﹇ᠴᠥᠯᠵᠢᠯᠲᠡ ᠶᠢᠨ ᠵᠠᠰᠠᠯᠲᠠ﹈  ᠠᠯᠠᠱᠠ ᠠᠭᠤᠯᠠ ᠳᠤ ᠣᠶ ᠮᠣᠳᠣ ᠬᠥᠬᠡᠷᠡᠨ ᠨᠠᠷᠠᠰᠤ ᠮᠠᠶᠢᠯᠠᠰᠤ ᠵᠢᠭᠳᠡᠷᠡᠵᠦ ᠴᠠᠭᠠᠨ ᠢᠷᠪᠢᠰ ᠳᠠᠭᠢᠨ ᠢᠯᠡᠷᠡᠯ᠎ᠡ
ᠨᠡᠶᠢᠲᠡᠯᠡᠭᠰᠡᠨ ᠴᠠᠭ᠄
2024/5/15
        ᠣᠶ ᠰᠢᠭᠤᠢ ᠶᠢᠨ ᠪᠦᠷᠬᠦᠴᠡ ᠶᠢᠨ ᠨᠣᠷᠮ᠎ᠠ ᠬᠠᠮᠠᠭᠠᠯᠠᠯᠲᠠ ᠶᠢᠨ ᠣᠷᠣᠨ ᠢ ᠪᠠᠶᠢᠭᠤᠯᠬᠤ ᠠᠴᠠ ᠡᠮᠦᠨᠡᠬᠢ 31.6% ᠪᠠᠶᠢᠭᠰᠠᠨ ᠠᠴᠠ 57.3% ᠪᠣᠯᠣᠨ ᠳᠡᠭᠡᠭᠰᠢᠯᠡᠵᠦ᠂ ᠣᠶ ᠰᠢᠭᠤᠢ ᠶᠢᠨ ᠲᠠᠯᠠᠪᠠᠶ 36.8 ᠲᠦᠮᠡᠨ ᠮᠦ ᠪᠠᠶᠢᠭᠰᠠᠨ ᠠᠴᠠ 58.2 ᠲᠦᠮᠡᠨ ᠮᠦ ᠪᠣᠯᠣᠨ ᠨᠡᠮᠡᠭᠳᠡᠵᠦ᠂ ᠣᠶᠢᠲᠤ ᠣᠷᠣᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ 80% ᠳᠤ ᠭᠦᠷᠪᠠ                                     ᠥᠷᠯᠥᠭᠡ ᠡᠷᠲᠡ᠂ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠬᠠᠷ᠎ᠠ ᠠᠭᠤᠯᠠ ᠬᠠᠮᠢᠶᠠᠷᠤᠯᠲᠠ ᠶᠢᠨ ᠥᠷᠲᠡᠭᠡ  ᠶᠢᠨ ᠳᠡᠳ᠋ ᠳᠠᠷᠤᠭ᠎ᠠ ᠯᠢ ᠳ᠋ᠦᠩ ᠥᠷᠯᠥᠭᠡ ᠶᠢᠨ ᠴᠠᠢ ᠪᠠᠨ ᠤᠤᠭᠤᠵᠤ ᠪᠠᠷᠠᠮᠠᠭᠴᠠ ᠬᠠᠮᠲᠤ ᠠᠵᠢᠯᠲᠠᠨ ᠲᠠᠢ ᠪᠠᠨ ᠠᠯᠠᠱᠠ ᠠᠭᠤᠯᠠ ᠶᠢ ᠲᠣᠭᠤᠷᠢᠨ ᠬᠠᠮᠠᠭᠠᠯᠠᠬᠤ ᠡᠳᠦᠷ ᠤᠨ ᠠᠵᠢᠯ ᠢᠶᠠᠨ ᠡᠬᠢᠯᠡᠭᠦᠯᠪᠡ᠃ ᠮᠠᠰᠢᠨ ᠲᠡᠷᠭᠡ ᠨᠠᠮ ᠬᠥᠮ ᠠᠭᠤᠯᠠᠨ ᠬᠠᠪᠴᠢᠯ ᠢ ᠵᠦᠰᠦᠵᠦ ᠡᠩᠬᠦᠯ ᠳᠤᠩᠬᠤᠯ ᠠᠭᠤᠯᠠᠨ ᠵᠠᠮ ᠢᠶᠠᠷ ᠥᠩᠭᠡᠷᠡᠬᠦ ᠳᠤ ᠬᠡᠭᠡᠷ᠎ᠡ ᠶᠢᠨ ᠠᠮᠢᠲᠠᠳ ᠬᠠᠶᠠ ᠬᠠᠶᠠ ᠦᠷᠭᠦᠵᠦ᠂ ᠠᠳᠡ ᠲᠡᠨᠳᠡ ᠰᠢᠪᠠᠭᠤᠳ ᠤᠨ ᠵᠢᠷᠭᠢᠭᠡᠨ ᠴᠢᠬᠢᠨ ᠳᠤ ᠠᠶᠠᠲᠠᠢ ᠳᠤᠭᠤᠯᠳᠠᠨ᠎ᠠ᠃             ︽ᠪᠢ ᠠᠯᠠᠱᠠ ᠠᠭᠤᠯᠠᠨ ᠳᠤ ᠠᠵᠢᠯᠯᠠᠭᠠᠳ 36 ᠵᠢᠯ ᠪᠣᠯᠵᠤ᠂ ᠠᠯᠠᠱᠠ ᠠᠭᠤᠯᠠᠨ ᠳᠤ ᠣᠨᠴᠠᠭᠠᠢ ᠬᠠᠶᠢᠷ᠎ᠠ ᠰᠡᠳᠬᠢᠯᠭᠡ ᠲᠠᠢ ᠶᠤᠮ᠂ ᠲᠣᠭᠤᠷᠢᠨ ᠴᠠᠭᠳᠠᠬᠤ ᠪᠦᠷᠢ ᠠᠭᠤᠯᠠ ᠲᠠᠯ᠎ᠠ ᠪᠠᠷ ᠳᠦᠭᠦᠷᠦᠭᠰᠡᠨ ᠭᠠᠴᠤᠷ᠎ᠠ ᠪᠣᠯᠣᠨ ᠡᠪᠡᠰᠦ ᠤᠷᠭᠤᠮᠠᠯ ᠢ ᠬᠠᠷᠠᠭᠠᠳ ᠮᠠᠰᠢ ᠪᠠᠶᠠᠷᠯᠠᠳᠠᠭ︾ ᠭᠡᠵᠦ ᠯᠢ ᠳ᠋ᠦᠩ ᠬᠡᠯᠡᠨ᠎ᠡ᠃ 36 ᠵᠢᠯ ᠤᠨ ᠲᠤᠷᠰᠢ ᠂ ᠲᠡᠷᠡ ᠠᠯᠠᠱᠠ ᠠᠭᠤᠯᠠ ᠶᠢᠨ ᠠᠭᠤᠯᠠ ᠤᠰᠤ᠂ ᠠᠮᠢᠲᠠᠨ ᠤᠷᠭᠤᠮᠠᠯ ᠢᠶᠠᠷ ᠬᠠᠨᠢ ᠪᠠᠨ ᠪᠤᠯᠭᠠᠵᠤ᠂ ᠠᠳᠡᠬᠢ ᠠᠮᠢ ᠠᠬᠤᠢ ᠶᠢᠨ ᠬᠤᠪᠢᠷᠠᠯᠲᠠ ᠶᠢ ᠪᠡᠶ᠎ᠡ ᠪᠠᠷ ᠢᠶᠠᠨ ᠭᠡᠷᠡᠴᠢᠯᠡᠪᠡ᠃             ᠣᠶᠢᠯᠠᠭᠠᠭᠰᠠᠨ ᠢᠶᠠᠷ᠂ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠮᠠᠰᠢ ᠡᠯᠪᠡᠭ ᠪᠠᠶᠢᠵᠤ᠂ ᠪᠠᠶᠢᠭᠠᠯᠢ ᠶᠢᠨ ᠡᠭᠦᠰᠦᠮᠡᠯ ᠣᠶ 58.2 ᠲᠦᠮᠡᠨ ᠮᠦ ᠪᠠᠶᠢᠵᠤ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠬᠠᠮᠤᠭ ᠤᠨ ᠶᠡᠭᠡ ᠪᠠᠶᠢᠭᠠᠯᠢ ᠶᠢᠨ ᠡᠭᠦᠰᠦᠮᠡᠯ ᠣᠶᠢᠲᠤ ᠣᠷᠣᠨ ᠪᠤᠯᠬᠤ ᠪᠥᠭᠡᠳ ᠮᠠᠨ ᠤ ᠤᠯᠤᠰ ᠤᠨ ᠪᠠᠷᠠᠭᠤᠨ ᠪᠡᠶ᠎ᠡ ᠶᠢᠨ ᠴᠢᠬᠤᠯᠠ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠪᠣᠯᠣᠨ᠎ᠠ᠃ ᠲᠡᠭᠦᠨ ᠤ ᠠᠮᠢ ᠠᠬᠤᠢ ᠣᠷᠴᠢᠨ ᠲᠣᠭᠤᠷᠢᠨ ᠨᠢ ᠬᠠᠲᠤᠨ ᠭᠤᠣᠯ᠂ ᠨᠢᠩᠰᠢᠶᠠ ᠶᠢᠨ ᠲᠠᠯ᠎ᠠ ᠭᠠᠵᠠᠷ᠂ ᠪᠣᠷᠣᠳᠣᠬᠤᠢ ᠶᠢᠨ ᠲᠠᠯ᠎ᠠ ᠭᠠᠵᠠᠷ ᠵᠢᠴᠢ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠰᠢᠭᠤᠳ ᠨᠥᠯᠥᠭᠡᠯᠡᠳᠡᠭ ᠶᠤᠮ᠃ ᠬᠤᠷᠢᠳᠤᠭᠠᠷ ᠵᠠᠭᠤᠨ ᠤ ᠨᠠᠶᠠᠭᠠᠳ ᠣᠨ ᠳᠤ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ ᠮᠡᠲᠦ ᠶᠢᠨ ᠤᠯᠠᠨ ᠰᠢᠯᠲᠠᠭᠠᠨ ᠠᠴᠠ ᠪᠣᠯᠵᠤ ᠠᠯᠠᠱᠠ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠬᠦᠨᠳᠦ ᠨᠣᠴᠢᠲᠠᠢ ᠡᠪᠳᠡᠭᠳᠡᠵᠦ᠂ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠢᠯᠡᠳᠲᠡ ᠮᠠᠭᠤᠳᠠᠨ᠂ ᠤᠰᠤ ᠰᠢᠷᠣᠢ ᠶᠢᠨ ᠢᠳᠡᠭᠳᠡᠯ ᠬᠦᠨᠳᠦ ᠨᠣᠴᠢᠲᠠᠢ ᠪᠣᠯᠵᠤ᠂ ᠡᠷᠭᠢᠨ ᠲᠣᠭᠤᠷᠢᠨ  ᠤ ᠠᠮᠢ ᠠᠬᠤᠢ ᠣᠷᠴᠢᠨ ᠲᠣᠭᠤᠷᠢᠨ ᠴᠦ ᠪᠤᠭᠢᠷᠲᠤᠬᠳᠠᠪᠠ᠃             ᠠᠯᠠᠱᠠ ᠠᠭᠤᠯᠠ ᠶᠢᠨ ᠠᠮᠢ ᠠᠬᠤᠢ ᠦᠷᠭᠦᠯᠵᠢᠯᠡᠨ ᠮᠠᠭᠤᠳᠠᠵᠤ ᠪᠠᠶᠢᠭ᠎ᠠ ᠪᠠᠶᠢᠳᠠᠯ ᠢ ᠲᠤᠶᠢᠯᠪᠤᠷᠢᠲᠠᠢ ᠰᠢᠢᠳᠪᠦᠷᠢᠯᠡᠬᠦ ᠶᠢᠨ ᠲᠥᠯᠥᠭᠡ᠂ 1999 ᠣᠨ ᠠᠴᠠ 2001 ᠣᠨ ᠪᠤᠯᠲᠠᠯ᠎ᠠ᠂ ᠠᠯᠠᠱᠠ ᠠᠶᠢᠮᠠᠭ ᠥᠪᠡᠰᠦᠪᠡᠨ ᠪᠡᠯᠡ ᠮᠥᠩᠭᠦ ᠴᠤᠭᠯᠠᠭᠤᠯᠤᠨ᠂ ᠠᠯᠠᠱᠠ ᠠᠭᠤᠯᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠨ ᠣᠶ ᠮᠣᠳᠣ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠳᠣ ᠬᠤᠭᠤᠴᠠᠭ᠎ᠠ ᠪᠠᠷ ᠠᠯᠠᠱᠠ ᠠᠭᠤᠯᠠ ᠶᠢ ᠲᠦᠰᠢᠭᠯᠡᠨ ᠮᠠᠯ ᠮᠠᠯᠵᠢᠵᠤ ᠪᠠᠶᠢᠭᠰᠠᠨ 1043 ᠡᠷᠦᠭᠡ ᠶᠢᠨ 4300 ᠮᠠᠯᠴᠢᠨ ᠢ ᠨᠡᠭᠦᠯᠭᠡᠨ ᠰᠢᠯᠵᠢᠭᠦᠯᠵᠦ᠂ 23 ᠲᠦᠮᠡᠨ ᠮᠠᠯ ᠢ ᠠᠭᠤᠯᠠᠨ ᠠᠴᠠ ᠪᠠᠭᠤᠯᠭᠠᠭᠰᠠᠨ ᠪᠥᠭᠡᠳ ᠬᠠᠮᠠᠭᠠᠯᠠᠯᠲᠠ ᠶᠢᠨ ᠣᠷᠣᠨ ᠤ ᠭᠠᠳᠠᠭᠤᠷ 115 ᠺᠢᠯᠣᠮᠧᠲᠷ ᠤᠷᠳᠤ ᠲᠣᠣᠷ ᠬᠦᠷᠢᠶ᠎ᠡ ᠲᠠᠲᠠᠵᠤ᠂ ᠬᠠᠮᠠᠭᠠᠯᠠᠯᠲᠠ ᠶᠢᠨ ᠣᠷᠣᠨ ᠳᠤ ᠮᠠᠯ ᠪᠡᠯᠴᠢᠭᠡᠷᠯᠡᠭᠦᠯᠬᠦ ᠶᠢ ᠪᠦᠭᠦ ᠲᠠᠯ᠎ᠠ ᠪᠠᠷ ᠴᠠᠭᠠᠵᠠᠯᠠᠭᠰᠠᠨ ᠪᠠᠶᠢᠨ᠎ᠠ᠃ ᠡᠭᠦᠨ ᠠᠴᠠ ᠡᠬᠢᠯᠡᠨ ᠠᠯᠠᠱᠠ ᠠᠭᠤᠯᠠ ᠠᠮᠤᠷᠵᠢᠨ ᠲᠡᠩᠬᠡᠷᠡᠵᠦ᠂ ᠪᠠᠶᠢᠭᠠᠯᠢ ᠶᠢᠨ ᠠᠮᠢ ᠠᠬᠤᠢ ᠠᠭᠠᠵᠢᠮ ᠢᠶᠠᠷ ᠰᠡᠷᠭᠦᠵᠡᠢ᠃ 2000 ᠣᠨ ᠠᠴᠠ ᠰᠡᠭᠦᠯᠡᠷ᠂ ᠤᠯᠤᠰ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ ᠪᠠᠶᠢᠭᠠᠯᠢ ᠶᠢᠨ ᠣᠶ ᠶᠢ ᠬᠠᠮᠠᠭᠠᠯᠠᠬᠤ ᠢᠨᠵᠧᠨᠧᠷᠢᠩ ᠢ ᠪᠦᠭᠦ ᠲᠠᠯ᠎ᠠ ᠪᠠᠷ ᠡᠬᠢᠯᠡᠭᠦᠯᠵᠦ᠂ ᠠᠯᠠᠱᠠ ᠠᠶᠢᠮᠠᠭ ᠠᠵᠤ ᠠᠬᠤᠢ ᠶᠢᠨ ᠬᠢᠨᠢ ᠭᠤᠣᠯ ᠢᠷᠡᠯᠲᠡ ᠪᠣᠯᠤᠭᠰᠠᠨ ᠪᠠᠶᠢᠭᠠᠯᠢ ᠶᠢᠨ ᠣᠶ ᠶᠢ ᠠᠷᠠᠴᠢᠯᠠᠨ ᠪᠣᠶᠢᠵᠢᠭᠤᠯᠵᠤ ᠠᠯᠠᠭᠯᠠᠨ ᠣᠭᠲᠣᠯᠬᠤ ᠪᠠ ᠮᠣᠳᠣᠨ ᠮᠠᠲ᠋ᠧᠷᠢᠶᠠᠯ ᠪᠣᠷᠣᠯᠠᠭᠤᠯᠬᠤ ᠶᠢ ᠡᠷᠡᠰ ᠵᠣᠭᠰᠣᠭᠠᠵᠤ᠂ ᠠᠯᠠᠱᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ ᠡᠬᠢ ᠪᠠᠶᠠᠯᠢᠭ ᠤᠨ ᠬᠠᠮᠢᠶᠠᠷᠤᠯᠲᠠ᠂ ᠣᠶ ᠰᠢᠭᠤᠢ ᠶᠢᠨ ᠲᠦᠢᠮᠡᠷ ᠤᠨ ᠰᠡᠷᠭᠡᠶᠢᠯᠡᠯᠲᠡ᠂ ᠣᠷᠴᠢᠨ ᠲᠣᠭᠤᠷᠢᠨ ᠤ ᠵᠠᠰᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠵᠡᠷᠭᠡ ᠬᠡᠳᠦᠨ ᠭᠤᠣᠯᠳᠠᠯᠭ᠎ᠠ ᠲᠠᠢ ᠠᠵᠢᠯ ᠢ ᠪᠦᠭᠦ ᠲᠠᠯ᠎ᠠ ᠪᠠᠷ ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃             ᠠᠯᠠᠱᠠ ᠠᠭᠤᠯᠠ ᠪᠣᠯ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠥᠨᠢᠷ ᠪᠠᠶᠠᠨ ᠬᠥᠮᠥᠷᠭᠡ ᠪᠤᠯᠬᠤ ᠪᠠᠷ ᠪᠠᠷᠠᠬᠤ ᠦᠭᠡᠢ ᠪᠠᠰᠠ︽ᠬᠠᠷ᠎ᠠ ᠠᠯᠲᠠ ᠶᠢᠨ ᠨᠡᠶᠢᠳᠡᠮ ᠤᠨ ᠬᠠᠳᠠᠭᠠᠯᠠᠭᠳᠠᠴᠠ︾ ᠲᠠᠢ ᠡᠷᠳᠡᠨᠢᠰ ᠤᠨ ᠬᠥᠮᠥᠷᠭᠡ ᠪᠤᠯᠬᠤ ᠶᠤᠮ᠃ ᠬᠤᠷᠢᠳᠤᠭᠠᠷ ᠵᠠᠭᠤᠨ ᠤ ᠲᠠᠪᠢ ᠵᠢᠷᠠᠭᠠᠳ ᠣᠨ ᠠᠴᠠ ᠡᠬᠢᠯᠡᠨ᠂ ᠠᠯᠠᠱᠠ ᠠᠭᠤᠯᠠᠨ ᠳᠤ ᠶᠡᠭᠡ ᠬᠡᠪᠴᠢᠶ᠎ᠡ ᠪᠠᠷ ᠨᠡᠭᠦᠷᠡᠰᠦ ᠮᠠᠯᠲᠠᠵᠤ᠂ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠬᠦᠨᠳᠦ ᠨᠣᠴᠢᠲᠠᠢ ᠰᠦᠷᠳᠡᠭᠦᠯᠦᠯ ᠳᠤ ᠤᠴᠠᠷᠠᠪᠠ᠃ ᠠᠯᠠᠱᠠ ᠠᠭᠤᠯᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠳᠠᠯᠳᠠ ᠭᠡᠮ ᠤᠨ ᠠᠰᠠᠭᠤᠳᠠᠯ ᠳᠤ ᠴᠢᠭᠯᠡᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠯᠠᠱᠠ ᠠᠶᠢᠮᠠᠭ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ 2016 ᠣᠨ  ᠠᠴᠠ ᠡᠬᠢᠯᠡᠨ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠳᠤ ᠠᠯᠢ ᠣᠯᠠᠨ ᠴᠡᠭᠴᠡᠯᠡᠨ ᠵᠠᠰᠠᠬᠤ ᠠᠵᠢᠯᠯᠠᠭ᠎ᠠ ᠠᠪᠴᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ 14 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ 5 ᠨᠡᠭᠦᠷᠡᠰᠦᠨ ᠠᠭᠤᠷᠬᠠᠢ᠂ 2 ᠴᠣᠬᠤᠢ ᠶᠢᠨ ᠴᠢᠯᠠᠭᠤᠯᠢᠭ ᠤᠨ ᠠᠭᠤᠷᠬᠠᠢ᠂ 1 ᠷᠠᠰᠢᠶᠠᠨ ᠤᠰᠤᠨ ᠤ ᠦᠢᠯᠡᠳᠪᠦᠷᠢ᠂ 1 ᠱᠦᠢᠨᠢ ᠶᠢᠨ ᠦᠢᠯᠡᠳᠪᠦᠷᠢ ᠪᠠ 5 ᠨᠡᠭᠦᠷᠡᠰᠦ ᠤᠬᠢᠶᠠᠬᠤ ᠦᠢᠯᠡᠳᠪᠦᠷᠢ ᠶᠢᠨ ᠪᠦᠭᠦ ᠦᠢᠯᠡᠳᠪᠦᠷᠢᠯᠡᠯ ᠠᠮᠢᠳᠤᠷᠠᠯ  ᠤᠨ ᠲᠥᠬᠦᠭᠡᠷᠦᠮᠵᠢ ᠶᠢ ᠨᠤᠷᠠᠭᠠᠵᠤ᠂ 17 ᠨᠡᠭᠦᠷᠡᠰᠦᠨ ᠠᠭᠤᠷᠬᠠᠢ ᠶᠢᠨ ᠬᠤᠳᠳᠤᠭ ᠢ ᠥᠨᠢᠳᠡ ᠪᠢᠲᠡᠭᠦᠮᠵᠢᠯᠡᠪᠡ᠃ ᠡᠭᠦᠨ ᠤ ᠬᠠᠮᠲᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠣᠣᠷ ᠬᠦᠷᠢᠶ᠎ᠡ ᠲᠠᠲᠠᠨ ᠵᠠᠰᠠᠯᠲᠠ ᠶᠢᠨ ᠣᠷᠣᠨ ᠤ ᠭᠠᠳᠠᠨ᠎ᠠ ᠠᠴᠠ ᠣᠷᠣᠵᠤ ᠢᠷᠡᠬᠦ ᠪᠠ ᠭᠠᠳᠠᠭᠰᠢ ᠭᠠᠷᠬᠤ 9300 ᠮᠧᠲᠷ ᠵᠠᠮ ᠢ ᠪᠢᠲᠡᠭᠦᠮᠵᠢᠯᠡᠵᠦ᠂ ᠠᠭᠤᠷᠬᠠᠢ ᠶᠢᠨ ᠣᠷᠣᠨ ᠳᠤ ᠡᠪᠡᠰᠦᠨ ᠦᠷ᠎ᠡ ᠰᠠᠴᠤᠨ ᠤᠷᠭᠤᠮᠠᠯ ᠤᠨ ᠪᠦᠷᠬᠦᠴᠡ ᠶᠢ ᠰᠡᠷᠭᠦᠭᠡᠭᠰᠡᠨ ᠲᠠᠯᠠᠪᠠᠢ 1 ᠲᠦᠮᠡᠨ ᠮᠦ ᠳᠤ ᠬᠦᠷᠴᠡᠢ᠃             ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠯᠢ ᠣᠯᠠᠨ ᠠᠵᠢᠯ ᠢᠶᠠᠷ ᠳᠡᠮᠵᠢᠨ ᠠᠯᠠᠱᠠ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠵᠢᠯ ᠳᠠᠷᠠᠭᠠᠯᠠᠨ ᠰᠡᠷᠭᠦᠵᠦ᠂ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠪᠠᠶᠢᠭᠠᠯᠢ ᠶᠢᠨ ᠰᠢᠨᠡᠴᠢᠯᠡᠯᠲᠡ ᠶᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠨ᠂ ᠬᠡᠭᠡᠷ᠎ᠡ ᠶᠢᠨ ᠠᠮᠢᠲᠠᠨ ᠤ ᠰᠦᠷᠦᠭᠵᠢᠯ ᠵᠢᠯ ᠳᠠᠷᠠᠭᠠᠯᠠᠨ ᠪᠤᠵᠠᠭᠠᠶᠢᠷᠠᠪᠠ᠃             ︽ᠣᠶᠢᠷ᠎ᠠ ᠶᠢᠨ ᠵᠢᠯ ᠳᠤ ᠬᠠᠮᠢᠶᠠᠷᠤᠯᠲᠠ ᠶᠢᠨ ᠲᠣᠪᠴᠢᠶ᠎ᠠ ᠤᠷᠭᠤᠮᠠᠯ ᠤᠨ ᠲᠣᠭᠲᠠᠮᠠᠯ ᠬᠢᠨᠠᠨ ᠬᠡᠮᠵᠢᠯᠲᠡ  ᠶᠢᠨ ᠥᠯᠢᠭᠡᠷ ᠠᠪᠬᠤ ᠭᠠᠵᠠᠷ ᠢ ᠪᠠᠶᠢᠭᠤᠯᠬᠤ ᠪᠠᠷ ᠳᠡᠮᠵᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠶᠢ ᠴᠢᠩᠭᠠᠳᠬᠠᠨ᠂ ᠠᠯᠠᠱᠠ ᠠᠭᠤᠯᠠ ᠶᠢᠨ ᠬᠤᠪᠣᠷ ᠴᠤᠬᠠᠭ ᠤᠰᠠᠳᠬᠤ ᠰᠢᠬᠠᠭᠰᠠᠨ ᠠᠮᠢᠲᠠᠨ ᠤᠷᠭᠤᠮᠠᠯ ᠤᠨ ᠡᠬᠢ ᠪᠠᠶᠠᠯᠢᠭ᠂ ᠠᠮᠢᠳᠤ ᠪᠣᠳᠠᠰ  ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠭᠰᠠᠭᠠᠷ ᠢᠷᠡᠪᠡ︾ ᠭᠡᠵᠦ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠪᠦᠦ ᠵᠢᠶᠦ᠋ᠨ ᠰᠤᠷᠪᠤᠯᠵᠢᠯᠠᠬᠴᠢ ᠳᠤ ᠬᠡᠯᠡᠨ᠎ᠡ᠃ ᠤᠳᠤ ᠬᠠᠮᠠᠭᠠᠯᠠᠯᠲᠠ ᠶᠢᠨ ᠣᠷᠣᠨ ᠳᠤ ᠨᠡᠶᠢᠲᠡ 4 ᠬᠠᠮᠢᠶᠠᠷᠤᠯᠲᠠ ᠶᠢᠨ ᠥᠷᠲᠡᠭᠡ᠂ 28 ᠬᠠᠮᠢᠶᠠᠷᠤᠨ ᠬᠠᠮᠠᠭᠠᠯᠠᠬᠤ ᠥᠷᠲᠡᠭᠡ ᠲᠠᠢ ᠪᠠᠶᠢᠵᠤ᠂ ᠡᠯ᠎ᠡ ᠠᠵᠢᠯᠯᠠᠬᠤ ᠥᠷᠲᠡᠭᠡ ᠪᠠ ᠬᠠᠮᠢᠶᠠᠷᠤᠨ ᠬᠠᠮᠠᠭᠠᠯᠠᠬᠤ ᠥᠷᠲᠡᠭᠡ ᠳᠤ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ 73 ᠵᠢᠯ ᠤᠨ ᠲᠤᠷᠰᠢ ᠬᠠᠮᠠᠭᠠᠯᠠᠯᠲᠠ ᠶᠢᠨ ᠣᠷᠣᠨ ᠳᠤ ᠨᠡᠯᠢᠶᠡᠳ ᠶᠡᠭᠡ ᠣᠶ ᠰᠢᠭᠤᠢ ᠶᠢᠨ ᠲᠦᠢᠮᠡᠷ ᠤᠨ ᠠᠶᠤᠯ ᠭᠠᠷᠤᠭᠰᠠᠨ ᠦᠭᠡᠢ᠃             ᠤᠳᠤ ᠠᠯᠠᠱᠠ ᠠᠭᠤᠯᠠ ᠶᠢᠨ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠬᠠᠮᠠᠭᠠᠯᠠᠯᠲᠠ ᠶᠢᠨ ᠣᠷᠣᠨ ᠢ ᠪᠠᠶᠢᠭᠤᠯᠬᠤ ᠶᠢᠨ ᠡᠮᠦᠨᠡᠬᠢ 31.6% ᠪᠠᠶᠢᠭᠰᠠᠨ ᠠᠴᠠ 57.3% ᠪᠣᠯᠣᠨ ᠳᠡᠭᠡᠭᠰᠢᠯᠡᠵᠦ᠂ ᠣᠶ ᠰᠢᠭᠤᠢ ᠶᠢᠨ ᠲᠠᠯᠠᠪᠠᠶ 36.8 ᠲᠦᠮᠡᠨ ᠮᠦ ᠪᠠᠶᠢᠭᠰᠠᠨ ᠠᠴᠠ 58.2 ᠲᠦᠮᠡᠨ ᠮᠦ ᠪᠣᠯᠣᠨ ᠨᠡᠮᠡᠭᠳᠡᠵᠦ᠂ ᠣᠶᠢᠲᠤ ᠣᠷᠣᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ 80% ᠳᠤ ᠬᠦᠷᠴᠦ᠂ ᠣᠶ ᠰᠢᠭᠤᠢ ᠶᠢᠨ ᠬᠠᠳᠠᠭᠠᠯᠠᠭᠳᠠᠴᠠ ᠶᠢᠨ ᠬᠡᠮᠵᠢᠶ᠎ᠡ 290 ᠭᠠᠷᠤᠢ ᠲᠦᠮᠡᠨ ᠪᠣᠰᠤᠭ᠎ᠠ ᠳᠥᠷᠪᠡᠯᠵᠢᠨ ᠮᠧᠲᠷ ᠬᠦᠷᠴᠦ᠂ ᠠᠭᠤᠯᠠ ᠵᠢᠯᠠᠭ᠎ᠠ ᠶᠢᠨ ᠲᠤᠩᠭᠠᠯᠠᠭ ᠤᠷᠤᠰᠬᠠᠯ 13 ᠵᠤᠷᠪᠤᠰ ᠪᠠᠶᠢᠭᠰᠠᠨ ᠠᠴᠠ 21 ᠵᠤᠷᠪᠤᠰ ᠪᠣᠯᠣᠨ ᠨᠡᠮᠡᠭᠳᠡᠵᠦ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠲᠤᠭ᠎ᠠ ᠬᠡᠮᠵᠢᠶ᠎ᠡ ᠲᠣᠭᠲᠠᠭᠤᠨ ᠤ ᠳᠤᠮᠳᠠ ᠨᠡᠮᠡᠭᠳᠡᠵᠦ᠂ ᠬᠠᠭᠠᠰ ᠵᠠᠭᠤᠨ ᠢᠶᠠᠷ ᠣᠷᠣ ᠮᠥᠷ ᠦᠭᠡᠢ ᠪᠣᠯᠤᠭᠰᠠᠨ ᠴᠠᠭᠠᠨ ᠢᠷᠪᠢᠰ ᠠᠯᠠᠱᠠ ᠠᠭᠤᠯᠠᠨ ᠳᠤ ᠳᠠᠭᠢᠨ ᠢᠯᠡᠷᠡᠭᠰᠡᠨ ᠪᠠᠶᠢᠨ᠎ᠠ            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号