| 1990 ᠣᠨ ᠳᠤ᠂ 21 ᠨᠠᠰᠤᠲᠠᠢ ᠵᠧᠩ ᠳ᠋ᠦᠩ ᠬᠤᠩ ᠥᠪᠥᠷ ᠮᠣᠩᠭᠤᠯ ᠤᠨ ᠤᠢ ᠰᠢᠭᠤᠢ ᠶᠢᠨ | ᠳᠡᠭᠡᠳᠦ ᠰᠤᠷᠭᠠᠭᠤᠯᠢ ᠠᠴᠠ ᠲᠡᠭᠦᠰᠴᠦ᠂ ᠰᠢᠯᠤᠭᠤᠨ ᠬᠥᠬᠡ ᠬᠤᠰᠢᠭᠤᠨ ᠤ ᠰᠠᠩ ᠤᠨ ᠲᠠᠯᠠᠢ ᠶᠢᠨ ᠤᠢ | ᠬᠠᠮᠠᠭᠠᠯᠠᠬᠤ ᠦᠷᠳᠡᠭᠡ ᠳᠤ ᠢᠷᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠨᠢᠭᠡᠨ ᠤᠢ | ᠬᠠᠮᠠᠭᠠᠯᠠᠭᠴᠢ ᠪᠣᠯᠪᠠ᠃ ᠰᠠᠶ᠋ᠢᠬᠠᠨ ᠶᠡᠭᠡ ᠰᠤᠷᠭᠠᠭᠤᠯᠢ ᠶᠢᠨ ᠬᠦᠷᠢᠶᠡᠨ ᠠᠴᠠ ᠭᠠᠷᠴᠤ ᠢᠷᠡᠭᠰᠡᠨ ᠲᠡᠷᠡ ᠡᠯᠡᠰᠦ ᠶᠢ | ᠵᠠᠰᠠᠵᠤ ᠤᠢ ᠰᠢᠭᠤᠢ ᠶᠢ ᠬᠠᠮᠠᠭᠠᠯᠠᠬᠤ ᠤᠨᠤᠯ ᠤᠨ ᠮᠡᠳᠡᠯᠭᠡ ᠪᠠᠷ ᠢᠶᠠᠨ ᠲᠤᠬᠠᠶᠢᠯᠠᠭᠰᠠᠨ ᠠᠵᠢᠯ ᠢᠶᠠᠨ ᠰᠠᠶᠢᠲᠤᠷ | ᠬᠢᠬᠦ ᠪᠠᠷ ᠵᠣᠷᠢᠭ ᠰᠢᠭᠤᠳᠴᠠᠢ᠃ ᠦᠢᠯᠡᠳᠦᠯᠭᠡ ᠪᠣᠯᠣᠨ ᠤᠨᠤᠯ ᠤᠨ ᠵᠥᠷᠢᠶ᠎ᠡ᠂ ᠬᠠᠲᠠᠭᠤᠵᠢᠯᠲᠠᠢ ᠠᠵᠢᠯ ᠤᠨ | ᠣᠷᠴᠢᠨ ᠲᠣᠭᠤᠷᠢᠨ ᠪᠣᠯᠣᠨ ᠰᠠᠶᠢᠨ ᠰᠠᠶᠢᠬᠠᠨ ᠬᠦᠰᠡᠯ ᠮᠥᠷᠥᠭᠡᠳᠦᠯ ᠤᠨ ᠬᠤᠭᠤᠷᠤᠨᠳᠤᠭᠢ ᠵᠥᠷᠢᠶ᠎ᠡ ᠨᠢ ᠲᠡᠭᠦᠨ | ᠰᠢᠭ ᠬᠡᠴᠢᠨᠡᠨ ᠤᠯᠠᠨ ᠵᠠᠯᠠᠭᠤᠰ ᠢ ᠴᠥᠬᠦᠷᠡᠭᠦᠯᠦᠨᠡ ᠭᠡᠳᠡᠭ ᠢ ᠲᠡᠷᠡ ᠨᠡᠬᠡᠷᠡᠨ ᠪᠤᠳᠤᠵᠤ ᠣᠯᠣᠭᠰᠠᠨ ᠦᠭᠡᠢ᠃ | ᠭᠡᠪᠡᠴᠦ ᠲᠡᠷᠡ ᠨᠢᠳᠦᠨ ᠡᠮᠦᠨᠡᠬᠢ ᠬᠦᠴᠢᠷᠳᠡᠯ ᠳᠤ ᠪᠠᠭᠤᠵᠤ ᠥᠭᠭᠦᠭᠰᠡᠨ ᠦᠭᠡᠢ᠂ ᠬᠠᠷᠢᠨ ᠶᠠᠮᠠᠷᠪᠠ ᠬᠦᠴᠢᠷ | ᠪᠡᠷᠬᠡᠰᠢᠶᠡᠯ ᠢ ᠴᠸ ᠢᠯᠠᠨ ᠳᠠᠪᠠᠭ᠋ᠤ ᠪᠠᠷ ᠵᠣᠷᠢᠭ ᠢᠶᠠᠨ ᠡᠷᠴᠢᠯᠡᠪᠡ᠃ | | ᠥᠪᠡᠷ ᠤᠨ ᠵᠢᠳᠬᠦᠯ ᠴᠢᠷᠮᠠᠶᠢᠯᠭ᠎ᠠ ᠪᠠᠷ ᠢᠶᠠᠨ ᠪᠦᠭᠦᠶᠢᠯᠡ ᠣᠷᠴᠢᠨ ᠲᠣᠭᠤᠷᠢᠨ ᠢ ᠰᠠᠶᠢᠵᠢᠷᠠᠭᠤᠯᠤᠨ᠎ᠠ ᠭᠡᠵᠦ | ᠪᠤᠳᠤᠬᠰᠠᠭᠠᠷ ᠯᠡ ᠲᠡᠷᠡ ᠴᠢᠬᠢ ᠮᠣᠳᠣ ᠪᠦᠭᠦᠨ ᠳᠤ ᠬᠦᠰᠡᠯ ᠮᠥᠷᠥᠭᠡᠳᠦᠯ ᠤᠨ ᠦᠷ᠎ᠡ ᠶᠢ ᠳᠠᠷᠢᠭᠰᠠᠨ ᠰᠢᠭ᠋ ᠪᠣᠯᠵᠤ | ᠤᠷᠮᠠᠰᠢᠨ ᠵᠣᠷᠢᠭᠵᠢᠳᠠᠭ᠃ ᠠᠵᠢᠯ ᠦᠢᠯᠡᠰ ᠲᠡᠭᠡᠨ ᠰᠢᠭᠤᠷᠬᠠᠶᠢᠯᠠᠭᠰᠠᠨ 33 ᠵᠢᠯ ᠤᠨ ᠲᠤᠷᠰᠢ᠂ ᠳᠠᠷᠢᠭᠰᠠᠨ | ᠵᠤᠯᠵᠠᠭᠠᠨ ᠮᠣᠳᠣᠳ ᠨᠢ ᠨᠠᠬᠢᠶᠠᠯᠠᠨ᠂ ᠰᠠᠯᠠᠭ᠎ᠠ ᠨᠠᠮᠠᠭ᠎ᠠ ᠨᠢ ᠰᠠᠬᠤᠯᠢᠭᠵᠢᠨ᠂ ᠥᠪᠴᠢ ᠨᠣᠭᠤᠭᠠᠨ ᠪᠤᠯᠬᠤ ᠶᠢ | ᠦᠵᠡᠬᠦ ᠪᠣᠯᠭᠠᠨ ᠲᠡᠭᠦᠨ ᠤ ᠴᠢᠷᠠᠢ ᠳᠤ ᠪᠠᠶᠠᠷ ᠤᠨ ᠮᠦᠰᠢᠶᠡᠳᠦ ᠡᠷᠬᠡ ᠦᠭᠡᠢ ᠲᠣᠳᠣᠷᠠᠨ᠎ᠠ᠃ | | ᠦᠨᠳᠦᠰᠦᠨ ᠱᠠᠲᠤᠨ ᠤ ᠤᠢ ᠬᠠᠮᠠᠭᠠᠯᠠᠬᠤ᠂ ᠤᠢ ᠰᠢᠭᠤᠢ ᠶᠢᠨ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ | ᠵᠠᠰᠠᠬᠤ᠂ ᠵᠤᠯᠵᠠᠭ᠎ᠠ ᠮᠣᠳᠣᠨ ᠤ ᠦᠢᠯᠡᠳᠪᠦᠷᠢᠯᠡᠯ ᠬᠠᠮᠢᠶᠠᠷᠤᠯᠲᠠ᠂ ᠣᠶᠢᠵᠢᠭᠤᠯᠬᠤ ᠮᠡᠷᠭᠡᠵᠢᠯ ᠤᠨ ᠵᠢᠯᠣᠭᠤᠳᠤᠯᠭ᠎ᠠ᠂ | ᠴᠦᠯᠯᠡᠷᠭᠡᠭᠵᠢᠯ ᠢ ᠰᠡᠷᠭᠡᠶᠢᠯᠡᠨ ᠴᠦᠯᠯᠡᠷᠭᠡᠭᠵᠢᠯ ᠢ ᠵᠠᠰᠠᠬᠤ ᠵᠡᠷᠭᠡ ᠬᠠᠮᠢᠶ᠎ᠠ ᠪᠦᠬᠦᠢ ᠠᠵᠢᠯ ᠳᠤ ᠭᠠᠪᠰᠢᠭᠠᠶᠢᠯᠠᠭᠰᠠᠨ | ᠬᠡᠳᠦᠨ ᠠᠷᠪᠠᠨ ᠵᠢᠯ ᠤᠨ ᠲᠤᠷᠰᠢ᠂ ᠵᠧᠩ ᠳ᠋ᠦᠩ ᠬᠤᠩ ᠪᠠᠴᠢᠮ ᠶᠠᠭᠠᠷᠠᠤ ᠠᠵᠢᠯ ᠤᠨ ᠢᠶᠠᠨ ᠵᠠᠪᠰᠠᠷ ᠥᠪᠡᠷ ᠢ ᠪᠠᠨ | ᠴᠢᠩᠭ᠎ᠠ ᠱᠠᠭᠠᠷᠳᠠᠨ ᠲᠤᠰᠬᠠᠢ ᠮᠡᠷᠭᠡᠵᠢᠯ ᠤᠨ ᠮᠡᠳᠡᠯᠭᠡ ᠪᠣᠯᠣᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ | ᠳᠡᠭᠡᠭᠰᠢᠯᠡᠭᠦᠯᠪᠡ᠃ ᠤᠢ ᠬᠠᠮᠠᠭᠠᠯᠠᠬᠤ ᠦᠷᠳᠡᠭᠡ ᠶᠢᠨ ᠬᠠᠮᠲᠤ ᠠᠵᠢᠯᠯᠠᠭᠰᠠᠳ ᠲᠠᠢ ᠪᠠᠨ ᠤᠢ ᠰᠢᠭᠤᠢ ᠶᠢᠨ | ᠦᠢᠯᠡᠳᠪᠦᠷᠢᠯᠡᠯ ᠳᠤ ᠬᠡᠷᠡᠭᠯᠡᠬᠦ ᠮᠡᠷᠭᠡᠵᠢᠯ ᠢ ᠰᠡᠳᠬᠢᠯ ᠲᠠᠯᠪᠢᠨ ᠰᠦᠪᠡᠭᠴᠢᠯᠡᠵᠦ ᠰᠤᠳᠤᠯᠤᠨ ᠳᠡᠯᠭᠡᠷᠡᠭᠦᠯᠵᠦ᠂ | 1997 ᠣᠨ ᠠᠴᠠ ᠨᠠᠭᠠᠰᠢ ᠤᠷᠢᠳ ᠬᠤᠵᠢᠳ ᠤᠯᠠᠨ ᠵᠦᠢᠯ ᠤᠨ ᠤᠢ ᠰᠢᠭᠤᠢ ᠶᠢᠨ ᠦᠢᠯᠡᠳᠪᠦᠷᠢᠯᠡᠯ ᠤᠨ | ᠠᠵᠢᠯ ᠢ ᠵᠣᠬᠢᠶᠠᠨ ᠪᠠᠶᠢᠭᠤᠯᠤᠭᠰᠠᠨ ᠪᠠ ᠤᠷᠤᠯᠴᠠᠵᠤ᠂ ᠰᠢᠯᠤᠭᠤᠨ ᠬᠥᠬᠡ ᠬᠤᠰᠢᠭᠤᠨ ᠤ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠶᠢ ᠬᠠᠭᠠᠯᠪᠤᠷᠢᠯᠠᠬᠤ ᠶᠢ ᠵᠣᠭᠰᠣᠭᠠᠵᠤ ᠣᠶᠢᠵᠢᠭᠤᠯᠬᠤ ᠴᠢᠬᠢ ᠮᠣᠳᠣᠨ ᠤ ᠰᠢᠯᠭᠠᠨ | ᠪᠠᠶᠢᠴᠠᠭᠠᠯᠲᠠ ᠬᠢᠵᠢᠭ ᠤᠨ ᠪᠠᠶᠢᠴᠠᠭᠠᠯᠲᠠ᠂ ︽ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ | ᠡᠯᠡᠰᠦ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ︾᠂ ︽ᠰᠢᠯᠤᠭᠤᠨ ᠬᠥᠬᠡ ᠬᠤᠰᠢᠭᠤᠨ ᠤ ᠨᠣᠮᠢᠨ ᠨᠣᠭᠤᠭᠠᠨ | ᠬᠤᠩᠭᠢᠯ ᠤᠨ ᠨᠣᠭᠤᠭᠠᠷᠠᠭᠤᠯᠤᠯᠲᠠ ᠶᠢᠨ ᠲᠦᠷᠦᠯ ᠵᠦᠢᠯ︾ ᠵᠢᠴᠢ ᠤᠢ ᠰᠢᠭᠤᠢ ᠶᠢᠨ ᠬᠥᠨᠥᠭᠡᠯᠳᠦ ᠠᠮᠢᠳᠤ ᠪᠣᠳᠠᠰ | ᠢ ᠰᠡᠷᠭᠡᠶᠢᠯᠡᠨ ᠵᠠᠰᠠᠬᠤ᠂ ᠨᠢᠰᠬᠡᠯ ᠢᠶᠠᠷ ᠲᠠᠷᠢᠬᠤ᠂ ᠠᠭᠤᠯᠠ ᠶᠢ ᠪᠢᠲᠡᠭᠦᠮᠵᠢᠯᠡᠵᠦ ᠣᠶᠢᠵᠢᠭᠤᠯᠬᠤ᠂ ᠬᠥᠮᠥᠨ ᠤ | ᠬᠦᠴᠦ ᠪᠠᠷ ᠤᠢ ᠮᠣᠳᠣ ᠲᠠᠷᠢᠬᠤ ᠵᠡᠷᠭᠡ ᠲᠦᠷᠦᠯ ᠵᠦᠢᠯ ᠤᠨ ᠲᠥᠰᠥᠪ ᠤᠨ ᠲᠥᠰᠥᠯ ᠢ ᠵᠣᠬᠢᠶᠠᠨ ᠦᠢᠯᠡᠳᠴᠦ᠂ | ᠦᠨᠡᠯᠡᠨ ᠬᠢᠨᠠᠬᠤ᠂ ᠬᠡᠷᠡᠭᠵᠢᠭᠦᠯᠬᠦ ᠵᠡᠷᠭᠡ ᠤᠯᠠᠨ ᠵᠦᠢᠯ ᠤᠨ ᠠᠵᠢᠯ ᠢ ᠡᠷᠭᠢᠯᠡᠵᠦ᠂ ᠮᠡᠷᠭᠡᠵᠢᠯ ᠤᠨ ᠠᠵᠢᠯᠲᠠᠳ ᠢ | ᠮᠡᠷᠭᠡᠵᠢᠯ ᠤᠨ ᠪᠠᠷᠢᠮᠵᠢᠶ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢ ᠬᠥᠮᠥᠵᠢᠭᠦᠯᠦᠨ ᠬᠥᠲᠥᠯᠥᠨ | ᠳᠠᠭᠠᠭᠤᠯᠵᠤ ᠵᠢᠭᠠᠨ ᠵᠢᠯᠤᠭᠤᠳᠴᠤ᠂ ᠡᠯᠡᠰᠦ ᠶᠢ ᠵᠠᠰᠠᠬᠤ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ | ᠵᠢᠴᠢ ᠤᠢ ᠰᠢᠭᠤᠢ ᠶᠢᠨ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠠᠯ᠎ᠠ ᠪᠠᠷ ᠪᠣᠳᠠᠲᠤ ᠠᠮᠵᠢᠯᠲᠠ | ᠪᠦᠳᠦᠮᠵᠢ ᠣᠯᠵᠠᠢ᠃ | | ᠣᠶ ᠰᠢᠭᠤᠢ ᠶᠢᠨ ︽ᠬᠤᠶᠠᠳᠤᠭᠠᠷ ᠲᠥᠷᠥᠯ︾ ᠤᠨ ᠪᠠᠶᠢᠴᠠᠭᠠᠯᠲᠠ᠂ ᠣᠶ ᠰᠢᠭᠤᠢ ᠶᠢᠨ ᠬᠥᠨᠥᠭᠡᠯᠳᠦ | ᠠᠮᠢᠳᠤ ᠪᠣᠳᠠᠰ ᠤᠨ ᠨᠡᠶᠢᠳᠡᠮ ᠤᠨ ᠪᠠᠶᠢᠴᠠᠭᠠᠯᠲᠠ᠂ ᠮᠠᠭᠤᠳᠠᠭᠰᠠᠨ ᠣᠶ ᠰᠢᠭᠤᠢ ᠶᠢᠨ ᠪᠠᠶᠢᠴᠠᠭᠠᠯᠲᠠ᠂ | ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠶᠢ ᠰᠡᠷᠭᠦᠭᠡᠬᠦ ᠠᠵᠢᠯ ᠤᠨ ᠦᠨᠡᠯᠡᠨ ᠵᠢᠱᠢᠯᠲᠡ᠂ ᠣᠶᠢᠵᠢᠭᠤᠯᠵᠤ | ᠨᠣᠭᠤᠭᠠᠷᠠᠭᠤᠯᠬᠤ ᠣᠷᠣᠨ ᠵᠠᠢ ᠶᠢᠨ ᠦᠨᠡᠯᠡᠨ ᠵᠢᠱᠢᠯᠲᠡ ᠵᠡᠷᠭᠡ ᠣᠶ ᠰᠢᠭᠤᠢ ᠶᠢᠨ ᠦᠢᠯᠡᠰ ᠤᠨ ᠴᠢᠬᠤᠯᠠ ᠶᠡᠭᠡ | ᠪᠠᠶᠢᠴᠠᠭᠠᠯᠲᠠ᠂ ᠦᠨᠡᠯᠡᠨ ᠵᠢᠱᠢᠯᠲᠡ ᠳᠤᠮᠳᠠ ᠲᠡᠷᠡ ᠪᠠᠶᠢᠭᠤᠯᠭ᠎ᠠ ᠨᠢᠭᠡᠴᠢ ᠶᠢᠨ ᠢᠶᠠᠨ ᠲᠤᠯᠭᠠᠭᠤᠷᠢ ᠬᠦᠴᠦᠨ | ᠪᠣᠯᠤᠭᠰᠠᠨ ᠤ ᠬᠤᠪᠢ ᠪᠠᠷ ᠪᠦᠯᠭᠦᠮ ᠨᠡᠶᠢᠲᠡ ᠪᠠᠨ ᠳᠠᠭᠠᠭᠤᠯᠤᠨ ᠬᠡᠭᠡᠷ᠎ᠡ ᠭᠠᠳᠠᠭ᠎ᠠ ᠬᠤᠨᠣᠭᠯᠠᠵᠤ᠂ ᠠᠯᠢᠪᠠ ᠬᠦᠴᠢᠷ | ᠪᠡᠷᠬᠡᠰᠢᠶᠡᠯ ᠢ ᠢᠯᠡᠨ ᠳᠠᠪᠠᠵᠤ᠂ ᠠᠵᠢᠯ ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ ᠢᠷᠡᠪᠡ᠃ | | ︽ᠵᠧᠩ ᠥᠷᠲᠡᠭᠡᠨ ᠳᠠᠷᠤᠭ᠎ᠠ ᠠᠴᠠ ᠪᠢ ᠮᠠᠰᠢ ᠤᠯᠠᠨ ᠶᠠᠭᠤᠮ᠎ᠠ ᠣᠯᠵᠤ ᠰᠤᠷᠴᠠᠢ᠂ ᠲᠡᠭᠦᠨ ᠤ ᠯᠠᠪᠳᠠᠭᠤᠨ | ᠪᠠᠲᠤᠲᠠᠢ ᠠᠵᠢᠯ ᠤᠨ ᠣᠪᠣᠷ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ᠂ ᠣᠨᠴᠠᠭᠠᠶᠢᠯᠠᠨ ᠴᠥᠬᠦᠷᠡᠰᠢ ᠦᠭᠡᠢ | ᠴᠢᠷᠮᠠᠶᠢᠬᠤ ᠵᠣᠷᠢᠭ ᠰᠠᠨᠠᠭ᠎ᠠ ᠨᠢ ᠮᠠᠨ ᠤ ᠵᠠᠯᠠᠭᠤ ᠨᠢᠭᠡ ᠦᠶ᠎ᠡ ᠶᠢᠨ ᠬᠢᠨ ᠤ ᠳᠠᠭᠤᠷᠢᠶᠠᠯ ᠪᠣᠯᠵᠤ᠂ ᠲᠡᠷᠡᠴᠢᠯᠡᠨ | ᠮᠠᠨ ᠤ ᠥᠷᠲᠡᠭᠡᠨ ᠤ ᠪᠦᠬᠦᠯᠢ ᠴᠣᠭᠴᠠ ᠶᠢᠨ ᠠᠵᠢᠯ ᠤᠨ ᠵᠠᠷᠴᠢᠮ ᠪᠣᠯᠵᠤ᠂ ᠬᠥᠮᠥᠨ ᠪᠦᠭᠦᠨ ᠤ ᠰᠡᠳᠬᠢᠯ ᠳᠤ | ᠬᠠᠳᠠᠩᠰᠢᠵᠠᠢ︾ ᠭᠡᠵᠦ ᠰᠢᠯᠤᠭᠤᠨ ᠬᠥᠬᠡ ᠬᠤᠰᠢᠭᠤᠨ ᠤ ᠤᠢ ᠰᠢᠭᠤᠢ ᠶᠢᠨ ᠠᠵᠢᠯ ᠤᠨ ᠥᠷᠲᠡᠭᠡᠨ ᠤ ᠠᠵᠢᠯᠲᠠᠨ | ᠸᠠᠩ ᠶᠠᠨ ᠴᠤᠤ ᠬᠡᠯᠡᠪᠡ᠃ | | ᠪᠠᠶᠠᠷ ᠳᠤᠷᠠᠰᠬᠠᠯ ᠤᠨ ᠠᠮᠠᠷᠠᠯᠲᠠ ᠶᠢᠨ ᠦᠶ᠎ᠡ ᠪᠣᠯ ᠤᠢ ᠰᠢᠭᠤᠢ ᠶᠢᠨ ᠦᠢᠯᠡᠳᠪᠦᠷᠢᠯᠡᠯ ᠤᠨ ᠶᠠᠭᠠᠷᠠᠯᠲᠠᠢ | ᠦᠶ᠎ᠡ ᠪᠣᠯᠣᠨ᠎ᠠ᠂ ᠵᠧᠩ ᠳ᠋ᠦᠩ ᠬᠤᠩ ᠪᠡᠶ᠎ᠡ ᠪᠠᠷ ᠢᠶᠠᠨ ᠲᠦᠷᠦᠭᠦᠯᠡᠨ ᠠᠮᠠᠷᠠᠯᠲᠠ ᠪᠠᠨ ᠲᠠᠶᠠᠭᠳᠠᠵᠤ᠂ ᠬᠡᠭᠡᠷ᠎ᠡ | ᠭᠠᠳᠠᠨ᠎ᠠ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠵᠠᠭᠠᠭ ᠲᠣᠭᠲᠠᠭᠠᠬᠤ ᠵᠢᠷᠤᠭ ᠲᠥᠯᠥᠪᠯᠡᠭᠡ᠂ ᠪᠠᠶᠢᠴᠠᠭᠠᠵᠤ | ᠰᠢᠯᠭᠠᠨ ᠠᠪᠬᠤ ᠵᠡᠷᠭᠡ ᠠᠵᠢᠯ ᠢ ᠥᠷᠨᠢᠭᠦᠯᠳᠡᠭ ᠪᠠᠶᠢᠯ᠎ᠠ᠃ ᠭᠦᠷᠦᠭᠰᠡᠨ ᠭᠠᠵᠠᠷ ᠪᠣᠯᠭᠠᠨ ᠳᠤ ᠲᠡᠷᠡ ᠮᠠᠯᠴᠢᠳ ᠲᠤ | ᠠᠵᠤ ᠠᠬᠤᠢ ᠶᠢᠨ ᠣᠶ ᠳᠠᠷᠢᠬᠤ ᠪᠠ ᠡᠯᠡᠰᠦ ᠶᠢ ᠵᠠᠰᠠᠵᠤ ᠣᠶᠢᠵᠢᠭᠤᠯᠬᠤ ᠮᠡᠷᠭᠡᠵᠢᠯ ᠢ ᠲᠠᠶᠢᠯᠪᠤᠷᠢᠯᠠᠨ ᠥᠭᠬᠦ ᠶᠢᠨ | ᠬᠠᠮᠲᠤ ᠬᠠᠮᠢᠶᠠᠷᠤᠨ ᠬᠠᠮᠠᠭᠠᠯᠠᠭᠴᠢ ᠶᠢ ᠵᠢᠯᠣᠭᠤᠳᠤᠨ᠂ ᠰᠤᠮᠤ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠯᠦᠭᠡ ᠵᠣᠬᠢᠴᠠᠭᠤᠯᠵᠤ ᠲᠥᠷᠥᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠳᠠᠭ᠃ | ᠢᠯᠠᠩᠭᠤᠶ᠎ᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠢ ᠬᠡᠪᠡᠷᠡᠭ ᠣᠷᠣᠨ ᠳᠤ ᠤᠢ ᠰᠢᠭᠤᠢ | ᠶᠢᠨ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠳᠤ ᠦᠵᠡᠭᠦᠯᠭᠦ ᠴᠢᠬᠤᠯᠠ ᠦᠢᠯᠡᠳᠦᠯ ᠪᠠ ᠠᠮᠢ ᠠᠬᠤᠢ ᠶᠢ | ᠲᠣᠭᠲᠠᠪᠤᠷᠢᠵᠢᠭᠤᠯᠬᠤ ᠦᠨᠳᠦᠰᠦᠨ ᠦᠢᠯᠡᠳᠦᠯ ᠢ ᠤᠬᠠᠭᠤᠯᠵᠤ᠂ ᠮᠠᠯᠴᠢᠳ ᠤᠨ ᠬᠦᠷᠢᠶᠡᠯᠡᠯ ᠢ ᠣᠯᠵᠤ᠂ ᠣᠯᠠᠨ | ᠲᠦᠮᠡᠨ ᠤ ᠣᠶ ᠰᠢᠭᠤᠢ ᠶᠢ ᠬᠠᠶᠢᠷᠠᠯᠠᠬᠤ᠂ ᠣᠶ ᠰᠢᠭᠤᠢ ᠶᠢ ᠬᠠᠮᠠᠭᠠᠯᠠᠬᠤ ᠬᠠᠯᠠᠭᠤᠨ ᠰᠡᠳᠬᠢᠯ ᠢ ᠬᠥᠭᠵᠢᠭᠡᠵᠦ᠂ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ | ᠥᠷᠭᠡᠨ ᠢᠶᠠᠷ ᠪᠤᠶ ᠪᠣᠯᠭᠠᠵᠠᠢ᠃ | | ᠡᠮᠦᠨ᠎ᠡ ᠹᠷᠣᠨᠲ ᠤᠨ ᠤᠢ ᠰᠢᠭᠤᠢ ᠬᠠᠮᠠᠭᠠᠯᠠᠭᠴᠢ ᠪᠣᠯᠤᠭᠰᠠᠨ ᠤ ᠬᠤᠪᠢ ᠳᠤ ᠵᠧᠩ ᠳ᠋ᠦᠩ ᠬᠤᠩ | ᠡᠯᠡᠰᠦ ᠶᠢ ᠵᠠᠰᠠᠬᠤ ᠠᠵᠢᠯ ᠤᠨ ᠳᠤᠮᠳᠠᠬᠢ ᠤᠯᠠᠨ ᠲᠦᠮᠡᠨ ᠤ ᠬᠦᠴᠢᠷᠳᠡᠯ ᠢ ᠣᠶᠢᠯᠠᠭᠠᠵᠤ᠂ ᠬᠠᠮᠲᠤ | ᠠᠵᠢᠯᠯᠠᠭᠰᠠᠳ ᠲᠠᠢ ᠪᠠᠨ ᠦᠷᠭᠦᠯᠵᠢ ᠠᠶᠢᠯ ᠡᠷᠦᠭᠡ ᠪᠠᠷ ᠶᠠᠪᠤᠵᠤ᠂ ᠤᠯᠠᠨ ᠲᠦᠮᠡᠨ ᠳᠤ ᠤᠢ ᠰᠢᠭᠤᠢ ᠶᠢᠨ | ᠲᠦᠢᠮᠡᠷ ᠢ ᠰᠡᠷᠭᠡᠶᠢᠯᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠵᠤ᠂ | ᠤᠢ ᠰᠢᠭᠤᠢ ᠶᠢᠨ ᠮᠡᠷᠭᠡᠵᠢᠯ ᠤᠨ ᠭᠤᠣᠯᠯᠠᠭᠴᠢ ᠳᠤ ᠲᠤᠬᠠᠢ ᠶᠢᠨ ᠲᠠᠯᠠᠪᠠᠢ ᠶᠢᠨ ᠪᠣᠯᠪᠠᠰᠤᠷᠠᠯ ᠬᠦᠷᠲᠡᠭᠡᠬᠦ᠂ | ᠮᠠᠯᠴᠢᠳ ᠤᠨ ᠤᠢ ᠰᠢᠭᠤᠢ ᠶᠢᠨ ᠦᠢᠯᠡᠳᠪᠦᠷᠢᠯᠡᠯ ᠦᠢᠯᠡᠳᠦᠯᠭᠡ ᠶᠢ ᠵᠢᠭᠠᠨ ᠵᠢᠯᠤᠭᠤᠳᠴᠤ᠂ ᠮᠡᠷᠭᠡᠵᠢᠯ ᠤᠨ ᠠᠷᠭ᠎ᠠ | ᠬᠡᠮᠵᠢᠶ᠎ᠡ ᠪᠣᠯᠣᠨ ᠮᠡᠷᠭᠡᠵᠢᠯ ᠤᠨ ᠠᠰᠠᠭᠤᠨ ᠯᠠᠪᠯᠠᠭ᠎ᠠ ᠶᠢ ᠬᠠᠩᠭᠠᠬᠤ ᠵᠡᠷᠭᠡ ᠠᠵᠢᠯ ᠢ ᠰᠡᠳᠬᠢᠯ ᠲᠠᠯᠪᠢᠨ ᠬᠢᠭᠰᠡᠭᠡᠷ | ᠢᠷᠡᠪᠡ᠃ | | ᠵᠠᠷᠢᠮ ᠬᠥᠮᠥᠨ ᠵᠧᠩ ᠳ᠋ᠦᠩ ᠬᠤᠩ ᠠᠴᠠ᠄ ︽ᠡᠯᠡᠰᠦᠨ ᠴᠦᠯ ᠳᠤ ᠨᠠᠰᠤ ᠪᠠᠷ ᠢᠶᠠᠨ ᠠᠵᠢᠯᠯᠠᠭᠠᠳ ᠥᠭᠡᠷ᠎ᠡ | ᠠᠵᠢᠯ ᠰᠣᠯᠢᠬᠤ ᠰᠠᠨᠠᠭ᠎ᠠ ᠦᠭᠡᠢ ᠦᠦ︖︾ ᠭᠡᠵᠦ ᠠᠰᠠᠭᠤᠬᠤ ᠳᠤ ᠲᠡᠷᠡ᠄︽ᠶᠠᠭᠠᠬᠢᠭᠰᠠᠨ ᠴᠦ ᠠᠵᠢᠯ ᠢᠶᠠᠨ | ᠰᠣᠯᠢᠬᠤ ᠦᠭᠡᠢ᠂ ᠬᠥᠷᠥᠰᠥ ᠰᠢᠷᠣᠢ ᠶᠢ ᠬᠠᠮᠠᠭᠠᠯᠠᠬᠤ ᠪᠠ ᠴᠦᠯᠯᠡᠷᠭᠡᠭᠵᠢᠯ ᠢ ᠵᠠᠰᠠᠬᠤ ᠲᠤᠰᠬᠠᠢ ᠮᠡᠷᠭᠡᠵᠢᠯ ᠢ | ᠰᠣᠷᠣᠬᠰᠠᠨ ᠤ ᠬᠤᠪᠢ ᠳᠤ᠂ ᠡᠨᠡ ᠬᠦ ᠠᠵᠢᠯ ᠨᠢ ᠨᠠᠮ᠎ᠠ ᠶᠢ ᠰᠣᠩᠭᠤᠵᠠᠢ᠂ ᠨᠠᠳᠠᠳᠤ ᠰᠣᠷᠣᠬᠰᠠᠨ ᠢᠶᠠᠨ ᠬᠡᠷᠡᠭᠯᠡᠵᠦ᠂ | ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠣᠭᠢᠶᠠᠯ ᠣᠯᠭᠤᠭᠰᠠᠨ᠃ ᠡᠭᠦᠪᠡᠷ ᠲᠠᠮᠵᠢᠨ ᠪᠢ ᠪᠠᠰᠠ ᠠᠷᠠᠳ | ᠲᠦᠮᠡᠨ ᠳᠤ ᠦᠢᠯᠡᠴᠢᠯᠡᠵᠦ ᠴᠢᠳᠠᠨ᠎ᠠ︾ᠭᠡᠪᠡ᠃ ᠵᠧᠩ ᠳ᠋ᠦᠩ ᠬᠤᠩ ᠤᠨ ᠬᠠᠷᠢᠭᠤᠯᠲᠠ ᠨᠢ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠣᠶ ᠬᠠᠮᠠᠭᠠᠯᠠᠭᠴᠢ ᠶᠢᠨ ᠢᠲᠡᠭᠡᠯ ᠪᠢᠰᠢᠷᠡᠯ ᠪᠣᠯᠣᠨ ᠪᠠᠲᠤ ᠪᠠᠷᠢᠮᠲᠠᠯᠠᠯ ᠢ | ᠭᠦᠢᠴᠡᠳ ᠢᠯᠡᠷᠡᠭᠦᠯᠪᠡ᠃ | | 4 ᠵᠢᠯ ᠤᠨ ᠳᠠᠷᠠᠭ᠎ᠠ ᠠᠵᠢᠯ ᠤᠨ ᠠᠮᠠᠷᠠᠯᠲᠠ ᠪᠠᠨ ᠠᠪᠬᠤ ᠲᠤᠬᠠᠢ ᠶᠠᠷᠢᠬᠤ ᠳᠠᠭᠠᠨ᠂ ᠵᠧᠩ ᠳ᠋ᠦᠩ ᠬᠤᠩ | ᠥᠴᠥᠬᠡᠨ ᠴᠦ ᠲᠠᠲᠠᠭᠠᠯᠵᠠᠯ ᠦᠭᠡᠢ ᠪᠠᠷ᠄︽ᠪᠢ ᠯᠠᠪᠲᠠᠢ ᠠᠵᠢᠯ ᠠᠴᠠ ᠪᠠᠨ ᠠᠮᠠᠷᠠᠬᠤ ᠪᠤᠯᠲᠠᠯ᠎ᠠ ᠠᠵᠢᠯ ᠢᠶᠠᠨ | ᠰᠠᠶᠢᠲᠤᠷ ᠬᠢᠨ᠎ᠡ᠂ ᠵᠣᠬᠢᠶᠠᠨ ᠪᠠᠶᠢᠭᠤᠯᠤᠯᠲᠠ ᠪᠣᠯᠣᠨ ᠤᠯᠠᠨ ᠲᠦᠮᠡᠨ ᠤ ᠢᠲᠡᠭᠡᠯ ᠨᠠᠶᠢᠳᠠᠯᠭ᠎ᠠ ᠳᠣᠣᠷ᠎ᠠ | ᠥᠨᠥᠳᠥᠷ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠠᠮᠵᠢᠯᠲᠠ ᠪᠦᠲᠦᠮᠵᠢ ᠶᠢ ᠣᠯᠣᠭᠰᠠᠨ᠃ | ᠠᠵᠢᠯ ᠠᠴᠠ ᠪᠠᠨ ᠠᠮᠠᠷᠠᠬᠤ ᠠᠴᠠ ᠡᠮᠦᠨᠡᠬᠢ ᠬᠡᠳᠦᠨ ᠵᠢᠯ ᠳᠤ᠂ ᠪᠢ ᠪᠠᠰᠠ ᠤᠯᠠᠨ ᠲᠠᠢ ᠪᠠᠨ ᠮᠥᠷᠥ ᠵᠡᠷᠭᠡᠴᠡᠨ | ᠲᠡᠮᠡᠴᠡᠵᠦ᠂ ᠡᠯᠡᠰᠦᠨ ᠴᠦᠯ ᠢ ᠨᠣᠭᠤᠭᠠᠨ ᠪᠦᠷᠢᠳᠦ ᠪᠤᠯᠭᠠᠬᠤ ᠪᠠᠷ ᠴᠢᠷᠮᠠᠶᠢᠨ᠎ᠠ︾ ᠭᠡᠯᠡ᠃ | | 1996 ᠣᠨ ᠳᠤ ᠲᠡᠷᠡ ᠬᠤᠰᠢᠭᠤᠨ ᠤ ᠨᠠᠮ ᠤᠨ ᠬᠤᠷᠢᠶ᠎ᠠ ᠳᠤ ︽ᠪᠦᠭᠦ ᠬᠤᠰᠢᠭᠤᠨ ᠤ ᠰᠢᠯᠢᠳᠡᠭ | ᠳᠣᠷᠣᠭᠰᠢ ᠲᠣᠮᠢᠯᠠᠭᠰᠠᠨ ᠺᠠᠳ᠋ᠷ︾ ᠢᠶᠠᠷ ᠦᠨᠡᠯᠡᠭᠳᠡᠵᠦ᠂ 1998 ᠣᠨ ᠳᠤ ᠪᠦᠭᠦ ᠣᠷᠣᠨ ᠤ ᠤᠢ ᠰᠢᠭᠤᠢ ᠶᠢᠨ | ᠰᠡᠷᠭᠡᠶᠢᠯᠡᠨ ᠵᠠᠰᠠᠬᠤ ᠰᠢᠰᠲ᠋ᠧᠮ ᠤᠨ ᠲᠡᠷᠢᠭᠦᠨ ᠤ ᠠᠵᠢᠯᠲᠠᠨ᠂ 2005 ᠣᠨ ᠳᠤ ᠪᠦᠭᠦ ᠣᠷᠣᠨ ᠤ ᠤᠢ | ᠰᠢᠭᠤᠢ ᠶᠢᠨ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠤᠨ ᠲᠡᠷᠢᠭᠦᠨ ᠤ ᠬᠤᠪᠢ ᠬᠥᠮᠥᠨ᠂ | 2017 ᠣᠨ ᠳᠤ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠲᠡᠷᠢᠭᠦᠨ ᠤ | ᠭᠠᠴᠠᠭ᠎ᠠ ᠲᠣᠰᠬᠤᠨ ᠤ︽ᠨᠢᠭᠡᠳᠦᠭᠡᠷ ᠱᠦᠵᠢ︾ ᠪᠠᠷ ᠦᠨᠡᠯᠡᠭᠳᠡᠵᠦ᠂ 2011 ᠣᠨ ᠠᠴᠠ 2021 ᠣᠨ ᠪᠤᠯᠲᠠᠯ᠎ᠠ | ᠂ ᠠᠵᠢᠯ ᠤᠨ ᠬᠢᠷᠢ ᠪᠦᠲᠦᠮᠵᠢ ᠶᠢᠨ ᠰᠢᠯᠭᠠᠨ ᠦᠨᠡᠯᠡᠯᠲᠡ ᠳᠤ ᠳᠠᠷᠠᠭᠠᠯᠠᠨ ᠰᠢᠯᠢᠳᠡᠭ ᠬᠢᠷᠢ ᠪᠦᠲᠦᠮᠵᠢ ᠣᠯᠵᠠᠢ᠃ | | ︽ᠪᠢ ᠦᠷᠭᠦᠯᠵᠢᠯᠡᠨ ᠤᠢ ᠰᠢᠭᠤᠢ ᠶᠢᠨ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠰᠡᠳᠬᠢᠯ ᠰᠢᠭᠤᠳᠤᠨ | ᠠᠵᠢᠯᠯᠠᠵᠤ᠂ ᠵᠠᠮ ᠨᠡᠭᠡᠭᠡᠨ ᠤᠷᠤᠭᠰᠢᠯᠠᠵᠤ᠂ ᠤᠢ ᠰᠢᠭᠤᠢ ᠶᠢᠨ ᠠᠮᠢ ᠠᠬᠤᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠪᠣᠯᠣᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠦᠢᠯᠡᠰ ᠤᠨ ᠬᠥᠭᠵᠢᠯᠲᠡ ᠶᠢ | ᠲᠦᠷᠭᠡᠳᠬᠡᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠧᠩ ᠳ᠋ᠦᠩ ᠬᠤᠩ ᠡᠷᠡᠰ ᠰᠢᠭᠤᠷᠬᠠᠢ ᠬᠡᠯᠡᠨ᠎ᠡ᠃ | | | | |