﹇ᠴᠥᠯᠵᠢᠯᠲᠡ ᠶᠢᠨ ᠵᠠᠰᠠᠯᠲᠠ﹈ ᠤᠯᠠᠭᠠᠨᠴᠠᠪ ᠬᠤᠲᠠ ᠴᠠᠯ ᠨᠣᠭᠤᠭᠠᠨ ︽ᠬᠠᠭᠤᠳᠠᠰᠤ︾᠎ ᠶᠢ ᠪᠢᠴᠢᠭᠯᠡᠨ᠎ᠡ ︱ ᠪᠦᠭᠦ ᠤᠯᠤᠰ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠭᠰᠠᠨ ᠲᠡᠷᠢᠭᠦᠨ ᠤ ᠨᠢᠭᠡᠴᠢ ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠲᠡᠮᠳᠡᠭᠯᠡᠪᠡ
ᠨᠡᠶᠢᠲᠡᠯᠡᠭᠰᠡᠨ ᠴᠠᠭ᠄
2024/5/15
                       ᠤᠯᠠᠭᠠᠨᠴᠠᠪ ᠤᠨ ᠡᠬᠡ ᠭᠠᠵᠠᠷ ᠢ ᠥᠨᠳᠥᠷ ᠣᠭᠲᠠᠷᠭᠤᠢ ᠠᠴᠠ ᠬᠠᠷᠠᠬᠤ ᠳᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠬᠤᠸᠠᠳᠧ ᠰᠢᠶᠠᠨ ᠬᠦᠷᠲᠡᠯᠡᠬᠢ 300 ᠺᠢᠯᠣᠮᠧᠲᠷ ᠣᠷᠳᠣ᠂ 50 ᠺᠢᠯᠣᠮᠧᠲᠷ ᠥᠷᠭᠡᠨ ᠡᠯᠡᠰᠦ ᠶᠢ ᠰᠡᠷᠭᠡᠶᠢᠯᠡᠬᠦ ᠨᠣᠭᠤᠭᠠᠷᠠᠭᠤᠯᠤᠯᠲᠠ ᠶᠢᠨ ᠪᠦᠰᠡ ᠣᠨᠴᠠᠭᠠᠶ ᠰᠦᠷᠯᠢᠭ ᠰᠠᠶᠢᠬᠠᠨ ᠬᠠᠷᠠᠭᠳᠠᠨ᠎ᠠ᠃ ᠤᠯᠠᠭᠠᠨᠴᠠᠪ ᠬᠤᠳᠠ ᠶᠢᠨ ᠭᠤᠣᠯ ᠬᠤᠳᠠ ᠶᠢᠨ ᠲᠣᠭᠤᠷᠢᠭ ᠤᠨ ᠪᠠᠢ ᠴᠢᠤᠸᠠᠨ ᠱᠠᠨ ᠠᠭᠤᠯᠠ᠂ ᠯᠣᠣ ᠬᠤ᠋ ᠱᠠᠨ ᠠᠭᠤᠯᠠ᠂ ᠸᠧ ᠯᠦᠩ ᠱᠠᠨ ᠠᠭᠤᠯᠠᠨ ᠳᠤ ᠤᠯᠠᠨ ᠶᠠᠩᠵᠤ ᠶᠢᠨ ᠡᠪᠡᠰᠦ ᠮᠣᠳᠣ ᠬᠥᠬᠡᠷᠡᠨ᠂ ᠰᠤᠮᠤᠨ ᠠᠭᠤᠯᠠ ᠶᠢᠨ ᠤᠢ ᠰᠢᠭᠤᠢ ᠶᠢᠨ ᠲᠠᠯᠠᠪᠠᠢ ᠳᠤ ᠨᠠᠷᠠᠰᠤ ᠮᠠᠶᠢᠯᠠᠰᠤ ᠨᠣᠮᠢᠨ ᠨᠣᠭᠤᠭᠠᠨ ᠢᠶᠠᠷ ᠳᠠᠪᠠᠯᠭᠠᠯᠠᠨ᠂ ᠴᠡᠴᠡᠭ ᠤᠨ ᠦᠨᠦᠷ ᠠᠩᠬᠢᠯᠤᠨ᠂ ᠰᠢᠪᠠᠭᠤᠳ ᠵᠢᠷᠭᠢᠨ᠎ᠡ᠃ ᠡᠨᠡ ᠬᠦ ᠨᠣᠮᠢᠨ ᠨᠣᠭᠤᠭᠠᠨ ᠭᠤᠶᠢᠳᠠ ᠵᠢᠷᠤᠭ ᠨᠢ ᠤᠯᠠᠭᠠᠨᠴᠠᠪ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠯᠠᠨ ᠵᠢᠯ ᠳᠠᠷᠠᠭᠠᠯᠠᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃            ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠤᠢ ᠰᠢᠭᠤᠢ ᠶᠢᠨ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠪᠠ                  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠬᠤᠸᠠᠳᠧ ᠰᠢᠶᠠᠨ ᠵᠡᠷᠭᠡ ᠤᠯᠠᠭᠠᠨᠴᠠᠪ ᠬᠤᠲᠠ ᠶᠢᠨ ᠬᠤᠶᠢᠲᠤ ᠬᠡᠰᠡᠭ ᠤᠨ ᠬᠡᠳᠦᠨ ᠬᠤᠰᠢᠭᠤ ᠰᠢᠶᠠᠨ ᠢᠶᠠᠷ ᠠᠶᠠᠯᠠᠬᠤ ᠳᠤ ᠵᠠᠮ ᠤᠨ ᠬᠤᠶᠠᠷ ᠲᠠᠯ᠎ᠠ ᠪᠠᠷ ᠮᠥᠷ ᠮᠥᠷ ᠢᠶᠠᠷ ᠵᠢᠭᠳᠡᠷᠡᠨ ᠤᠷᠭᠤᠭᠰᠠᠨ ᠬᠠᠷᠭᠠᠨ᠎ᠠ ᠶᠢᠨ ᠤᠢ ᠬᠠᠷᠠᠭᠳᠠᠨ᠎ᠠ᠃ ᠡᠲᠡᠭᠡᠷ ᠨᠢ ᠴᠥᠮ ᠤᠯᠠᠭᠠᠨᠴᠠᠪ ᠬᠤᠲᠠ ᠶᠢᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠲᠥᠷᠥᠯ ᠵᠦᠢᠯ ᠢ ᠬᠡᠷᠡᠭᠵᠢᠭᠦᠯᠦᠭᠰᠡᠨ ᠦᠷ᠎ᠡ ᠪᠦᠲᠦᠭᠡᠯ ᠪᠣᠯᠣᠨ᠎ᠠ᠃            ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶᠢᠵᠢᠭᠤᠯᠤᠯᠲᠠ ᠡᠯᠡᠰᠦ ᠶᠢ ᠵᠠᠰᠠᠬᠤ ᠰᠠᠯᠠᠭᠠᠨ ᠳᠠᠷᠤᠭ᠎ᠠ ᠵᠣᠣ ᠶᠤᠸᠠᠢ ᠫᠢᠩ᠄ ︽ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ 2000 ᠣᠨ ᠳᠤ ᠡᠬᠢᠯᠡᠵᠦ᠂ ᠤᠯᠠᠭᠠᠨᠴᠠᠪ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠲᠤ ᠬᠤᠯᠪᠣᠭᠳᠠᠵᠤ᠂ ᠲᠤᠬᠠᠢ ᠶᠢᠨ ᠦᠶ᠎ᠡ ᠳᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠸᠠᠳᠧ ᠰᠢᠶᠠᠨ ᠵᠡᠷᠭᠡ ᠬᠤᠷ᠎ᠠ ᠲᠤᠨᠤᠳᠠᠰᠤ ᠪᠠᠭ᠎ᠠ᠂ ᠨᠡᠯᠢᠶᠡᠳ ᠭᠠᠩ ᠬᠠᠭᠤᠷᠠᠢ ᠬᠤᠰᠢᠭᠤ ᠰᠢᠶᠠᠨ ᠳᠤ ᠭᠤᠣᠯᠳᠠᠭᠤ ᠬᠠᠷᠭᠠᠨ᠎ᠠ ᠳᠠᠷᠢᠵᠤ᠂ ᠣᠳᠤ ᠨᠢᠭᠡᠨᠲᠡ 300 ᠺᠢᠯᠣᠮᠧᠲᠷ ᠣᠷᠳᠣ᠂ 50 ᠺᠢᠯᠣᠮᠧᠲᠷ ᠥᠷᠭᠡᠨ ᠡᠯᠡᠰᠦ ᠶᠢ ᠰᠡᠷᠭᠡᠶᠢᠯᠡᠬᠦ ᠣᠶ ᠶᠢᠨ ᠪᠦᠰᠡ ᠪᠣᠯᠪᠠ᠃ ᠢᠢᠨ ᠬᠦ ᠤᠤᠯ ᠤᠨ ᠰᠠᠯᠬᠢ ᠰᠠᠯᠬᠢᠯᠠᠮᠠᠭᠴᠠ ᠬᠡᠳᠦᠨ ᠰᠠᠷ᠎ᠠ ᠦᠷᠭᠦᠯᠵᠢᠯᠡᠬᠦ ᠦᠵᠡᠭᠳᠡᠯ ᠬᠠᠷᠠᠭᠳᠠᠬᠤ ᠦᠭᠡᠢ ᠪᠣᠯᠵᠤ᠂ ᠠᠮᠢ ᠠᠬᠤᠢ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ︾ᠭᠡᠵᠦ ᠲᠠᠨᠢᠯᠴᠠᠭᠤᠯᠤᠨ᠎ᠠ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠤᠯᠠᠭᠠᠨᠴᠠᠪ ᠬᠤᠲᠠ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢᠯᠢᠭ ᠣᠶ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ᠂ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ ᠣᠶᠢᠵᠢᠭᠤᠯᠬᠤ ᠨᠥᠬᠦᠪᠦᠷᠢ ᠪᠠ ᠣᠷᠣᠨ ᠨᠤᠲᠤᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠤᠯᠤᠰ ᠪᠠ ᠣᠷᠣᠨ ᠨᠤᠲᠤᠭ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠥᠷᠥᠯ ᠤᠨ ᠪᠡᠯᠡ ᠮᠥᠩᠭᠦ ᠶᠢ ᠨᠡᠶᠢᠲᠡ 252.3 ᠳ᠋ᠦᠩᠰᠢᠭᠤᠷ ᠲᠥᠭᠦᠷᠢᠭ ᠭᠤᠶᠤᠴᠢᠯᠠᠨ ᠣᠯᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠭᠦᠷᠭᠡ ᠶᠢ 1259.01ᠲᠦᠮᠡᠨ ᠮᠦ ᠪᠡᠶᠡᠯᠡᠭᠦᠯᠪᠡ᠃            ᠣᠢ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ ᠣᠢ ᠰᠢᠭᠤᠢ ᠶᠢᠨ ᠤᠷᠲᠤ ᠬᠤᠭᠤᠴᠠᠭᠠᠨ ᠤ ᠵᠠᠰᠠᠯᠲᠠ ᠶᠢ ᠪᠡᠶᠡᠯᠡᠭᠦᠯᠵᠡᠢ            ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠯᠥᠭᠡᠢ ᠠᠭᠤᠯᠠ ᠰᠢᠶᠠᠩ 2022 ᠣᠨ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾᠎ ᠶᠢᠨ ᠢᠷᠠᠭᠤ ᠠᠯᠳᠠᠷ ᠤᠨ ᠴᠣᠯᠠ ᠶᠢ ᠭᠦᠷᠳᠡᠪᠡ᠃ ᠡᠨᠡ ᠢᠷᠠᠭᠤ ᠠᠯᠳᠠᠷ ᠢ ᠣᠯᠣᠭᠰᠠᠨ ᠨᠢ ᠠᠳᠡᠬᠢ ᠣᠢ ᠶᠢᠨ ᠳᠠᠷᠤᠭ᠎ᠠ ᠶᠢᠨ ᠳᠦᠷᠢᠮ ᠢ ᠰᠠᠶᠢᠲᠤᠷ ᠬᠡᠷᠡᠭᠵᠢᠭᠦᠯᠦᠭᠰᠡᠨ ᠤ ᠠᠴᠢ ᠪᠢᠯᠡ᠃            ᠥᠯᠥᠭᠡᠢ ᠠᠭᠤᠯᠠ ᠰᠢᠶᠠᠩ ᠤᠨ ᠣᠶ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠳᠡᠳ᠋ ᠡᠷᠭᠢᠯᠡᠭᠴᠢ ᠾᠧ ᠷᠦᠢ ᠵᠢᠶᠦ᠋ᠨ᠄︽ᠳᠡᠭᠡᠷ᠎ᠡ ᠵᠠᠭᠤᠨ ᠤ ᠶᠡᠷᠡᠭᠡᠳ ᠣᠨ ᠳᠤ ᠮᠠᠨ ᠤ ᠠᠳᠡᠬᠢ ᠬᠥᠮᠥᠰ ᠴᠥᠮ ᠠᠷᠤ ᠴᠣᠩᠬᠤ ᠪᠠᠨ ᠨᠡᠭᠡᠭᠡᠳᠡᠭ ᠦᠭᠡᠢ ᠭᠡᠷ ᠪᠠᠶᠢᠰᠢᠩ ᠪᠠᠷᠢᠳᠠᠭ᠂ ᠲᠡᠷᠡ ᠦᠶ᠎ᠡ ᠳᠤ ᠰᠠᠯᠬᠢ ᠡᠯᠡᠰᠦ ᠶᠡᠭᠡ ᠲᠤᠯᠠ ᠬᠡᠳᠦᠨ ᠡᠳᠦᠷ ᠪᠣᠯᠣᠮᠠᠭᠴᠠ ᠭᠡᠷ ᠤᠨ ᠠᠷᠤ ᠶᠢᠨ ᠡᠯᠡᠰᠦ ᠭᠡᠷ ᠤᠨ ᠣᠷᠣᠢ ᠲᠤᠯᠲᠠᠯ᠎ᠠ ᠣᠪᠣᠭᠠᠷᠠᠳᠠᠭ᠃ ︿ᠤᠮᠠᠷᠠᠲᠤ ᠶᠢᠨ ᠭᠤᠷᠪᠠᠨ ᠣᠷᠣᠨ﹀᠎ ᠤ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ᠂ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠠᠳ ᠰᠠᠶ᠋ᠢ ᠥᠨᠥᠳᠥᠷ ᠤᠨ ᠬᠡᠮᠵᠢᠶᠡᠨ ᠳᠤ ᠬᠦᠷᠴᠦ ᠴᠢᠳᠠᠵᠠᠢ᠃ ᠨᠢᠳᠤᠨᠤᠨ ᠮᠠᠨ ᠤ ᠰᠢᠶᠠᠩ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠰᠢᠶᠠᠩ ᠪᠠᠯᠭᠠᠰᠤ ᠪᠠᠷ ᠦᠨᠡᠯᠡᠭᠳᠡᠬᠦ ᠳᠤ︿ᠣᠢ ᠶᠢᠨ ᠳᠠᠷᠤᠭ᠎ᠠ ᠶᠢᠨ ᠳᠦᠷᠢᠮ﹀᠎ ᠨᠢ ᠶᠡᠭᠡ ᠭᠠᠪᠢᠶ᠎ᠠ ᠪᠠᠶᠢᠭᠤᠯᠵᠠᠢ︾ ᠭᠡᠵᠦ ᠶᠠᠷᠢᠨ᠎ᠠ᠃            ᠣᠳᠣᠬᠠᠨ ᠳᠤ ᠲᠤᠰ ᠰᠢᠶᠠᠩ ᠳᠤ 4800 ᠾᠧᠺᠲ᠋ᠠᠷ ᠲᠠᠷᠢᠶᠠᠨ ᠭᠠᠵᠠᠷ᠂ 7356.85 ᠾᠧᠺᠲ᠋ᠠᠷ ᠣᠶᠢᠲᠤ ᠭᠠᠵᠠᠷ᠂ 7672.011 ᠾᠧᠺᠲ᠋ᠠᠷ ᠪᠡᠯᠴᠢᠭᠡᠷ ᠲᠠᠢ᠂ ᠪᠦᠭᠦ ᠰᠢᠶᠠᠩ ᠤᠨ ᠤᠢ ᠰᠢᠭᠤᠢ ᠶᠢᠨ ᠪᠦᠷᠬᠦᠴᠡ 30 %᠎ ᠳᠤ ᠬᠦᠷᠴᠦ᠂ ᠪᠦᠭᠦ ᠬᠤᠰᠢᠭᠤᠨ ᠳᠤ ᠪᠠᠨ ᠲᠡᠷᠢᠭᠦᠨ ᠳᠤ ᠣᠷᠣᠵᠠᠢ᠃            ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ︽ᠬᠤᠲᠠ ᠠᠴᠠ ᠵᠣᠬᠢᠶᠠᠨ ᠪᠠᠶᠢᠭᠤᠯᠤᠨ᠂ ᠰᠢᠶᠠᠨ ᠬᠠᠷᠢᠭᠤᠴᠠᠯᠭ᠎ᠠ ᠡᠭᠦᠷᠭᠡᠯᠡᠨ᠂ ᠰᠢᠶᠠᠩ ᠠᠵᠢᠯᠯᠠᠭᠤᠯᠵᠤ᠂ ᠲᠣᠰᠬᠤᠨ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠤᠯᠠᠭᠠᠨᠴᠠᠪ ᠬᠤᠲᠠ ᠶᠢᠨ ᠣᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ᠂ ᠰᠢᠶᠠᠨ᠂ ᠰᠢᠶᠠᠩ᠂ ᠲᠣᠰᠬᠤᠨ ᠳᠥᠷᠪᠡᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ 19 ᠰᠠᠯᠠᠭ᠎ᠠ ᠮᠥᠴᠢᠷ ᠢ ᠬᠥᠨᠳᠡᠯᠡᠨ ᠢᠶᠠᠷ ᠨᠠᠪᠲᠠᠷᠡᠭᠦᠯᠵᠦ᠂ 11 ᠬᠤᠰᠢᠭᠤ ᠰᠢᠶᠠᠨ ᠬᠤᠲᠠ ᠲᠣᠭᠤᠷᠢᠭ᠂ 140 ᠰᠤᠮᠤ ᠰᠢᠶᠠᠩ ᠪᠠᠯᠭᠠᠰᠤ᠂ 1429 ᠭᠠᠴᠠᠭ᠎ᠠ ᠲᠣᠰᠬᠤᠨ ᠤ ᠠᠵᠢᠯ ᠤᠨ ᠬᠠᠮᠲᠤᠷᠠᠯ ᠬᠦᠴᠦᠨ ᠢ ᠭᠤᠯᠳᠤ ᠪᠠᠷ ᠨᠢᠭᠲᠠᠷᠠᠭᠤᠯᠵᠤ᠂ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠪᠣᠯᠣᠨ ᠡᠯ᠎ᠡ ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠠᠮᠵᠢᠯᠴᠠᠬᠤ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠢ ᠪᠤᠯᠭᠠᠵᠠᠶ; ᠪᠦᠭᠦ ᠬᠤᠲᠠ ᠳᠤ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ᠂ ᠳᠡᠳ᠋ ᠳᠠᠷᠤᠭ᠎ᠠ 4794 ᠬᠥᠮᠥᠨ ᠲᠣᠬᠢᠷᠠᠭᠤᠯᠵᠤ᠂ 12514 ᠬᠥᠮᠥᠨ ᠣᠢ ᠰᠢᠭᠤᠢ︵ᠡᠪᠡᠰᠦ︶ᠬᠠᠮᠠᠭᠠᠯᠠᠭᠴᠢ ᠲᠣᠬᠢᠷᠠᠭᠤᠯᠵᠠᠢ᠃            ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠨᠢ ᠲᠠᠯ᠎ᠠ ᠨᠤᠲᠤᠭ ᠢ ᠠᠮᠠᠷᠠᠭᠠᠨ ᠰᠡᠷᠭᠦᠭᠡᠬᠦ ᠶᠢ ᠠᠬᠢᠭᠤᠯᠪᠠ            ︽ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠲᠠᠷᠠᠭ᠎ᠠ ᠨᠤᠲᠤᠭ ᠪᠡᠯᠴᠢᠭᠡᠷ ᠤᠨ ᠮᠠᠯ ᠤᠨ ᠲᠤᠭ᠎ᠠ ᠲᠣᠯᠣᠭᠠᠢ ᠶᠢ ᠨᠡᠯᠢᠶᠡᠳ ᠪᠠᠭᠠᠰᠬᠠᠵᠤ᠂ ᠮᠠᠯᠴᠢᠨ ᠲᠠᠷᠢᠶᠠᠴᠢᠨ ᠤ ᠬᠠᠰᠢᠶᠠᠯᠠᠨ ᠮᠠᠯᠵᠢᠬᠤ ᠶᠢ ᠵᠣᠷᠢᠭᠵᠢᠭᠤᠯᠬᠤ᠂ ᠨᠤᠲᠤᠭ ᠪᠡᠯᠴᠢᠭᠡᠷ ᠢ ᠠᠮᠠᠷᠠᠭᠠᠨ ᠰᠡᠷᠭᠦᠭᠡᠬᠦ ᠶᠢ ᠠᠬᠢᠭᠤᠯᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ︾ᠭᠡᠵᠦ ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠳᠠᠷᠤᠭ᠎ᠠ ᠵᠠᠩ ᠳ᠋ᠦᠩ ᠬᠤᠩ ᠶᠠᠷᠢᠨ᠎ᠠ᠃            ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠮᠲᠤᠷᠠᠨ︽ᠤᠯᠠᠭᠠᠨᠴᠠᠪ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021︱2025 ᠣᠨ︶︾᠎ ᠢ ᠲᠣᠭᠲᠠᠭᠠᠪᠠ ᠃ ᠤᠯᠠᠭᠠᠨᠴᠠᠪ ᠬᠤᠲᠠ ᠶᠢᠨ ᠲᠣᠭᠲᠠᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠭᠦᠷᠳᠡᠭᠦ ᠲᠠᠯᠠᠪᠠᠶ 1451.52 ᠲᠦᠮᠡᠨ ᠮᠦ᠂ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠱᠠᠩᠨᠠᠯ ᠭᠦᠷᠳᠡᠭᠦ ᠲᠠᠯᠠᠪᠠᠶ 1953.54 ᠲᠦᠮᠡᠨ ᠮᠦ᠂ ᠨᠡᠶᠢᠲᠡ 3405.06 ᠲᠦᠮᠡᠨ ᠮᠦ ᠪᠠᠶᠢᠵᠤ᠂ ᠡᠨᠡ ᠨᠢ ᠪᠦᠭᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠲᠤ ᠬᠤᠯᠪᠣᠭᠳᠠᠵᠠᠢ᠃            ᠡᠭᠦᠨ ᠠᠴᠠ ᠭᠠᠳᠠᠨ᠎ᠠ᠂ ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠎ ᠨᠢ ᠣᠲᠣ ᠶᠢᠨ ᠪᠠᠶᠢᠭ᠎ᠠ ᠣᠶ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠪᠠ ᠪᠠᠲᠤᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠭᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠭᠠᠷᠤᠭᠰᠠᠨ ᠤᠳᠠᠭ᠎ᠠ᠂ ᠬᠥᠨᠥᠭᠡᠯ ᠳᠤ ᠤᠴᠠᠷᠠᠭᠰᠠᠨ ᠣᠶ ᠰᠢᠭᠤᠢ ᠨᠤᠲᠤᠭ ᠪᠡᠯᠴᠢᠭᠡᠷ ᠤᠨ ᠲᠠᠯᠠᠪᠠᠶ ᠴᠥᠮ ᠪᠠᠭᠤᠷᠠᠬᠤ ᠬᠠᠨᠳᠤᠰᠢ ᠲᠠᠢ ᠪᠤᠯᠪᠠ; ᠣᠶ ᠰᠢᠭᠤᠢ ᠨᠤᠲᠤᠭ ᠪᠡᠯᠴᠢᠭᠡᠷ ᠤᠨ ᠬᠤᠣᠷᠲᠤ ᠠᠮᠢᠳᠤ ᠪᠣᠳᠠᠰ ᠢ ᠨᠡᠶᠢᠲᠡ 2639.1 ᠲᠦᠮᠡᠨ ᠮᠦ ᠰᠡᠷᠭᠡᠶᠢᠯᠡᠨ ᠵᠠᠰᠠᠵᠤ᠂ ᠠᠮᠧᠷᠢᠺᠠ ᠶᠢᠨ ᠴᠠᠭᠠᠨ ᠡᠷᠪᠡᠬᠡᠢ ᠵᠡᠷᠭᠡ ᠬᠦᠨᠳᠦ ᠶᠡᠭᠡ ᠣᠶ ᠰᠢᠭᠤᠢ ᠶᠢᠨ ᠬᠤᠣᠷᠲᠤ ᠠᠮᠢᠳᠤ ᠪᠣᠳᠠᠰ ᠤᠨ ᠭᠠᠮᠰᠢᠭ ᠡᠭᠦᠰᠬᠦ ᠦᠭᠡᠢ ᠪᠠᠶᠢᠬᠤ ᠶᠢ ᠪᠠᠲᠤᠯᠠᠪᠠ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号