﹇ᠴᠥᠯᠵᠢᠯᠲᠡ ᠶᠢᠨ ᠵᠠᠰᠠᠯᠲᠠ﹈ ᠬᠠᠩᠭᠢᠨ ᠬᠤᠶᠢᠲᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠎ ᠤᠨ ᠲᠣᠪᠴᠢᠶ᠎ᠠ ᠤᠳᠠᠭᠠᠨ ᠳᠠᠭᠠᠭᠠᠮᠠᠭᠠᠢ ᠴᠢᠷᠮᠠᠶᠢᠯᠭ᠎ᠠ ᠪᠠᠷ ᠡᠯᠡᠰᠦ ᠮᠠᠩᠬ᠎ᠠ ᠶᠢ ᠨᠣᠭᠤᠭᠠᠷᠠᠭᠤᠯᠵᠤ ᠠᠮᠢ ᠠᠬᠤᠢ ᠶᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/5/15
                                 ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠠᠭᠤᠷ ᠠᠮᠢᠰᠬᠤᠯ ᠤᠨ ᠬᠤᠪᠢᠷᠠᠯᠲᠠ ᠪᠣᠯᠣᠨ ᠭᠡᠲᠦ ᠬᠠᠭᠠᠯᠪᠤᠷᠢᠯᠠᠯᠲᠠ ᠠᠴᠠ ᠪᠣᠯᠵᠤ᠂ ᠠᠳᠡᠬᠢ 46 ᠲᠦᠮᠡᠨ ᠮᠦ ᠶᠢᠨ ᠡᠯᠡᠰᠦ ᠬᠠᠯᠲᠤᠰᠬᠢᠪᠡᠯ ᠲᠡᠭᠷᠢ ᠭᠠᠵᠠᠷ ᠢ ᠪᠦᠷᠬᠦᠲᠡᠯ᠎ᠡ ᠰᠢᠭᠤᠷᠴᠤ᠂ ᠲᠠᠷᠢᠶᠠᠨ ᠭᠠᠵᠠᠷ ᠢ ᠳᠠᠭᠠᠷᠢᠨ᠂ ᠠᠶᠢᠯ ᠲᠣᠰᠬᠤᠨ ᠢ ᠰᠦᠷᠳᠡᠭᠦᠯᠵᠦ᠂ ᠲᠤᠬᠠᠢ ᠶᠢᠨ ᠭᠠᠵᠠᠷ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠰᠦᠷᠳᠡᠭᠦᠯᠵᠦ ᠪᠠᠶᠢᠵᠠᠢ᠃ ᠡᠯᠡᠰᠦᠨ ᠰᠢᠭᠤᠷᠭ᠎ᠠ ᠶᠢᠨ ᠰᠦᠷᠳᠡᠭᠦᠯᠦᠯ ᠤᠨ ᠡᠮᠦᠨ᠎ᠡ᠂ ᠬᠠᠩᠭᠢᠨ ᠬᠤᠶᠢᠲᠤ ᠬᠤᠰᠢᠭᠤᠨ ᠤ ᠬᠥᠮᠥᠰ ᠵᠣᠷᠢᠭ ᠬᠠᠷᠢᠵᠤ ᠬᠥᠯ ᠨᠤᠭᠤᠷᠠᠭᠰᠠᠨ ᠦᠭᠡᠢ᠂ ᠬᠠᠷᠢᠨ ᠲᠡᠳᠡᠨᠡᠷ ᠦᠶ᠎ᠡ ᠶᠢᠨ ᠦᠶ᠎ᠡ ᠳᠡᠭᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠣᠶᠢᠵᠢᠭᠤᠯᠵᠤ ᠤᠢ ᠰᠢᠭᠤᠢ ᠶᠢ ᠬᠠᠮᠠᠭᠠᠯᠠᠬᠤ ᠦᠢᠯᠡᠰ ᠲᠤ ᠡᠷᠡᠮᠡᠬᠡᠶᠢᠯᠡᠨ ᠣᠷᠣᠯᠴᠠᠵᠤ᠂ ᠠᠮᠢ ᠠᠬᠤᠢ ᠶᠢ ᠤᠷᠢᠳ ᠎ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠵᠦ ᠢᠷᠡᠵᠡᠢ᠃ ᠡᠨᠡ ᠵᠢᠯ ᠤᠨ 8 ᠰᠠᠷ᠎ᠠ ᠳᠤ ᠬᠠᠩᠭᠢᠨ ᠬᠤᠶᠢᠲᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠎ ᠤᠨ ᠲᠣᠪᠴᠢᠶ᠎ᠠ ᠪᠦᠭᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃            ︽ᠡᠨᠡ ᠬᠦ ᠢᠷᠠᠭᠤ ᠠᠯᠳᠠᠷ ᠪᠣᠯ ᠪᠦᠭᠦ ᠬᠤᠰᠢᠭᠤᠨ ᠤ ᠠᠷᠠᠳ ᠲᠦᠮᠡᠨ ᠤ ᠬᠢ ᠶᠤᠮ᠃ ᠠᠯᠢ ᠡᠷᠲᠡ 20 ᠳ᠋ᠤᠭᠠᠷ ᠵᠠᠭᠤᠨ ᠤ ᠵᠢᠷᠠ ᠳᠠᠯᠠᠭᠠᠳ ᠣᠨ ᠤ ᠦᠶ᠎ᠡ ᠪᠠᠷ ᠬᠤᠰᠢᠭᠤᠨ ᠤ ᠬᠢᠨ ᠳᠠᠷᠤᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠶᠠᠨ ᠡᠬᠢᠯᠡᠭᠦᠯᠵᠦ᠂ 2000 ᠣᠨ ᠪᠤᠯᠬᠤ ᠳᠤ ᠶᠡᠭᠡ ᠬᠡᠪᠴᠢᠶ᠎ᠡ ᠪᠠᠷ ᠮᠣᠳᠣ ᠳᠠᠷᠢᠵᠤ ᠣᠶᠢᠵᠢᠭᠤᠯᠤᠨ᠂ 48.6 ᠺᠢᠯᠣᠮᠧᠲᠷ ᠣᠷᠳᠣ᠂ 0.5 ᠺᠢᠯᠣᠮᠧᠲᠷ ᠥᠷᠭᠡᠨ ᠲᠠᠷᠢᠶᠠᠨ ᠭᠠᠵᠠᠷ ᠤᠨ ᠬᠠᠮᠠᠭᠠᠯᠠᠯᠲᠠ ᠎ ᠶᠢᠨ ᠣᠶ ᠶᠢᠨ ᠪᠦᠰᠡ ᠪᠣᠯ ᠳᠠᠷᠤᠢ︿ᠤᠮᠠᠷᠠᠲᠤ ᠶᠢᠨ ᠭᠤᠷᠪᠠᠨ ᠣᠷᠣᠨ﹀᠎ ᠤ ᠢᠨᠵᠧᠨᠧᠷᠢᠩ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠡᠬᠢ ᠡᠭᠦᠰᠦᠯ ᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠵᠡᠷᠭᠡ ᠶᠢ ᠬᠡᠷᠡᠭᠵᠢᠭᠦᠯᠦᠭᠰᠡᠨ ᠤ ᠦᠷ᠎ᠡ ᠪᠦᠲᠦᠮᠵᠢ ᠮᠥᠨ︾ ᠭᠡᠵᠦ ᠬᠠᠩᠭᠢᠨ ᠬᠤᠶᠢᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠾᠧ ᠫᠧᠩ ᠰᠤᠷᠪᠤᠯᠵᠢᠯᠠᠬᠴᠢ ᠳᠤ ᠲᠠᠨᠢᠯᠴᠠᠭᠤᠯᠵᠤ ᠭᠠᠷᠤᠯ᠎ᠠ᠃            ᠲᠤᠬᠠᠢ ᠶᠢᠨ ᠦᠶ᠎ᠡ ᠶᠢᠨ ᠮᠣᠳᠣ ᠳᠠᠷᠢᠵᠤ ᠣᠶᠢᠵᠢᠭᠤᠯᠬᠤ ᠶᠢᠨ ᠬᠦᠴᠢᠷ ᠪᠡᠷᠬᠡ ᠶᠢ ᠡᠷᠭᠢᠴᠡᠭᠦᠯᠬᠦᠶ᠎ᠡ᠂ ᠬᠠᠩᠭᠢᠨ ᠬᠤᠶᠢᠲᠤ ᠬᠤᠰᠢᠭᠤᠨ ᠤ ᠡᠯᠡᠰᠦᠷᠬᠡᠭᠵᠢᠯ ᠢ ᠵᠠᠰᠠᠬᠤ ᠥᠷᠲᠡᠭᠡᠨ ᠤ ᠳᠠᠷᠤᠭ᠎ᠠ ᠯᠢ ᠰᠢᠶᠣᠣ ᠵᠤᠪᠠᠯᠠᠩ ᠢᠶᠠᠨ ᠲᠣᠭᠠᠴᠢᠨ᠎ᠠ᠃ ᠲᠠᠷᠠ᠄ ︽ᠮᠣᠳᠣ ᠳᠠᠷᠢᠵᠤ ᠣᠶᠢᠵᠢᠭᠤᠯᠬᠤ ᠶᠢᠨ ᠲᠥᠯᠥᠭᠡ᠂ ᠪᠢᠳᠡ ᠡᠯᠡᠰᠦᠨ ᠴᠥᠯ ᠳᠤ ᠮᠠᠶᠢᠬᠠᠨ ᠪᠣᠰᠬᠠᠵᠤ᠂ ᠲᠡᠭᠦᠨ ᠢᠶᠠᠨ ᠵᠢᠯᠤᠭᠤᠳᠬᠤ ᠭᠠᠵᠠᠷ ᠪᠣᠯᠭᠠᠨ᠂ ᠰᠢᠷᠣᠢ ᠲᠦᠯᠬᠢᠬᠦ ᠮᠠᠰᠢᠨ ᠢᠶᠠᠷ ᠵᠠᠮ ᠭᠠᠷᠭᠠᠵᠤ ᠳᠠᠭᠢᠨ ᠤᠯᠠᠭᠠᠨ ᠰᠢᠷᠣᠢ ᠳᠡᠪᠢᠰᠪᠡᠯ ᠰᠠᠶ᠋ᠢ ᠬᠥᠮᠥᠨ ᠪᠣᠯᠣᠨ ᠵᠤᠯᠵᠠᠭ᠎ᠠ ᠮᠣᠳᠣ ᠶᠢ ᠡᠯᠡᠰᠦᠨ ᠳᠤ ᠣᠷᠣᠭᠤᠯᠵᠤ ᠲᠠᠶᠢᠯᠤᠨ᠎ᠠ᠂ ᠪᠢᠳᠠ ᠬᠤᠭᠤᠯᠠ ᠢᠳᠡᠬᠦ ᠠᠴᠠ ᠵᠢᠷᠦᠬᠡᠰᠢᠶᠡᠳᠡᠭ᠂ ᠤᠴᠢᠷ ᠶᠠᠭᠤᠨ ᠭᠡᠪᠡᠯ ᠲᠣᠭᠤᠭᠠᠨ ᠠᠴᠠ ᠪᠠᠨ ᠪᠤᠳᠠᠭ᠎ᠠ ᠪᠠᠨ ᠠᠶᠠᠭᠠᠯᠠᠲᠠᠯ᠎ᠠ ᠡᠯᠡᠰᠦ ᠰᠢᠷᠣᠢ ᠬᠡᠶᠢᠰᠦᠨ ᠣᠷᠣᠴᠢᠬᠠᠳᠠᠭ︾ ᠭᠡᠨ᠎ᠡ᠃            ᠡᠯᠡᠰᠦ ᠶᠢ ᠵᠠᠰᠠᠬᠤ ᠪᠡᠯᠡ ᠣᠷᠣᠭᠤᠯᠤᠯᠲᠠ ᠶᠡᠭᠡ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠵᠤᠯᠵᠠᠭᠠᠨ ᠮᠣᠳᠣᠨ ᠤ ᠡᠳᠡᠭᠡᠷᠡᠯᠲᠡ ᠶᠢᠨ ᠨᠣᠷᠮ᠎ᠠ ᠳᠣᠣᠷ᠎ᠠ ᠵᠡᠷᠭᠡ ᠬᠦᠴᠢᠷ ᠠᠰᠠᠭᠤᠳᠠᠯ ᠳᠤ ᠴᠢᠭᠯᠡᠭᠦᠯᠦᠨ᠂ ᠣᠯᠠᠨ ᠵᠢᠯ ᠤᠨ ᠲᠤᠷᠰᠢ᠂ ᠬᠠᠩᠭᠢᠨ ᠬᠤᠶᠢᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠲᠤᠬᠠᠢ ᠶᠢᠨ ᠭᠠᠵᠠᠷ ᠲᠤᠨᠢ ᠣᠶᠢᠵᠢᠭᠤᠯᠬᠤ ᠭᠠᠵᠠᠷ ᠣᠷᠣᠨ ᠢ ᠬᠠᠶᠢᠨ ᠬᠡᠮᠵᠢᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠥᠯᠥᠪᠯᠡᠵᠦ᠂ ᠳᠠᠷᠢᠵᠤ ᠤᠷᠭᠤᠭᠤᠯᠬᠤ ᠨᠢᠭᠲᠠᠴᠠ ᠶᠢ ᠵᠦᠢ ᠵᠣᠬᠢᠰᠲᠠᠢ ᠪᠠᠶᠢᠷᠢᠰᠢᠭᠤᠯᠤᠨ᠂ ᠬᠤᠳᠳᠤᠭ ᠮᠠᠯᠲᠠᠬᠤ᠂ ᠲᠣᠣᠷ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠳᠤᠰᠤᠯᠭᠠᠨ ᠤᠰᠤᠯᠠᠬᠤ ᠲᠥᠬᠦᠭᠡᠷᠦᠮᠵᠢ ᠤᠭᠰᠠᠷᠠᠬᠤ ᠵᠡᠷᠭᠡ ᠠᠷᠭ᠎ᠠ ᠬᠡᠮᠵᠢᠶ᠎ᠡ ᠠᠪᠴᠤ᠂ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠣᠷᠮ᠎ᠠ ᠪᠠ ᠬᠠᠳᠠᠭᠠᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠠᠯ᠎ᠠ ᠪᠠᠷ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃            2019 ᠣᠨ ᠳᠤ᠂ ᠬᠠᠩᠭᠢᠨ ᠬᠤᠶᠢᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ 5000 ᠭᠠᠷᠤᠢ ᠲᠦᠮᠡᠨ ᠲᠥᠭᠦᠷᠢᠭ ᠤᠨ ᠰᠢᠷᠭᠤᠯᠵᠢ ᠶᠢᠨ ᠣᠶ ᠶᠢᠨ ᠨᠣᠭᠤᠭᠠᠷᠠᠭᠤᠯᠤᠯᠲᠠ ᠎ ᠶᠢᠨ ᠰᠠᠭᠤᠷᠢ ᠮᠥᠩᠭᠦᠨ ᠤ ᠲᠥᠷᠥᠯ ᠵᠦᠢᠯ ᠢ ᠴᠢᠷᠮᠠᠶᠢᠨ ᠣᠯᠵᠤ᠂ 9.07 ᠲᠦᠮᠡᠨ ᠮᠦ ᠶᠢᠨ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ ᠶᠢ ᠪᠡᠶᠡᠯᠡᠭᠦᠯᠪᠡ᠃ ︽ᠲᠤᠰ ᠲᠥᠷᠥᠯ ᠵᠦᠢᠯ ᠪᠣᠯ ᠪᠦᠭᠦ ᠤᠯᠤᠰ ᠲᠤ ᠰᠢᠷᠭᠤᠯᠵᠢ ᠶᠢᠨ ᠣᠶ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ ᠠᠩᠬ᠎ᠠ ᠤᠳᠠᠭ᠎ᠠ ᠲᠤᠰᠠᠭᠠᠷ ᠨᠢᠭᠡ ᠬᠤᠰᠢᠭᠤ ᠰᠢᠶᠠᠨ ᠢ ᠵᠢᠭᠠᠨ ᠲᠣᠭᠲᠠᠭᠠᠵᠤ ᠬᠠᠮᠤᠭ ᠤᠨ ᠶᠡᠭᠡ ᠵᠠᠯᠭᠠᠯᠳᠤᠭᠰᠠᠨ ᠲᠠᠯᠠᠪᠠᠶ ᠶᠢᠨ ᠲᠥᠷᠥᠯ ᠵᠦᠢᠯ ᠤᠨ ᠣᠷᠣᠨ ᠢ ᠪᠡᠶᠡᠯᠡᠭᠦᠯᠦᠭᠰᠡᠨ ᠶᠠᠪᠤᠳᠠᠯ ᠪᠣᠯᠣᠨ᠎ᠠ᠃ ᠣᠶᠢᠵᠢᠭᠤᠯᠤᠯᠲᠠ ᠶᠢᠨ ᠮᠡᠷᠭᠡᠵᠢᠯ ᠪᠣᠯᠪᠠᠰᠤᠷᠠᠩᠭᠤᠢ᠂ ᠪᠣᠭᠤᠮᠲᠠ ᠎ ᠶᠢ ᠴᠢᠩᠭ᠎ᠠ ᠠᠳᠬᠤᠭᠰᠠᠨ ᠤ ᠬᠤᠪᠢ ᠳᠤ᠂ ᠳᠤᠮᠳᠠᠴᠢ ᠡᠳᠡᠭᠡᠷᠡᠯᠲᠡ ᠶᠢᠨ ᠨᠣᠷᠮ᠎ᠠ ᠨᠢ 90%᠎ ᠳᠤ ᠬᠦᠷᠴᠡᠢ᠂ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠲᠤᠰᠬᠠᠶᠢᠯᠠᠨ ᠭᠠᠨᠰᠤ᠂ ᠨᠢᠩᠰᠢᠶᠠ᠂ ᠬᠥᠬᠡᠨᠠᠭᠤᠷ ᠵᠡᠷᠭᠡ ᠭᠠᠵᠠᠷ ᠤᠨ ᠬᠥᠮᠥᠰ ᠢ ᠵᠣᠬᠢᠶᠠᠨ ᠪᠠᠶᠢᠭᠤᠯᠵᠤ ᠮᠠᠨ ᠤ ᠬᠤᠰᠢᠭᠤᠨ ᠳᠤ ᠢᠷᠠᠵᠤ᠂ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠬᠢᠳᠡᠭ︾ ᠭᠡᠵᠦ ᠾᠧ ᠫᠧᠩ ᠲᠠᠨᠢᠯᠴᠠᠭᠤᠯᠤᠯ᠎ᠠ᠃            2020 ᠣᠨ ᠠᠴᠠ ᠨᠠᠭᠠᠰᠢ᠂ ᠬᠠᠩᠭᠢᠨ ᠬᠤᠶᠢᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠎ ᠤᠨ ᠲᠣᠪᠴᠢᠶ᠎ᠠ ᠶᠢᠨ ᠬᠢᠨ ᠠᠵᠤ ᠦᠢᠯᠡᠰ ᠢᠶᠠᠷ ᠡᠯᠡᠰᠦ ᠶᠢ ᠵᠠᠰᠠᠬᠤ ᠶᠢ ᠶᠡᠭᠡ ᠪᠠᠷ ᠬᠡᠷᠡᠭᠵᠢᠭᠦᠯᠵᠦ᠂ ᠭᠠᠵᠠᠷ ᠰᠢᠷᠣᠢ ᠪᠠᠷ ᠬᠤᠪᠢ ᠣᠷᠣᠭᠤᠯᠬᠤ ᠭᠡᠯᠪᠡᠷᠢ ᠪᠠᠷ ᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠶ ᠳᠣᠲᠣᠷᠠᠬᠢ ᠠᠵᠤ ᠠᠬᠤᠢ᠂ ᠡᠮ ᠤᠨ ᠮᠠᠲ᠋ᠧᠷᠢᠶᠠᠯ ᠬᠤᠸᠠᠷ ᠴᠡᠴᠡᠭ᠂ ᠴᠢᠬᠢ ᠪᠣᠶᠢᠵᠢᠭᠤᠯᠵᠤ ᠡᠭᠦᠯᠳᠡᠷ ᠪᠣᠶᠢᠵᠢᠭᠤᠯᠬᠤ ᠵᠡᠷᠭᠡ ᠣᠯᠠᠨ ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠪᠤᠳᠠ ᠮᠣᠳᠣᠨ ᠤ ᠲᠥᠷᠥᠯ ᠵᠡᠷᠭᠡ ᠪᠠᠷ ᠭᠤᠣᠯ ᠪᠤᠯᠭᠠᠬᠰᠠᠨ 16 ᠵᠦᠢᠯ ᠤᠨ ᠬᠢᠲᠠᠳ ᠡᠪᠡᠰᠦᠨ ᠡᠮ ᠤᠨ ᠲᠥᠷᠥᠯ ᠵᠦᠢᠯ ᠎ ᠢ ᠳᠠᠷᠢᠵᠤ᠂ ᠳᠠᠷᠢᠭᠰᠠᠨ ᠲᠠᠯᠠᠪᠠᠶ 2000 ᠭᠠᠷᠤᠢ ᠮᠦ ᠳᠤ ᠬᠦᠷᠴᠦ᠂ ᠡᠷᠭᠢᠨ ᠲᠣᠭᠤᠷᠢᠨ ᠤ ᠲᠠᠷᠢᠶᠠᠴᠢᠳ ᠢ ᠬᠥᠲᠥᠯᠥᠨ ᠳᠠᠭᠠᠭᠤᠯᠵᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠂ ᠲᠡᠳᠡᠨᠡᠷ ᠤᠨ ᠤᠷᠤᠯᠭ᠎ᠠ ᠶᠢ ᠨᠡᠮᠡᠭᠳᠡᠭᠦᠯᠪᠠ; ᠬᠤᠶᠢᠲᠤ ᠲᠡᠭᠦᠷᠭᠡ ᠶᠢᠨ ᠨᠤᠭᠤ ᠭᠠᠵᠠᠷ᠂ ᠳ᠋ᠦᠩᠹᠧᠩ ᠤᠢ ᠰᠢᠭᠤᠢ ᠶᠢᠨ ᠲᠠᠯᠠᠪᠠᠢ ᠵᠢᠴᠢ ᠴᠢᠶᠠᠨ ᠶᠢᠨ ᠲᠦᠮᠡᠨ ᠮᠦ ᠶᠢᠨ ᠠᠯᠢᠮ᠎ᠠ ᠶᠢᠨ ᠬᠦᠷᠢᠶᠡᠯᠡᠩ ᠢ ᠪᠦᠲᠦᠮᠵᠢᠲᠡᠶ ᠪᠠᠷ ᠨᠡᠶᠢᠳᠬᠡᠵᠦ᠂ ᠡᠯᠡᠰᠦ ᠮᠠᠩᠬᠠᠨ ᠤ ᠵᠤᠭ᠎ᠠ ᠴᠡᠩᠭᠡᠯ᠂ ᠡᠯᠡᠰᠦ ᠮᠠᠩᠬᠠᠨ ᠤ ᠪᠠᠷᠲᠠᠭ᠎ᠠ ᠰᠢᠨᠵᠢᠯᠡᠯ᠂ ᠨᠤᠭᠤ ᠭᠠᠵᠠᠷ ᠢᠶᠠᠷ ᠲᠣᠭᠤᠷᠢᠨ ᠵᠢᠭᠤᠯᠴᠢᠯᠠᠬᠤ᠂ ᠨᠡᠭᠦᠳᠡᠯ ᠤᠨ ᠰᠢᠪᠠᠭᠤᠳ ᠢ ᠰᠣᠨᠢᠷᠬᠠᠬᠤ᠂ ᠠᠯᠢᠮ᠎ᠠ ᠶᠢᠨ ᠬᠦᠷᠢᠶᠡᠯᠡᠩ ᠢᠶᠠᠷ ᠵᠢᠮᠢᠰ ᠲᠡᠭᠦᠬᠦ ᠶᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ ᠪᠣᠬᠢᠷᠳᠤᠯ ᠦᠭᠡᠢ ᠵᠢᠭᠤᠯᠴᠢᠯᠠᠯ ᠤᠨ ᠰᠠᠭᠤᠷᠢᠨ ᠢ ᠪᠠᠶᠢᠭᠤᠯᠤᠭᠰᠠᠨ ᠪᠥᠭᠡᠳ 4.8 ᠺᠢᠯᠣᠮᠧᠲᠷ ᠤᠨ ᠤᠢ ᠰᠢᠭᠤᠢ ᠶᠢᠨ ᠡᠷᠡᠭᠦᠯᠵᠢᠯ ᠤᠨ ᠵᠠᠮ ᠪᠠ 8.7 ᠺᠢᠯᠣᠮᠧᠲᠷ ᠤᠨ ᠠᠵᠤ ᠦᠢᠯᠡᠰ ᠎ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠳᠠ ᠶᠢᠨ ᠠᠷᠠᠳ ᠤᠨ ᠲᠡᠷᠭᠡ ᠵᠢᠯᠤᠭᠤᠳᠴᠤ ᠴᠢᠯᠦᠭᠡᠲᠡᠢ ᠪᠠᠷ ᠣᠷᠣᠵᠤ ᠭᠠᠷᠬᠤ ᠪᠠ ᠲᠣᠬᠢᠷᠠᠮᠵᠢᠲᠠᠢ ᠴᠠᠭ ᠲᠤ ᠵᠢᠮᠢᠰ ᠲᠡᠭᠦᠬᠦ ᠳᠤ ᠲᠦᠭᠦᠮ ᠦᠵᠡᠭᠦᠯᠪᠡ᠃            2022 ᠣᠨ ᠳᠤ᠂ ᠬᠠᠩᠭᠢᠨ ᠬᠤᠶᠢᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠰᠠ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠢ ᠶᠢᠨ ᠶᠡᠭᠡ ᠰᠤᠷᠭᠠᠭᠤᠯᠢ ᠶᠢᠨ ᠬᠠᠮᠤᠭ ᠤᠨ ᠰᠢᠨ᠎ᠡ ᠠᠵᠤ ᠠᠬᠤᠢ ᠶᠢᠨ ᠣᠶ ᠵᠠᠶᠢᠯᠠᠬᠤ ᠵᠠᠭᠪᠤᠷ ᠢ ᠣᠷᠣᠭᠤᠯᠤᠨ ᠠᠪᠴᠢᠷᠠᠵᠤ᠂ 2000 ᠭᠠᠷᠤᠢ ᠮᠦ ᠥᠨᠳᠥᠷ ᠪᠠᠷᠢᠮᠵᠢᠶᠠᠲᠤ ᠠᠵᠤ ᠠᠬᠤᠢ ᠶᠢᠨ ᠣᠶ ᠶᠢ ᠰᠢᠨ᠎ᠡ ᠪᠠᠷ ᠪᠠᠶᠢᠭᠤᠯᠤᠨ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠣᠶ ᠶᠢᠨ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠣᠳᠣᠬᠠᠨ ᠳᠤ ᠨᠢᠭᠡᠨᠲᠡ 500 ᠲᠣᠨ ᠤ ᠬᠦᠢᠲᠡᠨ ᠬᠥᠮᠥᠷᠭᠡ 2᠂ ᠵᠢᠵᠢᠭ ᠭᠡᠯᠪᠡᠷᠢ ᠶᠢᠨ ᠬᠦᠢᠲᠡᠨ ᠬᠥᠮᠥᠷᠭᠡ 16᠂ 1 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠵᠢᠮᠢᠰ ᠬᠠᠳᠠᠭᠠᠯᠠᠬᠤ᠂ ᠪᠣᠷᠣᠯᠠᠭᠤᠯᠬᠤ ᠠᠷᠠᠯᠵᠢᠶᠠᠯᠠᠬᠤ ᠲᠥᠪᠯᠡᠷᠡᠭᠦᠯᠦᠨ ᠲᠠᠷᠬᠠᠭᠠᠬᠤ ᠲᠥᠪ ᠪᠠ 600 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠠᠵᠤ ᠠᠬᠤᠢ ᠶᠢᠨ ᠤᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠭᠦ ᠰᠠᠭᠤᠷᠢᠨ ᠢ ᠪᠠᠶᠢᠭᠤᠯᠵᠤ᠂ ᠤᠢ ᠰᠢᠭᠤᠢ ᠶᠢᠨ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ᠂ ᠠᠮᠢ ᠠᠬᠤᠢ ᠪᠠᠷ ᠡᠯᠡᠰᠦ ᠶᠢ ᠲᠣᠭᠲᠠᠪᠤᠷᠢᠵᠢᠭᠤᠯᠬᠤ ᠰᠠᠶᠢᠨ ᠬᠥᠭᠵᠢᠯᠲᠡ ᠎ ᠶᠢᠨ ᠵᠠᠮ ᠢ ᠨᠡᠭᠡᠭᠡᠵᠡᠢ᠃            ᠡᠨᠡ ᠵᠢᠯ᠂ ᠬᠠᠩᠭᠢᠨ ᠬᠤᠶᠢᠲᠤ ᠬᠤᠰᠢᠭᠤᠨ ᠤ ᠬᠢᠨ 3000 ᠮᠦ ᠬᠥᠮᠥᠨ ᠤ ᠬᠦᠴᠦ ᠪᠠᠷ ᠣᠶᠢᠵᠢᠭᠤᠯᠬᠤ ᠡᠭᠦᠷᠭᠡ ᠪᠠᠭᠤᠯᠭᠠᠵᠤ᠂ ᠣᠳᠣᠬᠠᠨ ᠳᠤ ᠨᠢᠭᠡᠨᠲᠡ 5863 ᠮᠦ ᠣᠶᠢᠵᠢᠭᠤᠯᠤᠨ᠂ 6000 ᠮᠦ ᠴᠠᠭᠠᠨ ᠭᠤᠶᠣᠣ ᠵᠡᠷᠭᠡ ᠶᠢ ᠳᠠᠷᠢᠵᠤ᠂ ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠪᠠᠶᠢᠨ᠎ᠠ᠃ ︽ᠵᠦᠪᠭᠡᠨ ᠬᠦᠴᠦ ᠬᠥᠯᠥᠰᠦ ᠤᠷᠤᠰᠬᠠᠪᠠᠯ ᠰᠠᠶ᠋ᠢ ᠡᠯᠪᠡᠭ ᠬᠤᠷᠢᠶᠠᠯᠲᠠ ᠣᠯᠵᠤ ᠴᠢᠳᠠᠨ᠎ᠠ᠂ ᠰᠢᠷᠭᠠᠭᠤ ᠠᠵᠢᠯᠯᠠᠪᠠᠯ ᠰᠠᠶ᠋ᠢ ᠵᠠᠯᠠᠭᠤ ᠨᠠᠰᠤ ᠪᠠᠨ ᠲᠠᠯᠠᠭᠠᠷ ᠥᠩᠭᠡᠷᠡᠭᠦᠯᠬᠦ ᠦᠭᠡᠢ ᠪᠠᠶᠢᠵᠤ ᠴᠢᠳᠠᠨ᠎ᠠ᠂ ᠮᠠᠨ ᠤ ᠲᠣᠪᠴᠢᠶ᠎ᠠ ᠴᠥᠬᠦᠷᠡᠰᠢ ᠦᠭᠡᠢ ᠪᠠᠷ ᠮᠣᠳᠣ ᠲᠠᠷᠢᠵᠤ ᠣᠶᠢᠵᠢᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠠᠮᠢ ᠠᠬᠤᠢ ᠶᠢ ᠬᠥᠭᠵᠢᠭᠦᠯᠦᠨ᠂ ᠤᠳᠠᠭᠠᠨ ᠳᠠᠭᠠᠭᠠᠮᠠᠭᠠᠢ ᠴᠢᠷᠮᠠᠶᠢᠯᠭ᠎ᠠ ᠪᠠᠷ ᠡᠯᠡᠰᠦ ᠮᠠᠩᠬ᠎ᠠ ᠶᠢ ᠨᠣᠭᠤᠭᠠᠷᠠᠭᠤᠯᠵᠤ ᠠᠮᠢ ᠠᠬᠤᠢ ᠶᠢ ᠰᠠᠶᠢᠵᠢᠷᠠᠭᠤᠯᠤᠨ᠂ ᠡᠬᠡ ᠤᠯᠤᠰ ᠤᠨ ᠤᠮᠠᠷᠠᠲᠤ ᠶᠢᠨ ᠨᠣᠮᠢᠨ ᠨᠣᠭᠤᠭᠠᠨ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ︾ ᠭᠡᠵᠦ ᠾᠧ ᠫᠧᠩ ᠬᠠᠷᠠᠯᠲᠠ ᠵᠣᠷᠢᠯᠲᠠ ᠪᠠᠨ ᠲᠣᠳᠣᠷᠠᠭᠤᠯᠤᠨ ᠡᠷᠴᠢ ᠵᠣᠷᠢᠭ ᠢᠶᠠᠨ ᠬᠥᠪᠴᠢᠯᠡᠨ᠎ᠡ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号