷ ᠬᠡᠯᠡᠬᠦ ᠳᠡᠭᠡᠨ᠄ ︽ᠡᠨᠡ | ᠠᠵᠢᠯ ᠢ 23 ᠵᠢᠯ ᠬᠢᠴᠢᠬᠡᠯ᠎ᠡ᠂ ᠡᠨᠡ ᠤᠢ ᠶᠠᠭ ᠯᠡ ᠮᠢᠨᠤ ᠦᠷ᠎ᠡ ᠬᠡᠦᠬᠡᠳ ᠰᠢᠭ᠂ ᠡᠳᠦᠷ ᠲᠡᠭᠡᠨ ᠬᠦᠷᠵᠡ ᠪᠠᠨ | ᠡᠭᠦᠷᠴᠦ ᠰᠢᠭᠤᠢ ᠪᠠᠷ ᠮᠣᠳᠣᠨ ᠤ ᠰᠠᠯᠠᠭ᠎ᠠ ᠨᠠᠮᠠᠭ᠎ᠠ ᠶᠢ ᠬᠠᠶᠢᠴᠢᠯᠠᠵᠤ ᠪᠠᠶᠢᠨ᠎ᠠ᠂ ᠡᠬᠡ ᠨᠤᠲᠤᠭ ᠢᠶᠠᠨ | ᠨᠣᠭᠤᠭᠠᠷᠠᠭᠤᠯᠤᠨ᠎ᠠ ᠭᠡᠳᠡᠭ ᠠᠯᠢ ᠬᠡᠳᠦᠶᠢᠨ ᠮᠢᠨᠤ ᠰᠡᠳᠬᠢᠯ ᠳᠤ ᠬᠠᠳᠠᠩᠰᠢᠵᠤ᠂ ᠠᠮᠢᠳᠤᠷᠠᠯ ᠳᠤ ᠠᠭᠤᠰᠤᠭᠰᠠᠨ | ᠪᠣᠯᠬᠤᠷ ᠡᠳᠡᠭᠡᠷ ᠢᠭᠴᠤ ᠰᠠᠬᠤᠯᠢᠭ ᠮᠣᠳᠣ ᠶᠢ ᠬᠠᠷᠠᠪᠠᠯ ᠪᠢ ᠬᠡᠵᠢᠶᠡᠳᠡ ᠬᠠᠷᠠᠮᠰᠠᠬᠤ ᠦᠭᠡᠢ︾ ᠭᠡᠪᠡ᠃ | | ᠣᠳᠣᠬᠠᠨ ᠳᠤ᠂ 3700 ᠮᠦ ᠡᠯᠡᠰᠦᠷᠬᠡᠭ ᠭᠠᠵᠠᠷ ᠲᠤ ᠨᠢᠭᠡᠨᠲᠡ 1768 ᠮᠦ ᠬᠠᠶᠢᠯᠠᠷ ᠨᠠᠷᠠᠰᠤ᠂ | 1940 ᠮᠦ ᠤᠯᠢᠶᠠᠰᠤ᠂ ᠬᠠᠶᠢᠯᠠᠰᠤᠨ ᠮᠣᠳᠣ᠂ ᠭᠦᠢᠯᠡᠰᠦ᠂ ᠰᠢᠷ᠎ᠠ ᠪᠤᠷᠭᠠᠰᠤ᠂ ᠨᠢᠮᠪᠡᠭᠡ ᠵᠡᠷᠭᠡ ᠪᠤᠲᠠᠯᠢᠭ | ᠤᠷᠭᠤᠮᠠᠯ ᠳᠠᠷᠢᠵᠠᠢ᠃ ᠮᠠ ᠶᠦᠨ ᠫᠢᠩ ᠡᠯᠡᠰᠦ ᠶᠢ ᠵᠠᠰᠠᠬᠤ ᠠᠯᠬᠤᠭ᠎ᠠ ᠪᠠᠨ ᠶᠡᠷᠦ ᠵᠣᠭᠰᠣᠭᠠᠭᠰᠠᠨ ᠦᠭᠡᠢ᠂ ᠲᠡᠷᠡ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠮᠣᠳᠣ ᠲᠠᠷᠢᠵᠤ ᠣᠶᠢᠵᠢᠭᠤᠯᠬᠤ ᠠᠮᠢ ᠠᠬᠤᠢ ᠶᠢᠨ ᠠᠵᠤ | ᠦᠢᠯᠡᠰ ᠤᠨ ᠬᠡᠯᠬᠢᠶ᠎ᠡ ᠶᠢ ᠲᠠᠰᠤᠷᠠᠯᠳᠡ ᠦᠭᠡᠢ ᠡᠷᠢᠯᠬᠢᠯᠡᠪᠡ᠃ ᠤᠯᠠᠨ ᠵᠢᠯ ᠤᠨ ᠲᠤᠷᠰᠢᠯᠭ᠎ᠠ ᠬᠤᠷᠠᠮᠳᠤᠭᠤᠯᠤᠯ ᠢᠶᠠᠷ | ᠲᠠᠮᠵᠢᠨ᠂ ᠲᠡᠷᠡ ᠢᠯᠡᠭᠦᠴᠡ ᠰᠢᠷ᠎ᠠ ᠪᠤᠷᠭᠠᠰᠤᠨ ᠤ ᠨᠠᠮᠠᠭ᠎ᠠ ᠶᠢ ᠪᠦᠲᠦᠭᠡᠯᠴᠢ ᠪᠠᠷ ᠬᠡᠷᠡᠭᠯᠡᠨ ᠦᠬᠡᠷ ᠲᠡᠵᠢᠭᠡᠬᠦ | ᠲᠡᠵᠢᠭᠡᠯ ᠪᠣᠷᠳᠤᠭ᠎ᠠ ᠦᠢᠯᠡᠳᠪᠦᠷᠢᠯᠡᠵᠦ᠂ ᠮᠢᠬᠠᠨ ᠤ ᠦᠬᠡᠷ ᠲᠡᠵᠢᠭᠡᠬᠦ ᠥᠪᠡᠷ ᠤᠨ ᠦᠷᠳᠡᠭ ᠢ ᠶᠡᠭᠡ ᠪᠠᠷ | ᠠᠷᠪᠢᠯᠠᠵᠠᠢ᠃ | | ︽ᠡᠨᠡ 20 ᠮᠦ ᠤᠯᠠᠭᠠᠨ ᠴᠠᠨ᠎ᠠ ᠶᠢ 2019 ᠣᠨ ᠳᠤ ᠳᠠᠷᠢᠵᠠᠢ᠂ ᠢᠷᠡᠬᠦ ᠵᠢᠯ ᠳᠤ ᠬᠤᠷᠢᠶᠠᠯᠲᠠ ᠲᠠᠢ | ᠪᠣᠯᠣᠨ᠎ᠠ᠂ ᠵᠠᠬ᠎ᠠ ᠳᠡᠯᠭᠡᠭᠦᠷ ᠤᠨ ᠦᠨ᠎ᠡ ᠪᠠᠷ ᠪᠠᠷᠤᠭᠴᠠᠭᠠᠯᠠᠪᠠᠯ 20 ᠮᠦ ᠴᠠᠨ᠎ᠠ ᠠᠴᠠ 20 ᠲᠦᠮᠡᠨ ᠲᠥᠭᠦᠷᠢᠭ | ᠣᠷᠴᠢᠮ ᠤᠨ ᠣᠷᠣᠯᠭ᠎ᠠ ᠣᠯᠳᠠᠭ︾ ᠭᠡᠵᠦ ᠮᠠ ᠶᠦᠨ ᠫᠢᠩ ᠬᠡᠯᠡᠪᠡ᠃ ᠣᠶᠢᠷ᠎ᠠ ᠶᠢᠨ ᠵᠢᠯ ᠳᠤ ᠮᠠ ᠶᠦᠨ ᠫᠢᠩ | ᠪᠠᠰᠠ ᠣᠶ ᠳᠣᠲᠣᠷᠠᠬᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠬᠠᠶᠢᠯᠠᠷ ᠨᠠᠷᠠᠰᠤᠨ ᠮᠣᠳᠣᠨ ᠤ ᠳᠣᠣᠷ᠎ᠠ ᠶᠡᠭᠡ | ᠬᠡᠮᠵᠢᠶᠡᠨ ᠤ ᠤᠯᠠᠭᠠᠨ ᠴᠠᠨ᠎ᠠ ᠬᠢᠲᠠᠳ ᠡᠪᠡᠰᠦᠨ ᠡᠮ ᠳᠠᠷᠢᠵᠤ᠂ ᠣᠶᠢᠲᠤ ᠭᠠᠵᠠᠷ ᠢ ᠭᠦᠢᠴᠡᠳ ᠠᠰᠢᠭᠯᠠᠨ᠂ ︽ | ᠬᠥᠬᠡᠮᠳᠦᠭ ᠨᠣᠭᠤᠭᠠᠨ ᠠᠭᠤᠯᠠ ᠤᠰᠤ︾ ᠶᠢ ᠦᠨᠡᠨ ᠬᠦ ︽ᠠᠯᠲᠠ ᠮᠥᠩᠭᠦᠨ ᠠᠭᠤᠯᠠ︾ ᠪᠣᠯᠭᠠᠨ | ᠬᠤᠪᠢᠷᠠᠭᠤᠯᠤᠭᠰᠠᠨ ᠪᠠᠶᠢᠨ᠎ᠠ᠃ | | | |