﹇ᠴᠥᠯᠵᠢᠯᠲᠡ ᠶᠢᠨ ᠵᠠᠰᠠᠯᠲᠠ﹈ ︽ᠡᠯᠡᠰᠦ ᠮᠠᠩᠬ᠎ᠠ ᠨᠢ ᠪᠢᠳᠡᠨ ᠤ ︿ᠨᠣᠭᠤᠭᠠᠨ ᠪᠠᠩᠬᠢ﹀ ᠪᠣᠯᠣᠯ᠎ᠠ︾
ᠨᠡᠶᠢᠲᠡᠯᠡᠭᠰᠡᠨ ᠴᠠᠭ᠄
2024/5/15
                        ᠸᠠᠩ ᠢᠦᠢ      ᠨᠢᠭᠡ ᠵᠢᠯ ᠤᠨ ᠬᠠᠮᠤᠭ ᠤᠨ ᠭᠤᠶᠤ ᠦᠵᠡᠮᠵᠢ ᠶᠢ ᠠᠯᠲᠠᠨ ᠰᠢᠷᠭᠠᠯ ᠨᠠᠮᠤᠷ ᠲᠤ ᠣᠯᠵᠤ ᠬᠠᠷᠠᠬᠤ ᠨᠢ ᠠ᠋᠃ ᠨᠢᠳᠦ ᠢᠷᠮᠡᠬᠦ ᠶᠢᠨ ᠵᠠᠭᠤᠷ᠎ᠠ ᠬᠠᠯᠠᠭᠤᠨ ᠵᠤᠨ ᠥᠩᠭᠡᠷᠡᠨ ᠣᠳᠴᠤ ᠰᠢᠷᠭᠠᠯ ᠨᠠᠮᠤᠷ ᠤᠨ ᠦᠵᠡᠮᠵᠢ ᠪᠦᠷᠢᠳᠦᠯ᠎ᠡ᠃ ᠣᠷᠳᠣᠰ ᠬᠤᠲᠠ ᠶᠢᠨ ᠬᠠᠩᠭᠢᠨ ᠬᠤᠰᠢᠭᠤᠨ ᠤ ᠳᠠᠭᠤᠲᠤ ᠭᠠᠴᠠᠭᠠᠨ ᠤ ᠳᠠᠭᠤᠲᠤ ᠨᠠᠭᠤᠷ ᠮᠠᠯᠴᠢᠳ ᠤᠨ ᠰᠢᠨ᠎ᠡ ᠲᠣᠰᠬᠤᠨ ᠤ ᠮᠠᠯᠴᠢᠨ ᠮᠥᠩᠬᠡᠳᠠᠯᠠᠢ ᠶᠢᠨ ᠬᠢᠨ ᠪᠠᠰᠠ ᠨᠢᠭᠡ ᠤᠳᠠᠭ᠎ᠠ ᠶᠢᠨ ᠡᠯᠪᠡᠭ ᠬᠤᠷᠢᠶᠠᠯᠲᠠ ᠶᠢᠨ ᠤᠯᠠᠷᠢᠯ ᠢᠶᠠᠨ ᠤᠭᠲᠤᠯ᠎ᠠ᠃            ᠰᠠᠶ᠋ᠢᠬᠠᠨ ᠥᠩᠭᠡᠷᠡᠭᠰᠡᠨ ᠤᠯᠤᠰ ᠤᠨ ᠪᠠᠶᠠᠷ ᠪᠣᠯᠣᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ ᠪᠦᠭᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠢᠭᠤᠯᠴᠢᠯᠠᠬᠰᠠᠳ ᠬᠥᠪᠴᠢ ᠶᠢᠨ ᠡᠯᠡᠰᠦ ᠪᠠᠷ ᠲᠣᠭᠤᠷᠢᠵᠤ᠂ ᠮᠥᠩᠬᠡᠳᠠᠯᠠᠢ ᠡᠳᠦᠷ ᠪᠦᠷᠢ 200 ᠭᠠᠷᠤᠢ ᠵᠢᠭᠤᠯᠴᠢᠯᠠᠬᠰᠠᠳ ᠢ ᠵᠣᠴᠢᠯᠠᠵᠤ᠂ ᠶᠠᠭᠠᠷᠠᠵᠤ ᠵᠦᠳᠡᠷᠡᠭᠰᠡᠨ ᠴᠤ ᠲᠡᠭᠦᠨ ᠤ ᠣᠷᠣᠯᠭ᠎ᠠ ᠨᠢ ᠡᠳᠦᠷ ᠠᠴᠠ ᠡᠳᠦᠷ ᠨᠡᠮᠡᠭᠳᠡᠯ᠎ᠡ᠃ ᠲᠡᠷᠡ ᠪᠠᠷ ᠬᠥᠪᠴᠢ ᠶᠢᠨ ᠡᠯᠡᠰᠦ ᠶᠢᠨ ᠵᠠᠰᠠᠯᠲᠠ ᠠᠴᠠ ᠠᠰᠢᠭ ᠲᠤᠰᠠ ᠭᠥᠷᠳᠡᠭᠰᠡᠨ ᠢᠶᠠᠷ ᠪᠠᠷᠠᠬᠤ ᠦᠭᠡᠢ ᠲᠡᠭᠦᠨ ᠢ ᠪᠠᠭᠲᠠᠭᠠᠭᠰᠠᠨ ᠠᠳᠡᠬᠢ ᠮᠠᠯᠴᠢᠳ ᠲᠤ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠪᠡ᠃            30 ᠵᠢᠯ ᠤᠨ ᠡᠮᠦᠨᠡᠬᠢ ᠬᠥᠪᠴᠢ ᠶᠢᠨ ᠡᠯᠡᠰᠦᠨ ᠳᠤ ᠤᠰᠤ ᠴᠠᠭᠢᠯᠭᠠᠨ ᠲᠤᠲᠠᠭᠳᠠᠵᠤ᠂ ᠵᠠᠮ ᠨᠡᠪᠲᠡᠷᠡᠬᠦ ᠦᠭᠡᠢ᠂ ᠠᠳᠡ ᠠᠮᠢᠳᠤᠷᠠᠵᠤ ᠪᠠᠶᠢᠭᠰᠠᠨ ᠮᠠᠯᠴᠢᠨ ᠲᠠᠷᠢᠶᠠᠴᠢᠨ ᠰᠠᠯᠬᠢ ᠡᠯᠡᠰᠦᠨ ᠤ ᠬᠤᠣᠷ ᠢ ᠬᠠᠰᠢᠷᠠᠲᠠᠯ᠎ᠠ ᠠᠮᠰᠠᠪᠠ ᠃ ᠬᠡᠳᠦᠨ ᠠᠷᠪᠠᠨ ᠵᠢᠯ ᠤᠨ ᠵᠠᠰᠠᠯᠲᠠ ᠪᠠᠷ ᠳᠠᠮᠵᠢᠨ ᠡᠳᠦᠭᠡ ᠠᠳᠡᠬᠢ ᠡᠯᠡᠰᠦ ᠮᠠᠩᠬ᠎ᠠ ᠨᠢ ᠨᠣᠭᠤᠭᠠᠨ ᠪᠦᠷᠢᠳᠦ ᠪᠣᠯᠵᠤ᠂ ᠠᠭᠤᠳᠠᠮ ᠴᠦᠯ ᠨᠢ ᠳᠠᠷᠳᠠᠩ ᠵᠠᠮ ᠪᠣᠯᠵᠤ᠂ ᠡᠯᠡᠰᠦᠨ ᠤ ᠠᠵᠤ ᠦᠢᠯᠡᠰ ᠥᠷᠨᠢᠩᠭᠦᠢ ᠬᠥᠭᠵᠢᠪᠡ᠃            ᠥᠩᠭᠡᠷᠡᠭᠰᠡᠨ ᠢᠶᠠᠨ ᠡᠷᠭᠢᠴᠡᠭᠦᠯᠬᠦᠶ᠎ᠡ ᠬᠡᠳᠦᠢ ᠪᠡᠷᠬᠡ ᠬᠠᠲᠠᠭᠤᠵᠢᠯᠲᠠᠢ ᠪᠠᠶᠢᠭᠰᠠᠨ ᠢ ᠶᠠᠭᠤᠨ ᠥᠭᠦᠯᠡᠬᠦ ᠠᠵᠢ ᠃ 2006 ᠣᠨ ᠳᠤ ᠪᠡᠯᠴᠢᠭᠡᠷ ᠤᠨ ᠳᠠᠭᠠᠭᠠᠴᠠ ᠠᠴᠠ ᠨᠢ ᠬᠡᠲᠦᠷᠡᠲᠡᠯ᠎ᠡ ᠮᠠᠯᠵᠢᠭᠰᠠᠨ ᠠᠴᠠ ᠪᠣᠯᠵᠤ ᠭᠠᠴᠠᠭᠠᠨ ᠤ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠮᠠᠭᠤᠳᠠᠵᠤ᠂ ᠮᠥᠩᠬᠡᠳᠠᠯᠠᠢ ᠨᠤᠲᠤᠭ ᠤᠨ ᠠᠬ᠎ᠠ ᠳᠡᠭᠦᠦ ᠨᠠᠷ ᠲᠠᠢ ᠪᠠᠨ ᠳᠠᠭᠤᠲᠤ ᠨᠠᠭᠤᠷ ᠮᠠᠯᠴᠢᠳ ᠤᠨ ᠰᠢᠨ᠎ᠡ ᠲᠣᠰᠬᠤᠨ ᠳᠤ ᠨᠡᠭᠦᠵᠦ ᠣᠴᠢᠪᠠ᠃ ᠤᠤᠯ ᠤᠨ ᠰᠠᠭᠤᠭ᠎ᠠ ᠭᠠᠵᠠᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ 4 ᠲᠦᠮᠡᠨ ᠮᠦ ᠪᠡᠯᠴᠢᠭᠡᠷ ᠪᠠ ᠡᠯᠡᠰᠦᠷᠬᠡᠭ ᠭᠠᠵᠠᠷ ᠢ ᠰᠤᠯᠠᠯᠠᠨ ᠭᠠᠷᠭᠠᠵᠤ ᠠᠮᠢ ᠠᠬᠤᠢ ᠶᠢ ᠰᠡᠷᠭᠦᠭᠡᠪᠡ᠃ ᠳᠠᠭᠤᠲᠤ ᠨᠠᠭᠤᠷ ᠮᠠᠯᠴᠢᠳ ᠤᠨ ᠰᠢᠨ᠎ᠡ ᠲᠣᠰᠬᠤᠨ ᠳᠤ ᠨᠡᠭᠦᠵᠦ ᠣᠴᠢᠭᠰᠠᠨ ᠮᠠᠯᠴᠢᠨ ᠲᠠᠷᠢᠶᠠᠴᠢᠳ ᠤᠨ ᠣᠯᠠᠩᠬᠢ ᠨᠢ ᠭᠠᠵᠠᠷ ᠳᠠᠭᠠᠭᠠᠴᠢᠯᠠᠨ ᠮᠣᠳᠣ ᠲᠠᠷᠢᠵᠤ᠂ ᠡᠯᠡᠰᠦ ᠶᠢ ᠵᠠᠰᠠᠬᠤ ᠳᠤ ᠣᠷᠣᠯᠴᠠᠵᠠᠢ᠃ ᠬᠠᠷᠢᠨ ᠰᠡᠴᠡᠨ ᠰᠡᠷᠭᠦᠯᠡᠩ ᠮᠥᠩᠬᠡᠳᠠᠯᠠᠢ ᠰᠢᠨ᠎ᠡ ᠠᠷᠠᠯᠵᠢᠶᠠᠨ ᠤ ᠠᠵᠠ ᠲᠣᠭᠢᠶᠠᠯ ᠢ ᠣᠯᠵᠤ ᠦᠵᠡᠵᠦ᠂ ᠭᠠᠴᠠᠭ᠎ᠠ ᠳᠠᠭᠠᠨ ᠴᠤᠷ ᠤᠨ ᠭᠠᠭᠴᠠ ᠬᠤᠭᠤᠯᠠᠨ ᠭᠡᠷ ᠨᠡᠭᠡᠭᠡᠭᠰᠡᠨ ᠬᠥᠮᠥᠨ ᠪᠠᠶᠢᠵᠤ᠂ ᠮᠥᠨ ᠴᠦ ᠭᠠᠴᠠᠭᠠᠨ ᠤ ᠪᠠᠨ ᠠᠩᠬᠠᠳᠠᠭᠴᠢ ᠲᠠᠷᠢᠶᠠᠴᠢᠨ ᠠᠶᠢᠯ ᠤᠨ ᠵᠢᠭᠤᠯᠴᠢᠯᠠᠯ ᠤᠨ ᠭᠠᠵᠠᠷ ᠢ ᠡᠷᠭᠢᠯᠡᠵᠡᠢ᠃ ᠲᠡᠭᠦᠨ ᠠᠴᠠ ᠬᠤᠶᠢᠰᠢ ᠮᠥᠩᠬᠡᠳᠠᠯᠠᠢ ᠮᠠᠯᠴᠢᠳ ᠲᠠᠢ ᠵᠢᠭᠤᠯᠴᠢᠯᠠᠯ ᠤᠨ ᠦᠢᠯᠡᠰ ᠪᠣᠯᠣᠨ ᠬᠡᠭᠡᠷᠡᠯᠡᠬᠦ ᠮᠠᠰᠢᠨ ᠤ ᠬᠤᠯᠪᠤᠭ᠎ᠠ ᠪᠠᠶᠢᠭᠤᠯᠵᠤ᠂ ᠵᠢᠭᠤᠯᠴᠢᠯᠠᠬᠰᠠᠳ ᠤᠨ ᠲᠤᠭ᠎ᠠ ᠲᠠᠰᠤᠷᠠᠯᠲᠠ ᠦᠭᠡᠢ ᠨᠡᠮᠡᠭᠳᠡᠭᠰᠡᠨ ᠤ ᠳᠡᠭᠡᠷ᠎ᠡ᠂ ᠲᠡᠷᠡ ᠪᠠᠷ ᠨᠣᠮᠣᠬᠠᠨ ᠰᠢᠳᠤᠷᠭᠤ ᠵᠠᠩ ᠲᠠᠢ᠂ ᠪᠠᠰᠠ ᠮᠣᠩᠭᠤᠯ ᠣᠨᠴᠠᠯᠢᠭᠲᠤ ᠠᠮᠲᠠᠲᠤ ᠨᠣᠭᠤᠭ᠎ᠠ ᠬᠢᠵᠦ ᠴᠢᠳᠠᠳᠠᠭ ᠢᠶᠠᠷ ᠢᠶᠠᠨ ᠣᠳᠣ ᠵᠢᠯ ᠳᠡᠭᠡᠨ 20 ᠭᠠᠷᠤᠢ ᠲᠦᠮᠡᠨ ᠲᠥᠭᠦᠷᠢᠭ ᠤᠨ ᠴᠡᠪᠡᠷ ᠣᠷᠣᠯᠭ᠎ᠠ ᠣᠯᠵᠤ ᠪᠠᠶᠢᠨ᠎ᠠ᠃ ᠡᠨᠡ ᠵᠢᠯ ᠲᠡᠷᠡ ᠪᠠᠰᠠ ᠲᠣᠰᠬᠤᠨ ᠤ ᠪᠠᠨ ᠠᠷᠠᠳ ᠴᠣᠭᠲᠤ᠂ ᠵᠢᠷᠤᠮᠲᠤ᠂ ᠰᠧᠷᠡᠩᠪᠠᠲᠤ᠂ ᠵᠢᠷᠠᠨᠪᠠᠲᠤ ᠵᠡᠷᠭᠡ 5 ᠡᠷᠦᠭᠡ ᠲᠠᠢ ᠪᠡᠯᠡ ᠨᠡᠶᠢᠯᠡᠭᠦᠯᠦᠨ ᠡᠯᠡᠰᠦᠨ ᠴᠦᠯ ᠢᠶᠠᠷ ᠬᠡᠭᠡᠷᠡᠯᠡᠨ ᠠᠶᠠᠯᠠᠬᠤ ᠎ ᠳᠤ ᠬᠡᠷᠡᠭᠯᠡᠬᠦ ᠮᠠᠰᠢᠨ ᠬᠤᠳᠠᠯᠳᠤᠨ ᠠᠪᠴᠤ᠂ ᠡᠷᠦᠭᠡ ᠪᠦᠷᠢ 10 ᠲᠦᠮᠡᠨ ᠲᠥᠭᠦᠷᠢᠭ ᠤᠨ ᠪᠡᠯᠡ ᠣᠷᠣᠭᠤᠯᠪᠠ᠃ ᠣᠶᠢᠷ᠎ᠠ ᠳᠤ ᠮᠥᠩᠬᠡᠳᠠᠯᠠᠢ ᠪᠡᠭᠡᠵᠢᠩ ᠤᠨ ᠵᠦᠩ ᠹᠦ᠋ ᠵᠢᠭᠤᠯᠴᠢᠯᠠᠯ ᠤᠨ ᠬᠤᠷᠢᠶ᠎ᠠ ᠶᠢᠨ ᠬᠤᠯᠪᠣᠭᠠᠨ ᠤ ᠬᠤᠭᠤᠯᠠ ᠤᠮᠳᠠ ᠪᠣᠯᠣᠨ ᠬᠡᠭᠡᠷᠡᠯᠡᠬᠦ ᠠᠶᠠᠯᠠᠯ ᠤᠨ ᠡᠵᠡᠩᠨᠡᠯᠲᠡ ᠳᠤ ᠣᠷᠣᠯᠴᠠᠵᠤ᠂ ᠨᠢᠭᠡ ᠰᠠᠷ᠎ᠠ ᠶᠢᠨ ᠬᠤᠭᠤᠴᠠᠭᠠᠨ ᠳᠤ 200 ᠭᠠᠷᠤᠢ ᠵᠢᠭᠤᠯᠴᠢᠯᠠᠬᠰᠠᠳ ᠢ ᠭᠥᠯᠢᠶᠡᠨ ᠠᠪᠴᠤ᠂ 2 ᠲᠦᠮᠡ ᠭᠠᠷᠤᠢ ᠲᠥᠭᠦᠷᠢᠭ ᠤᠨ ᠴᠡᠪᠡᠷ ᠠᠰᠢᠭ ᠤᠷᠤᠯᠭ᠎ᠠ ᠣᠯᠵᠠᠢ᠃            ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠬᠠᠮᠤᠭ ᠤᠨ ᠨᠡᠶᠢᠲᠡᠯᠢᠭ ᠬᠠᠮᠤᠭ ᠤᠨ ᠠᠮᠢᠳᠤᠯᠢᠭ ᠦᠢᠯᠡᠳᠦᠯᠭᠡ ᠶᠢᠨ ᠨᠢᠭᠡ ᠪᠣᠯᠤᠭᠰᠠᠨ ᠤ ᠬᠤᠪᠢ ᠳᠤ ᠬᠥᠪᠴᠢ ᠶᠢᠨ ᠡᠯᠡᠰᠦ ᠶᠢ ᠵᠠᠰᠠᠭᠰᠠᠨ ᠬᠡᠪ ᠵᠠᠭᠪᠤᠷ᠂ ᠮᠡᠷᠭᠡᠵᠢᠯ ᠪᠣᠯᠣᠨ ᠦᠷ᠎ᠡ ᠪᠦᠲᠦᠭᠡᠯ ᠨᠢ ᠨᠢᠭᠡᠨᠲᠡ ᠳᠡᠯᠡᠬᠡᠢ ᠳ᠋ᠠᠬᠢᠨ᠎ᠠ ᠲᠠᠨᠢᠭᠳᠠᠵᠤ᠂ ᠪᠦᠭᠦ ᠪᠥᠮᠪᠥᠷᠴᠡᠭ ᠤᠨ 3600 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠴᠦᠯᠯᠡᠷᠭᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠪᠣᠯᠣᠨ ᠲᠤᠭ᠎ᠠ ᠲᠣᠮᠰᠢ ᠦᠭᠡᠢ ᠴᠦᠯᠯᠡᠷᠭᠡᠭᠵᠢᠯ ᠤᠨ ᠰᠦᠷᠳᠡᠭᠦᠯᠦᠯ ᠳᠤ ᠤᠴᠠᠷᠠᠭᠰᠠᠨ ᠬᠥᠮᠥᠰ ᠲᠤ ︽ᠳᠤᠮᠳᠠᠳᠤ ᠤᠯᠤᠰ ᠤᠨ ᠲᠥᠰᠥᠯ︾᠎ ᠢ ᠬᠠᠩᠭᠠᠵᠤ᠂ ︽ᠳᠤᠮᠳᠠᠳᠤ ᠤᠯᠤᠰ ᠤᠨ ᠤᠶᠤᠨ ᠤᠬᠠᠭᠠᠨ︾᠎ ᠢ ᠬᠠᠨᠳᠢᠪᠯᠡᠪᠠ᠃ ᠡᠨᠡ ᠵᠢᠯ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠨᠢᠭᠡᠨᠲᠡ ᠶᠢᠰᠦᠳᠦᠭᠡᠷ ᠬᠤᠭᠤᠴᠠᠭ᠎ᠠ ᠪᠠᠨ ᠤᠭᠲᠤᠵᠤ᠂ ︽ᠰᠢᠨᠵᠢᠯᠡᠬᠦ ᠤᠬᠠᠭᠠᠨ ᠲᠸᠭ᠍ᠨ᠋ᠶᠢᠠ᠋ ᠮᠡᠷᠭᠡᠵᠢᠯ ᠢᠶᠠᠷ ᠡᠯᠡᠰᠦ ᠶᠢ ᠵᠠᠰᠠᠵᠤ᠂ ᠡᠯᠡᠰᠦᠨ ᠴᠦᠯ ᠢᠶᠠᠷ ᠬᠥᠮᠥᠨ ᠲᠥᠷᠥᠯᠬᠢᠲᠡᠨ ᠳᠤ ᠪᠤᠶᠠᠨ ᠦᠢᠯᠡᠳᠦᠶ᠎ᠡ︾ ᠭᠡᠬᠦ ᠭᠤᠣᠯ ᠰᠡᠳᠦᠪᠲᠦ ᠶᠠᠷᠢᠶᠠᠨ ᠤ ᠲᠠᠪᠴᠠᠩ ᠨᠢ ᠠᠳᠡ ᠠᠮᠢᠳᠤᠷᠠᠵᠤ ᠪᠠᠶᠢᠭ᠎ᠠ ᠮᠥᠩᠬᠡᠳᠠᠯᠠᠢ ᠰᠢᠭ᠋ ᠮᠠᠯᠴᠢᠨ ᠲᠠᠷᠢᠶᠠᠴᠢᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠷᠡᠰ ᠪᠠᠲᠤ ᠢᠲᠡᠭᠡᠯ ᠵᠣᠷᠢᠭ ᠢ ᠤᠯᠠᠮ ᠪᠠᠲᠤᠳᠬᠠᠪᠠ᠃            ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠤᠨ ᠨᠥᠯᠥᠭᠡᠯᠡᠬᠦ ᠬᠦᠴᠦᠨ ᠳᠤ ᠲᠦᠰᠢᠭᠯᠡᠨ ᠲᠡᠭᠦᠨ ᠢ ᠪᠠᠭᠲᠠᠭᠠᠭᠰᠠᠨ ᠮᠠᠯᠴᠢᠳ ᠤᠨ ᠣᠷᠣᠯᠭ᠎ᠠ ᠴᠤ ᠲᠠᠰᠤᠷᠠᠯᠳᠠ ᠦᠭᠡᠢ ᠨᠡᠮᠡᠭᠳᠡᠵᠦ᠂ ᠵᠣᠯ ᠵᠢᠷᠭᠠᠯᠲᠤ ᠠᠮᠢᠳᠤᠷᠠᠯ ᠢ ᠡᠳ᠋ᠯᠡᠬᠦ ᠪᠣᠯᠵᠠᠢ᠃ ︽ᠡᠯᠡᠰᠦ ᠮᠠᠩᠬ᠎ᠠ ᠶᠢ ᠵᠠᠰᠠᠬᠤ ᠠᠵᠢᠯ ᠨᠢ ᠮᠠᠯᠴᠢᠨ ᠲᠠᠷᠢᠶᠠᠴᠢᠨ ᠢ ᠰᠠᠶᠢᠨ ᠰᠠᠶᠢᠬᠠᠨ ᠠᠮᠢᠳᠤᠷᠠᠯ ᠲᠠᠢ ᠪᠤᠯᠭᠠᠬᠰᠠᠨ ᠢᠶᠠᠷ ᠪᠠᠷᠠᠬᠤ ᠦᠭᠡᠢ ᠡᠯᠡᠰᠦ ᠮᠠᠩᠬ᠎ᠠ ᠴᠤ ᠮᠠᠨ ᠤ ︿ᠨᠣᠭᠤᠭᠠᠨ ᠪᠠᠩᠬᠢ﹀ ᠪᠣᠯᠤᠭᠰᠠᠨ ᠪᠠᠶᠢᠨ᠎ᠠ︾ ᠭᠡᠵᠦ ᠲᠡᠷᠡ ᠰᠤᠷᠪᠤᠯᠵᠢᠯᠠᠬᠴᠢ ᠳᠤ ᠭᠦᠨ ᠲᠥᠷᠥᠭᠳᠡᠯ ᠲᠠᠢ ᠬᠡᠯᠡᠪᠡ᠃            ᠮᠥᠩᠬᠡᠳᠠᠯᠠᠢ ᠪᠣᠯᠣᠨ ᠮᠠᠰᠢ ᠤᠯᠠᠨ ᠮᠠᠯᠴᠢᠳ ᠤᠨ ᠠᠮᠢᠳᠤᠷᠠᠯ ᠪᠦᠷ ᠰᠠᠶᠢᠵᠢᠷᠠᠯ᠎ᠠ᠃ ᠭᠡᠪᠡᠴᠦ ᠲᠡᠭᠦᠨ ᠳᠤ ᠪᠠᠰᠠ ᠨᠢᠭᠡ ᠰᠢᠨ᠎ᠡ ᠪᠤᠳᠤᠯ ᠪᠤᠢ᠂ ᠳᠠᠷᠤᠢ ᠡᠯᠡᠰᠦᠨ ᠴᠦᠯ ᠤᠨ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ ᠢ ᠨᠡᠭᠡᠭᠡᠵᠦ᠂ ᠵᠢᠭᠤᠯᠴᠢᠯᠠᠬᠰᠡᠳ ᠢ ᠠᠳᠡ ᠢᠷᠡᠭᠦᠯᠵᠦ ᠡᠯᠡᠰᠦᠨ ᠴᠦᠯ ᠢ ᠪᠡᠶᠡᠴᠢᠯᠡᠨ ᠣᠶᠢᠯᠠᠭᠠᠭᠤᠯᠵᠤ᠂ ᠡᠯᠡᠰᠦᠨ ᠴᠦᠯ ᠤᠨ ᠠᠮᠲᠠᠲᠤ ᠢᠳᠡᠭᠡᠨ ᠢ ᠠᠮᠲᠠᠯᠠᠭᠤᠯᠵᠤ᠂ ᠡᠯᠡᠰᠦᠨ ᠴᠦᠯ ᠳᠤ ᠨᠠᠷᠠᠨ ᠮᠠᠨᠳᠤᠵᠤ ᠨᠠᠷᠨᠨ ᠰᠢᠩᠭᠡᠬᠦ ᠶᠢ ᠦᠵᠡᠭᠦᠯᠵᠦ᠂ ᠡᠯᠡᠰᠦᠨ ᠴᠦᠯ ᠳᠠᠬᠢ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ ᠳᠤ ᠬᠤᠨᠣᠭᠤᠯᠤᠨ᠎ᠠ᠃            ᠠᠯᠳᠠᠨ ᠨᠠᠮᠤᠷ ᠤᠨ ᠡᠯᠡᠰᠦᠨ ᠴᠦᠯ ᠵᠢᠷᠤᠭ ᠰᠢᠭ ᠬᠠᠷᠠᠭᠳᠠᠨ᠎ᠠ᠃ ᠡᠨᠡ ᠬᠦ ᠥᠪᠡᠷᠮᠢᠴᠡ ᠦᠵᠡᠮᠵᠢ ᠶᠢ ᠬᠠᠷᠠᠭᠠᠳ ᠲᠡᠷᠡ ᠢᠲᠡᠭᠡᠯ ᠲᠡᠭᠦᠯᠳᠡᠷ ᠢᠶᠠᠷ᠄ ︽ᠤᠯᠠᠨ ᠵᠢᠯ ᠤᠨ ᠪᠠᠲᠤ ᠰᠠᠬᠢᠶ᠎ᠠ ᠪᠠᠷ ᠪᠢ ᠡᠯᠡᠰᠦᠨ ᠴᠦᠯ ᠳᠤ ᠥᠪᠡᠷ ᠤᠨ ᠦᠷᠳᠡᠭ ᠢᠶᠠᠨ ᠪᠡᠶᠡᠯᠡᠭᠦᠯᠵᠦ᠂ ᠡᠯᠡᠰᠦᠨ ᠴᠦᠯ ᠳᠤ ᠬᠥᠮᠥᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠪᠡ᠃ ᠣᠳᠣ ᠡᠯᠡᠰᠦᠨ ᠴᠥᠯ ᠠᠴᠠ ᠰᠠᠯᠵᠤ ᠭᠠᠳᠠᠷ ᠣᠷᠣᠨ ᠳᠤ ᠬᠥᠯᠥᠰᠦᠨ ᠠᠵᠢᠯ ᠬᠢᠬᠦ ᠪᠠᠷ ᠶᠠᠪᠤᠭᠰᠠᠨ ᠵᠠᠯᠠᠭᠤᠴᠤᠳ ᠬᠠᠷᠢᠵᠤ ᠢᠷᠡᠵᠤ ᠪᠠᠶᠢᠨ᠎ᠠ᠂ ᠪᠡᠭᠡᠵᠢᠩ ᠳᠤ ᠪᠠᠶᠢᠭᠰᠠᠨ ᠵᠠᠯᠠᠭᠤᠴᠤᠳ ᠴᠤ ᠬᠠᠷᠢᠵᠤ ᠢᠷᠡᠭᠰᠡᠨ᠂ ᠡᠯᠡᠰᠦᠨ ᠴᠥᠯ ᠪᠢᠳᠡᠨ ᠤ ᠦᠢᠯᠡᠰ ᠪᠣᠰᠬᠠᠬᠤ ᠲᠣᠮᠣ ᠲᠠᠪᠴᠠᠩ ᠪᠣᠯᠤᠭᠰᠠᠨ ᠪᠠᠶᠢᠨ᠎ᠠ︕︾ ᠭᠡᠪᠡ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号