﹇ᠴᠥᠯᠵᠢᠯᠲᠡ ᠶᠢᠨ ᠵᠠᠰᠠᠯᠲᠠ﹈ ᠮᠠᠨ ᠤ ᠣᠷᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠰᠢᠪᠲᠤᠯᠤᠯᠲᠠ ᠶᠢᠨ ᠴᠢᠭᠯᠡᠯ ᠢ ᠲᠣᠭᠲᠠᠭᠠᠪᠠ
ᠨᠡᠶᠢᠲᠡᠯᠡᠭᠰᠡᠨ ᠴᠠᠭ᠄
2024/5/15
      ᠬᠥᠭᠵᠢᠯᠲᠦ             ᠡᠨᠡ ᠵᠢᠯ ᠤᠨ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠬᠤᠳᠠ ᠳᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ  ᠳᠠᠭᠠᠨ᠂︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠵᠠᠰᠠᠯᠲᠠ ᠶᠢᠨ ᠭᠤᠣᠯᠳᠠᠯᠭ᠎ᠠ ᠶᠢ ᠲᠣᠪᠤᠶᠢᠯᠭᠠᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠤ᠂ ᠪᠢᠳᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶᠢᠯᠠᠨ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃             ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠠᠲᠤᠨ ᠭᠤᠣᠯ ᠤᠨ︿ᠶᠡᠭᠡ ᠲᠣᠬᠤᠢ﹀ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠬᠤᠷᠴᠢᠨ ᠤ ᠡᠯᠡᠰᠦᠷᠬᠡᠭ ᠭᠠᠵᠠᠷ᠂ ᠬᠤᠯᠠᠨ ᠰᠢᠷᠭ᠎ᠠ ᠲᠠᠭ᠎ᠠ  ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠭᠤᠣᠯ ᠲᠠᠯᠠᠪᠤᠷ ᠨᠢ ᠮᠠᠨ ᠤ ᠣᠷᠣᠨ ᠳᠤ ᠪᠠᠶᠢᠵᠤ᠂ ᠾᠧ ᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠴᠦ ᠮᠠᠨ ᠤ ᠣᠷᠣᠨ ᠤ ᠬᠡᠰᠡᠭ ᠭᠠᠵᠠᠷ ᠣᠷᠣᠨ ᠢ ᠬᠠᠮᠤᠷᠴᠤ ᠪᠠᠶᠢᠨ᠎ᠠ᠃ ᠲᠦᠷᠦᠭᠦᠬᠡᠨ ᠳᠤ ᠪᠦᠭᠦ ᠣᠷᠣᠨ ᠤ ︿ᠤᠮᠠᠷᠠᠲᠤ ᠶᠢᠨ ᠭᠤᠷᠪᠠᠨ ᠣᠷᠣᠨ﹀ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠨᠢᠭᠡᠨᠲᠡ ᠮᠠᠨ ᠤ ᠣᠷᠣᠨ ᠤ ︿ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ﹀ ᠢ ᠬᠢᠨᠠᠨ ᠵᠥᠪᠯᠡᠵᠦ ᠪᠠᠲᠤᠯᠠᠪᠠ︾ᠭᠡᠵᠦ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦ ᠮᠠᠩᠬ᠎ᠠ ᠶᠢ ᠵᠠᠰᠠᠵᠤ ᠣᠶᠢᠵᠢᠭᠤᠯᠬᠤ ᠭᠠᠵᠠᠷ ᠤᠨ ᠳᠡᠳ᠋ ᠳᠠᠷᠤᠭ᠎ᠠ ᠳᠠᠯᠢᠨᠭᠦᠦ ᠮᠠᠨ ᠤ ᠣᠷᠣᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠤᠨ ᠭᠤᠣᠯ ᠠᠭᠤᠯᠭ᠎ᠠ ᠶᠢ ᠨᠢᠭᠡᠳ ᠨᠢᠭᠡ ᠪᠠᠷ ᠰᠣᠩᠭᠤᠨ ᠲᠠᠨᠢᠯᠴᠠᠭᠤᠯᠪᠠ᠃             ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠮᠠᠨ ᠤ ᠣᠷᠣᠨ ᠤ 7 ᠠᠶᠢᠮᠠᠭ ᠬᠤᠲᠠ᠂ 35 ᠬᠤᠰᠢᠭᠤ ᠰᠢᠶᠠᠨ ︵ᠬᠤᠲᠠ᠂ ᠲᠣᠭᠤᠷᠢᠭ︶ ᠲᠠᠢ ᠬᠤᠯᠪᠣᠭᠳᠠᠨ᠎ᠠ᠃ ᠠᠳᠡ ᠭᠤᠣᠯᠳᠠᠭᠤ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠵᠠᠰᠠᠨ ᠰᠡᠷᠭᠦᠭᠡᠬᠦ ᠶᠢ ᠬᠠᠷᠢᠯᠴᠠᠨ ᠤᠶᠠᠯᠳᠤᠭᠤᠯᠵᠤ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠬᠠᠳᠤᠨ ᠭᠤᠣᠯ ᠳᠤ ᠤᠷᠤᠰᠤᠨ ᠣᠷᠣᠬᠤ ᠡᠯᠡᠰᠦ ᠰᠢᠷᠣᠢ ᠶᠢ ᠪᠠᠭᠠᠰᠬᠠᠬᠤ ᠪᠠᠷ ᠭᠤᠣᠯ ᠰᠢᠪᠲᠤᠯᠤᠯᠲᠠ ᠪᠣᠯᠭᠠᠨ᠂ ᠤᠯᠠᠭᠠᠨᠪᠤᠬ᠎ᠠ ᠶᠢᠨ ᠡᠯᠡᠰᠦ᠂ ᠬᠥᠪᠴᠢ ᠶᠢᠨ ᠡᠯᠡᠰᠦ ᠂ ᠮᠤᠤᠠᠤᠰᠤ ᠶᠢᠨ ᠡᠯᠡᠰᠦᠷᠬᠡᠭ ᠭᠠᠵᠠᠷ ᠲᠤ ᠬᠦᠴᠦ ᠪᠠᠨ ᠲᠠᠯᠪᠢᠵᠤ᠂ ᠡᠯᠡᠰᠦᠨ ᠴᠦᠯ ᠢ ᠡᠮᠵᠢᠶᠡᠷᠢᠯᠡᠬᠦ ᠤᠢ ᠡᠪᠡᠰᠦᠨ ᠤ ᠪᠦᠰᠡ ᠶᠢ ᠵᠠᠰᠠᠵᠤ ᠰᠡᠷᠭᠦᠭᠡᠬᠦ ᠶᠢ ᠭᠤᠣᠯᠳᠠᠯᠭ᠎ᠠ ᠲᠠᠢ ᠥᠷᠨᠢᠭᠦᠯᠬᠦ ᠶᠢᠨ ᠬᠠᠮᠲᠤ᠂ ᠡᠯᠡᠰᠦᠨ ᠴᠦᠯ ᠢ ᠡᠮᠵᠢᠶᠡᠷᠢᠯᠡᠬᠦ ᠤᠢ ᠡᠪᠡᠰᠦᠨ ᠤ ᠪᠦᠰᠡ ᠶᠢ ᠡᠯᠡᠰᠦᠨ ᠴᠦᠯ ᠤᠨ ᠥᠷᠥᠴᠡ ᠭᠠᠵᠠᠷ ᠲᠡᠶᠢᠰᠢ ᠠᠯᠬᠤᠮ ᠠᠯᠬᠤᠮ ᠢᠶᠠᠷ ᠦᠷᠭᠡᠳᠭᠡᠨ᠎ᠠ; ᠬᠠᠲᠤᠨ ᠭᠤᠣᠯ ᠤᠨ ᠡᠷᠭᠢ ᠳᠠᠭᠠᠤ ᠶᠢᠨ ᠤᠰᠤ ᠰᠢᠷᠣᠢ ᠶᠢᠨ ᠢᠳᠡᠭᠳᠡᠯ ᠤᠨ ᠣᠷᠣᠨ ᠪᠣᠯᠣᠨ ᠠᠷᠪᠠᠨ ᠶᠡᠭᠡ ᠬᠥᠨᠳᠡᠢ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠤᠰᠤ ᠰᠢᠷᠣᠢ ᠶᠢᠨ ᠢᠳᠡᠭᠳᠡᠯ ᠢ ᠬᠢᠵᠠᠭᠠᠷᠯᠠᠨ᠂ ᠬᠠᠲᠤᠨ ᠭᠤᠣᠯ ᠳᠤ ᠤᠷᠤᠰᠤᠨ ᠣᠷᠣᠬᠤ ᠡᠯᠡᠰᠦ ᠰᠢᠷᠣᠢ ᠶᠢ ᠪᠠᠭᠠᠰᠬᠠᠨ᠎ᠠ; ᠪᠣᠷᠣᠳᠣᠬᠤᠢ ᠶᠢᠨ ᠲᠠᠯ᠎ᠠ ᠭᠠᠵᠠᠷ ᠪᠣᠯᠣᠨ ᠲᠦᠮᠡᠳ ᠤᠨ ᠲᠠᠯ᠎ᠠ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠵᠢᠷᠯᠢᠭ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠷᠢᠶᠠᠨ ᠭᠠᠵᠠᠷ ᠤᠨ ᠤᠢ ᠰᠢᠭᠤᠢ ᠶᠢᠨ ᠪᠦᠰᠡ ᠶᠢ ᠨᠡᠮᠡᠭᠳᠡᠭᠦᠯᠵᠦ᠂ ᠬᠥᠷᠥᠰᠥ ᠰᠢᠷᠣᠢ ᠶᠢᠨ ᠡᠯᠡᠰᠦᠷᠬᠡᠭᠵᠢᠬᠦ ᠬᠠᠨᠳᠤᠰᠢ ᠶᠢ ᠬᠤᠷᠢᠭᠯᠠᠨ᠂ ᠬᠠᠲᠤᠨ ᠭᠤᠣᠯ ᠤᠨ ︽ᠶᠡᠭᠡ ᠲᠣᠬᠤᠢ︾ ᠶᠢᠨ ᠠᠵᠤ ᠠᠬᠤᠢ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠶᠢᠨ ᠲᠤᠯᠭᠠᠭᠤᠷᠢᠯᠠᠯ ᠬᠠᠩᠭᠠᠨ᠎ᠠ᠃             ᠬᠤᠷᠴᠢᠨ ᠤ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠨᠢ ᠮᠠᠨ ᠤ ᠣᠷᠣᠨ ᠤ 5 ᠠᠶᠢᠮᠠᠭ ᠬᠤᠲᠠ᠂ 39 ᠬᠤᠰᠢᠭᠤ ᠰᠢᠶᠠᠨ ︵ᠬᠤᠲᠠ᠂ ᠲᠣᠭᠤᠷᠢᠭ︶ ᠲᠠᠢ ᠬᠤᠯᠪᠣᠭᠳᠠᠨ᠎ᠠ᠃ ᠠᠳᠡ ᠭᠤᠣᠯᠳᠠᠭᠤ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠴᠢᠨᠠᠷ ᠰᠠᠶᠢᠲᠠᠢ ᠪᠠᠷ ᠪᠦᠲᠦᠭᠡᠨ ᠪᠠᠶᠢᠭᠤᠯᠬᠤ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠲᠠᠰᠤᠯᠬᠤ ᠪᠠᠷ ᠭᠤᠣᠯ ᠰᠢᠪᠲᠤᠯᠤᠯᠲᠠ ᠪᠣᠯᠭᠠᠨ᠂ ᠵᠠᠰᠠᠭᠠᠳᠤᠢ ᠡᠯᠡᠰᠦᠷᠬᠡᠭᠵᠢᠭᠰᠡᠨ ᠭᠠᠵᠠᠷ ᠲᠤ ᠨᠡᠭᠦᠳᠡᠯ ᠡᠯᠡᠰᠦᠨ ᠤ ᠭᠦᠪᠡᠭᠡ ᠵᠠᠬ᠎ᠠ ᠪᠠᠷ ᠡᠯᠡᠰᠦᠨ ᠤ ᠬᠠᠯᠬᠠᠪᠴᠢ ᠪᠠᠶᠢᠷᠢᠯᠠᠭᠤᠯᠤᠨ ᠲᠤᠷᠤᠭ ᠮᠣᠳᠣ ᠪᠤᠲᠠᠯᠢᠭ ᠮᠣᠳᠣ ᠡᠪᠡᠰᠦ ᠤᠷᠭᠤᠮᠠᠯ ᠤᠨ ᠬᠠᠯᠬᠠᠪᠴᠢ ᠪᠦᠰᠡ ᠶᠢ ᠪᠤᠶ ᠪᠤᠯᠭᠠᠵᠤ᠂ ᠡᠯᠡᠰᠦᠷᠬᠡᠭ ᠭᠠᠵᠠᠷ ᠤᠨ ᠥᠷᠥᠴᠡᠨ ᠳᠤ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠠ; ᠨᠢᠭᠡᠨᠲᠡ ᠵᠠᠰᠠᠭᠰᠠᠨ ᠡᠯᠡᠰᠦᠷᠬᠡᠭᠵᠢᠭᠰᠡᠨ ᠭᠠᠵᠠᠷ ᠲᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠭᠤᠳᠠᠭᠰᠠᠨ ᠣᠶ ᠰᠢᠭᠤᠢ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠶᠢ ᠯᠠᠪᠳᠠᠭᠤᠨ ᠪᠠᠲᠤᠲᠠᠢ ᠥᠷᠨᠢᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠳᠡᠭᠡᠭᠰᠢᠯᠡᠭᠦᠯᠵᠦ᠂ ᠬᠥᠮᠥᠨ ᠬᠠᠷ᠎ᠠ ᠶᠢᠨ ᠡᠪᠳᠡᠭᠳᠡᠯ  ᠠᠴᠠ ᠪᠣᠯᠵᠤ ᠳᠠᠭᠢᠨ ᠨᠡᠭᠦᠳᠡᠯ ᠡᠯᠡᠰᠦ ᠪᠣᠯᠵᠤ ᠬᠤᠪᠢᠷᠠᠬᠤ ᠶᠢ ᠡᠷᠡᠰ ᠰᠡᠷᠭᠡᠶᠢᠯᠡᠨ᠎ᠡ᠃             ᠾᠧ ᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠨᠢ ᠠᠯᠠᠱᠠ ᠪᠠᠷᠠᠭᠤᠨ ᠬᠤᠰᠢᠭᠤ ᠪᠠ ᠡᠵᠡᠨ᠎ᠡ ᠬᠤᠰᠢᠭᠤᠨ ᠳᠤ ᠬᠤᠯᠪᠣᠭᠳᠠᠨ᠎ᠠ᠃ ᠮᠠᠨ ᠤ ᠣᠷᠣᠨ ᠠᠳᠡ ᠭᠤᠣᠯᠳᠠᠭᠤ ᠪᠠᠳᠠᠢ ᠶᠢᠨ ᠵᠢᠷᠠᠨ ᠪᠠ ᠲᠡᠭᠷᠢ ᠡᠯᠡᠰᠦ ᠶᠢᠨ ᠭᠦᠪᠡᠭᠡ ᠵᠠᠬ᠎ᠠ ᠵᠢᠴᠢ ᠨᠣᠭᠤᠭᠠᠨ ᠪᠦᠷᠢᠳᠦ ᠶᠢᠨ ᠬᠥᠪᠡᠭᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠪᠤᠲᠠᠯᠢᠭ ᠮᠣᠳᠣ ᠡᠪᠡᠰᠦ ᠤᠷᠭᠤᠮᠠᠯ ᠢᠶᠠᠷ ᠭᠤᠣᠯ ᠪᠤᠯᠭᠠᠬᠰᠠᠨ ᠡᠯᠡᠰᠦᠨ ᠴᠦᠯ ᠢ ᠡᠮᠵᠢᠶᠡᠷᠢᠯᠡᠬᠦ ᠬᠠᠯᠬᠠᠪᠴᠢ ᠪᠦᠰᠡ ᠶᠢ ᠲᠦᠷᠭᠡᠳᠬᠡᠨ ᠪᠠᠶᠢᠭᠤᠯᠵᠤ᠂ ᠡᠯᠡᠰᠦᠨ ᠴᠥᠯ ᠤᠨ ᠨᠣᠭᠤᠭᠠᠨ ᠪᠦᠷᠢᠳᠦ ᠶᠢᠨ ᠠᠮᠢ ᠠᠬᠤᠢ ᠶᠢ ᠬᠠᠮᠠᠭᠠᠯᠠᠨ᠎ᠠ; ᠶᠠᠪᠠᠷᠠᠢ ᠠᠭᠤᠯᠠ ᠶᠢᠨ ᠭᠤᠷᠪᠠᠨ ᠶᠡᠭᠡ ᠰᠠᠯᠬᠢᠨ ᠤ ᠠᠮᠠ ᠪᠣᠯᠣᠨ ᠪᠠᠷᠠᠭᠤᠨ ᠲᠠᠯ᠎ᠠ ᠶᠢᠨ ᠪᠠᠳᠠᠢ ᠶᠢᠨ ᠵᠢᠷᠠᠨ ᠤ ᠡᠯᠡᠰᠦ ᠶᠢᠨ ᠡᠮᠦᠨ᠎ᠡ ᠵᠠᠬ᠎ᠠ ᠵᠢᠴᠢ ᠡᠷᠭᠢᠨ ᠲᠣᠭᠤᠷᠢᠨ ᠤ ᠮᠤᠵᠢ ᠣᠷᠣᠨ ᠲᠠᠢ ᠵᠠᠬ᠎ᠠ ᠨᠡᠶᠢᠯᠡᠵᠦ ᠪᠠᠶᠢᠭ᠎ᠠ ᠭᠠᠵᠠᠷ ᠲᠤ ᠡᠯᠡᠰᠦ ᠰᠠᠯᠬᠢ ᠶᠢ ᠬᠤᠷᠢᠭᠯᠠᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠡᠯᠡᠰᠦᠨ ᠴᠦᠯ ᠤᠨ ᠥᠷᠭᠡᠳᠬᠦ ᠶᠢ ᠪᠦᠭᠦ ᠲᠠᠯ᠎ᠠ ᠪᠠᠷ ᠭᠢᠵᠠᠭᠠᠷᠯᠠᠨ᠎ᠠ; ᠪᠠᠳᠠᠢ ᠶᠢᠨ ᠵᠢᠷᠠᠨ ᠪᠠ ᠲᠡᠭᠷᠢ ᠡᠯᠡᠰᠦ ᠶᠢᠨ ᠠᠭᠤᠯᠵᠠᠷ ᠭᠠᠵᠠᠷ ᠲᠤ ᠡᠯᠡᠰᠦᠨ ᠴᠦᠯ ᠢ ᠡᠮᠵᠢᠶᠡᠷᠢᠯᠡᠵᠦ ᠡᠯᠡᠰᠦ ᠶᠢ ᠲᠣᠭᠲᠠᠪᠤᠷᠢᠵᠢᠭᠤᠯᠬᠤ ᠣᠶ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠪᠣᠯᠣᠨ ᠡᠯᠡᠰᠦ ᠰᠠᠯᠬᠢᠨ ᠤ ᠠᠮᠠ  ᠶᠢᠨ ᠵᠠᠰᠠᠯᠲᠠ ᠶᠢ ᠴᠢᠩᠭᠠᠳᠬᠠᠵᠤ᠂ ᠬᠤᠶᠠᠷ ᠶᠡᠭᠡ ᠡᠯᠡᠰᠦ ᠶᠢ ᠰᠠᠯᠭᠠᠨ᠎ᠠ᠃       -    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号