﹇ᠴᠥᠯᠵᠢᠯᠲᠡ ᠶᠢᠨ ᠵᠠᠰᠠᠯᠲᠠ﹈ ᠴᠢᠩ ᠱᠦᠢ ᠾᠧ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ - ᠲᠣᠭᠠᠴᠢᠯᠠᠭᠰᠠᠨ ᠮᠡᠷᠭᠡᠵᠢᠯ ᠢᠶᠠᠷ ᠣᠶ ᠰᠢᠭᠤᠢ ᠶᠢᠨ ᠬᠠᠮᠢᠶᠠᠷᠤᠯᠲᠠ ᠬᠠᠮᠠᠭᠠᠯᠠᠯᠲᠠ ᠳᠤ ︽ᠣᠶᠤᠨ ᠤ ᠵᠢᠭᠦᠷ︾ ᠤᠷᠭᠤᠭᠤᠯᠤᠯ᠎ᠠ
ᠨᠡᠶᠢᠲᠡᠯᠡᠭᠰᠡᠨ ᠴᠠᠭ᠄
2024/5/15
                             ᠥᠷᠯᠥᠭᠡ ᠡᠷᠲᠡ᠂ ᠭᠦᠭᠡᠬᠤᠲᠠ ᠶᠢᠨ ᠴᠢᠩ ᠱᠦᠢ ᠾᠧ ᠰᠢᠶᠠᠨ ᠤ ᠴᠧᠩᠭᠤᠸᠠᠨ ᠪᠠᠯᠭᠠᠰᠤ ᠶᠢᠨ ᠤᠢ ᠰᠢᠭᠤᠢ ᠶᠢ ᠬᠠᠮᠢᠶᠠᠷᠤᠨ ᠬᠠᠮᠠᠭᠠᠯᠠᠬᠤ ᠠᠩᠭᠢ ᠶᠢᠨ ᠳᠠᠷᠤᠭ᠎ᠠ ᠨᠢᠦ ᠱᠢ ᠬᠤᠸᠠ ᠶᠡᠷᠦᠳᠡ ᠶᠢᠨ ᠬᠢ ᠰᠢᠭ ᠢᠶᠠᠨ ᠶᠢᠨ ᠭᠦᠨ ᠱᠠᠨ ᠠᠭᠤᠯᠠ ᠶᠢᠨ ᠤᠷᠳᠤ ᠴᠠᠭᠠᠨ ᠬᠡᠷᠡᠮ ᠤᠨ ᠴᠡᠴᠡᠷᠯᠢᠭ ᠲᠤ ᠬᠦᠷᠴᠦ᠂ ᠭᠠᠷ ᠤᠲᠠᠰᠤ ᠪᠠᠨ ᠨᠡᠭᠡᠭᠡᠨ ︽ᠭᠦᠭᠡᠬᠤᠲᠠ ᠶᠢᠨ ᠴᠠᠭᠳᠠᠨ ᠬᠠᠮᠠᠭᠠᠯᠠᠯᠲᠠ︾ App ᠳᠡᠭᠡᠷ᠎ᠡ ᠨᠡᠷ᠎ᠡ ᠪᠠᠨ ᠪᠢᠴᠢᠭᠡᠳ ᠮᠣᠲ᠋ᠣᠷ ᠢᠶᠠᠨ ᠵᠠᠶᠢᠳᠠᠯᠠᠨ ᠤᠢ ᠰᠢᠭᠤᠢ ᠶᠢ ᠴᠠᠭᠳᠠᠨ ᠬᠠᠮᠠᠭᠠᠯᠠᠬᠤ ᠨᠢᠭᠡ ᠡᠳᠦᠷ ᠤᠨ ᠠᠵᠢᠯ ᠢᠶᠠᠨ ᠡᠬᠢᠯᠡᠭᠦᠯᠪᠡ᠃            ᠰᠢᠶᠠ ᠶᠠᠩ ᠲᠠ ᠲᠣᠰᠬᠤᠨ ᠤ ᠬᠡᠭᠡᠷ᠎ᠡ ᠶᠢᠨ ᠭᠦᠶᠯᠡᠰᠦᠨ ᠣᠶ ᠶᠢ ᠴᠠᠭᠳᠠᠨ ᠬᠠᠮᠠᠭᠠᠯᠠᠬᠤ ᠦᠶ᠎ᠡ ᠳᠤ ᠨᠢᠦ ᠱᠢ ᠬᠤᠸᠠ ᠮᠣᠳᠣᠨ ᠰᠠᠯᠠᠭᠠᠨ ᠳᠡᠭᠡᠷ᠎ᠡ ᠴᠠᠭᠠᠨ ᠬᠥᠰᠢᠭᠡᠲᠦ ᠲᠣᠣᠷ ᠪᠠᠶᠢᠬᠤ ᠶᠢ ᠣᠯᠵᠤ ᠮᠡᠳᠡᠪᠠ᠃ ᠲᠡᠷᠡ ᠣᠯᠠᠨ ᠵᠢᠯ ᠤᠨ ᠣᠶ ᠰᠢᠭᠤᠢ ᠶᠢ ᠴᠠᠭᠳᠠᠨ ᠪᠠᠶᠢᠴᠠᠭᠠᠭᠰᠠᠨ ᠲᠤᠷᠰᠢᠯᠭ᠎ᠠ ᠪᠠᠷ ᠢᠶᠠᠨ ᠭᠠᠷ ᠤᠲᠠᠰᠤ ᠪᠠᠨ ᠭᠠᠷᠭᠠᠨ ︽ᠭᠦᠭᠡᠬᠤᠲᠠ ᠶᠢᠨ ᠴᠠᠭᠳᠠᠨ ᠬᠠᠮᠠᠭᠠᠯᠠᠯᠲᠠ︾ App ᠶᠢ ᠨᠡᠭᠡᠭᠡᠵᠦ᠂ ᠴᠠᠭᠠᠨ ᠲᠣᠣᠷ ᠤᠨ ᠪᠠᠶᠢᠳᠠᠯ᠂ ᠣᠷᠣᠨ ᠪᠠᠶᠢᠷᠢ ᠪᠠ ᠭᠠᠮᠰᠢᠭᠳᠠᠭᠰᠠᠨ ᠲᠠᠯᠠᠪᠠᠶ ᠵᠡᠷᠭᠡ ᠮᠡᠳᠡᠭᠡ ᠵᠠᠩᠭᠢ ᠶᠢ ᠲᠠᠪᠴᠠᠩ ᠳᠤ ᠳᠠᠮᠵᠢᠭᠤᠯᠪᠠ᠃ ︽ᠳ᠋ᠢ ᠳ᠋ᠢ ᠳ᠋ᠢ ᠁︾ ᠴᠢᠩ ᠱᠦᠢ ᠾᠧ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠠᠭᠠᠯᠠᠯᠲᠠ ᠶᠢᠨ ᠲᠥᠪ ᠤᠨ ︽ᠭᠦᠭᠡᠬᠤᠲᠠ ᠶᠢᠨ ᠴᠠᠭᠳᠠᠨ ᠬᠠᠮᠠᠭᠠᠯᠠᠯᠲᠠ︾ ᠰᠢᠰᠲ᠋ᠧᠮ ᠰᠠᠨᠠᠭᠤᠯᠤᠮᠵᠢ ᠶᠢᠨ ᠴᠢᠮᠡᠭᠡ ᠳᠠᠮᠵᠢᠭᠤᠯᠵᠤ᠂ ᠬᠠᠮᠠᠭᠠᠯᠠᠯᠲᠠ ᠶᠢᠨ ᠲᠥᠪ ᠤᠨ ᠳᠡᠳ᠋ ᠡᠷᠭᠢᠯᠡᠭᠴᠢ ᠯᠢ ᠰᠢᠶᠠ ᠳᠡᠯᠭᠡᠴᠡ ᠶᠢᠨ ᠭᠤᠷᠪᠠᠨ ᠬᠡᠮᠵᠢᠯᠲᠦ ᠪᠡᠶᠡᠲᠦ ᠵᠢᠷᠤᠭ ᠳᠡᠭᠡᠷᠡᠬᠢ ᠬᠥᠬᠡ ᠴᠡᠭ ᠢ ᠳᠠᠷᠤᠵᠤ᠂ ᠨᠢᠦ ᠱᠢ ᠬᠤᠸᠠ ᠶᠢᠨ ᠳᠠᠮᠵᠢᠭᠤᠯᠤᠭᠰᠠᠨ ᠬᠤᠷᠣᠬᠠᠢ ᠶᠢᠨ ᠬᠥᠨᠥᠭᠡᠯ ᠤᠨ ᠵᠢᠷᠤᠭ ᠢ ᠣᠯᠵᠤ ᠦᠵᠡᠯ᠎ᠡ᠃ ᠲᠡᠷᠡ ᠳᠠᠷᠤᠶᠢᠬᠠᠨ ᠤᠲᠠᠰᠤᠳᠠᠵᠤ᠄ ︽ᠨᠢᠦ ᠭᠤᠸᠠᠢ᠂ ᠪᠢ ᠰᠢᠰᠲ᠋ᠧᠮ ᠠᠴᠠ ᠲᠠᠨ  ᠤ ᠳᠠᠮᠵᠢᠭᠤᠯᠤᠭᠰᠠᠨ ᠬᠤᠷᠣᠬᠠᠢ ᠶᠢᠨ ᠬᠥᠨᠥᠭᠡᠯ ᠤᠨ ᠵᠢᠷᠤᠭ ᠢ ᠣᠯᠵᠤ ᠦᠵᠡᠪᠡ᠂ ᠪᠣᠳᠠᠲᠠᠢ ᠣᠷᠣᠨ ᠪᠠᠶᠢᠷᠢ ᠨᠢ ᠬᠠᠮᠢᠭ᠎ᠠ ᠪᠠᠶᠢᠬᠤ ᠪᠤᠢ︖ ᠪᠢᠳᠠ ᠳᠠᠷᠤᠶᠢᠬᠠᠨ ᠲᠤᠰᠬᠠᠢ ᠮᠡᠷᠭᠡᠵᠢᠯᠲᠡᠨ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠰᠢᠯᠭᠠᠨ ᠲᠣᠭᠲᠠᠭᠠᠯᠭᠠᠶ᠎ᠠ︾ ᠭᠡᠪᠡ᠃            ᠲᠤᠰᠬᠠᠢ ᠮᠡᠷᠭᠡᠵᠢᠯᠲᠡᠨ ᠤ ᠰᠢᠯᠭᠠᠨ ᠲᠣᠭᠲᠠᠭᠠᠭᠰᠠᠨ ᠢᠶᠠᠷ᠂ ᠴᠠᠭᠠᠨ ᠬᠥᠰᠢᠭᠡᠲᠦ ᠲᠣᠣᠷ ᠤᠨ ᠦᠵᠡᠭᠳᠡᠯ ᠨᠢ ᠣᠶ ᠮᠣᠳᠣᠨ ᠤ ᠬᠥᠨᠥᠭᠡᠯᠳᠦ ᠬᠤᠷᠣᠬᠠᠢ - ᠰᠢᠷ᠎ᠠ ᠬᠦᠷᠡᠩ ᠬᠥᠰᠢᠭᠡᠲᠦ ᠰᠠᠬᠤᠯᠢᠭ ᠬᠤᠷᠣᠬᠠᠢ ᠠᠴᠠ ᠪᠣᠯᠵᠤ᠂ 41 ᠲᠦᠮᠡᠨ ᠭᠠᠷᠤᠢ ᠰᠠᠭᠤᠷᠢ ᠮᠣᠳᠣ ᠬᠤᠷᠣᠬᠠᠢ ᠶᠢᠨ ᠬᠥᠨᠥᠭᠡᠯ ᠳᠤ ᠲᠠᠭᠠᠷᠢᠬᠳᠠᠨ᠂ ᠭᠠᠮᠰᠢᠭᠳᠠᠭᠰᠠᠨ ᠲᠠᠯᠠᠪᠠᠶ ᠨᠢ ᠪᠠᠷᠤᠭ 5000 ᠮᠦ ᠳᠤ ᠬᠦᠷᠴᠡᠢ᠃ ᠡᠮ ᠨᠠᠶᠢᠷᠠᠭᠤᠯᠬᠤ᠂ ᠤᠰᠤ ᠨᠡᠮᠡᠬᠦ᠂ ᠡᠮ ᠰᠦᠷᠴᠢᠬᠦ ᠁ ᠬᠠᠮᠠᠭᠠᠯᠠᠯᠲᠠ  ᠶᠢᠨ ᠲᠥᠪ ᠤᠨ ᠬᠢᠨ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠤᠨ ᠬᠤᠷᠣᠬᠠᠢ ᠶᠢᠨ ᠬᠥᠨᠥᠭᠡᠯ ᠳᠤ ᠲᠠᠭᠠᠷᠢᠬᠳᠠᠬᠰᠠᠨ ᠣᠶᠢᠲᠤ ᠭᠠᠵᠠᠷ ᠢ ᠲᠣᠣᠷᠯᠠᠨ ᠰᠦᠷᠴᠢᠵᠦ ᠠᠷᠢᠭᠤᠳᠬᠠᠪᠠ᠃            ᠴᠢᠩ ᠱᠦᠢ ᠾᠧ ᠰᠢᠶᠠᠨ ᠳᠤ ᠥᠷᠭᠡᠨ ᠣᠯᠠᠨ ᠣᠶ ᠰᠢᠭᠤᠢ ᠶᠢᠨ ᠬᠠᠮᠠᠭᠠᠯᠠᠭᠴᠢ ︽ᠭᠦᠭᠡᠬᠤᠲᠠ ᠶᠢᠨ ᠴᠠᠭᠳᠠᠨ ᠬᠠᠮᠠᠭᠠᠯᠠᠯᠲᠠ︾ ᠶᠢᠨ ᠰᠢᠰᠲ᠋ᠧᠮ ᠢ ᠠᠰᠢᠭᠯᠠᠵᠤ᠂ ᠲᠣᠭᠠᠴᠢᠯᠠᠭᠰᠠᠨ ᠮᠡᠷᠭᠡᠵᠢᠯ ᠳᠤ ᠲᠦᠰᠢᠭᠯᠡᠨ ᠤᠯᠠᠮᠵᠢᠯᠠᠯᠲᠤ ᠣᠶ ᠰᠢᠭᠤᠢ ᠶᠢ ᠬᠠᠮᠢᠶᠠᠷᠴᠤ ᠬᠠᠮᠠᠭᠠᠯᠠᠬᠤ ᠠᠵᠢᠯ ᠳᠤ ︽ᠣᠶᠤᠨ ᠤ ᠵᠢᠭᠦᠷ︾ ᠤᠷᠭᠤᠭᠤᠯᠪᠠ᠃ ᠲᠤᠰ ᠰᠢᠰᠲ᠋ᠧᠮ ᠢ ᠴᠢᠩ ᠱᠦᠢ ᠾᠧ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠨᠠᠶᠢᠳᠠᠨ ᠨᠡᠭᠡᠭᠡᠨ ᠬᠥᠭᠵᠢᠭᠦᠯᠦᠭᠰᠡᠨ ᠶᠤᠮ᠂ ᠰᠢᠰᠲ᠋ᠧᠮ ᠢ 2019 ᠣᠨ ᠳᠤ ᠲᠤᠷᠰᠢᠨ ᠠᠵᠢᠯᠯᠠᠭᠤᠯᠤᠭᠰᠠᠨ ᠠᠴᠠ ᠨᠠᠭᠠᠰᠢ ᠨᠢᠭᠡᠨᠲᠡ ᠪᠦᠭᠦ ᠰᠢᠶᠠᠨ ᠤ 400 ᠣᠶ ᠰᠢᠭᠤᠢ ᠶᠢᠨ ᠬᠠᠮᠠᠭᠠᠯᠠᠭᠴᠢ ᠶᠢ ᠬᠠᠮᠤᠷᠴᠤ᠂ ᠮᠠᠰᠢ ᠢᠯᠡᠷᠬᠡᠢ ᠦᠷ᠎ᠡ ᠪᠦᠲᠦᠮᠵᠢ ᠣᠯᠵᠤ ᠪᠠᠶᠢᠨ᠎ᠠ᠃            ︽ᠬᠤᠯᠤᠭᠠᠨᠠᠴᠢᠷ ᠢ ᠳᠠᠷᠤᠪᠠᠯ ᠣᠶ ᠰᠢᠭᠤᠢ ᠶᠢᠨ ᠬᠠᠮᠠᠭᠠᠯᠠᠭᠴᠢ ᠶᠢᠨ ᠬᠤᠪᠢ ᠬᠥᠮᠥᠨ ᠤ ᠮᠠᠲ᠋ᠧᠷᠢᠶᠠᠯ᠂ ᠬᠡᠷᠡᠭᠯᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠣᠯᠵᠤ ᠬᠠᠷᠠᠨ᠎ᠠ︾ ᠭᠡᠵᠦ ᠯᠢ ᠰᠢᠶᠠ ᠰᠤᠷᠪᠤᠯᠵᠢᠯᠠᠬᠴᠢ ᠳᠤ ᠬᠡᠯᠡᠨ᠎ᠡ᠃ ᠲᠡᠭᠦᠨ ᠤ ᠬᠡᠯᠡᠬᠦ ᠪᠠᠷ᠂ ︽ᠭᠦᠭᠡᠬᠤᠲᠠ ᠶᠢᠨ ᠴᠠᠭᠳᠠᠨ ᠬᠠᠮᠠᠭᠠᠯᠠᠯᠲᠠ︾ ᠶᠢᠨ ᠰᠢᠰᠲ᠋ᠧᠮ ᠨᠢ ᠣᠶ ᠰᠢᠭᠤᠢ ᠶᠢᠨ ᠬᠠᠮᠠᠭᠠᠯᠠᠭᠴᠢᠳ ᠤᠨ ᠠᠭᠤᠯᠠ ᠲᠠᠯ᠎ᠠ ᠶᠢ ᠴᠠᠭᠳᠠᠭᠰᠠᠨ ᠵᠠᠮ ᠮᠥᠷ ᠢ ᠲᠡᠮᠳᠡᠭᠯᠡᠵᠦ ᠪᠤᠯᠬᠤ ᠪᠠᠷ ᠪᠠᠷᠠᠬᠤ ᠦᠭᠡᠢ ᠪᠠᠰᠠ ᠳᠦᠷᠰᠦ ᠰᠢᠩᠭᠡᠭᠡᠬᠦ᠂ ᠠᠪᠢᠶ᠎ᠠ ᠪᠠᠷ ᠳᠡᠭᠡᠭᠰᠢ ᠮᠡᠳᠡᠭᠦᠯᠬᠦ᠂ ᠡᠭᠦᠷᠭᠡ ᠭᠥᠯᠢᠶᠡᠨ ᠳᠠᠮᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠬᠢᠵᠦ᠂ ᠠᠭᠤᠯᠠ ᠲᠠᠯ᠎ᠠ ᠶᠢ ᠴᠠᠭᠳᠠᠬᠤ ᠠᠵᠢᠯ ᠢ ᠨᠠᠩ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠤᠯᠭᠠᠬᠰᠠᠨ ᠪᠠᠶᠢᠨ᠎ᠠ᠃            ᠣᠶᠢᠷ᠎ᠠ ᠶᠢᠨ ᠵᠢᠯ ᠳᠤ ᠴᠢᠩ ᠱᠦᠢ ᠾᠧ ᠰᠢᠶᠠᠨ︽ᠠᠮᠢ ᠠᠬᠤᠢ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠠᠮᠢ ᠠᠬᠤᠢ ᠶᠢ ᠠᠬᠢᠭᠤᠯᠬᠤ︾ ᠠᠵᠢᠯ ᠤᠨ ᠰᠡᠳᠬᠢᠴᠡ ᠶᠢ ᠪᠠᠷᠢᠮᠲᠠᠯᠠᠨ᠂ ︽ᠠᠮᠢ ᠠᠬᠤᠢ ᠪᠠᠷ ᠰᠢᠶᠠᠨ ᠢᠶᠠᠨ ᠬᠥᠭᠵᠢᠭᠦᠯᠬᠦ᠂ ᠠᠮᠢ ᠠᠬᠤᠢ ᠪᠠᠷ ᠰᠢᠶᠠᠨ ᠢᠶᠠᠨ ᠬᠦᠴᠦᠷᠬᠡᠭᠵᠢᠭᠦᠯᠬᠦ᠂ ᠠᠮᠢ ᠠᠬᠤᠢ ᠪᠠᠷ ᠰᠢᠶᠠᠨ ᠢᠶᠠᠨ ᠮᠠᠨᠳᠤᠭᠤᠯᠬᠤ᠂ ᠠᠮᠢ ᠠᠬᠤᠢ ᠪᠠᠷ ᠠᠷᠠᠳ ᠢ ᠪᠠᠶᠠᠵᠢᠭᠤᠯᠬᠤ︾ ᠶᠡᠷᠦᠩᠬᠡᠢ ᠬᠠᠷᠠᠯᠲᠠ ᠪᠠᠷ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠤᠷᠢᠳ ᠬᠤᠵᠢᠳ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ ᠲᠠᠷᠢᠶᠠᠯᠠᠬᠤ  ᠪᠠᠨ ᠵᠣᠭᠰᠣᠭᠠᠵᠤ ᠡᠪᠡᠰᠦ ᠮᠣᠳᠣ ᠲᠠᠷᠢᠬᠤ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ  ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠢᠲᠡᠭᠦᠮᠵᠢᠯᠡᠨ ᠪᠣᠶᠢᠵᠢᠭᠤᠯᠬᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠤᠢ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ᠂ ᠲᠦᠢᠮᠡᠷ ᠢ ᠰᠡᠷᠭᠡᠶᠢᠯᠡᠬᠦ᠂ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ  ᠪᠠᠷ ᠳᠠᠮᠵᠢᠨ ᠪᠦᠭᠦ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠳᠤ ᠢᠯᠡᠳᠲᠡ ᠦᠷ᠎ᠡ ᠪᠦᠲᠦᠮᠵᠢ ᠣᠯᠪᠠ᠃            ᠴᠢᠩ ᠱᠦᠢ ᠾᠧ ᠰᠢᠶᠠᠨ ᠤ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠡᠮᠦᠨ᠎ᠡ ᠬᠤᠭᠤᠯᠠᠢ ᠣᠶ ᠰᠢᠭᠤᠢ ᠶᠢᠨ ᠲᠠᠯᠠᠪᠠᠶ ᠪᠣᠯ ᠬᠠᠲᠤᠨ ᠭᠤᠣᠯ ᠤᠨ ᠳᠤᠮᠳᠠ ᠳᠡᠭᠡᠳᠦ ᠤᠷᠤᠰᠬᠠᠯ ᠤᠨ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ ᠲᠠᠷᠢᠶᠠᠯᠠᠬᠤ ᠪᠠᠨ ᠵᠣᠭᠰᠣᠭᠠᠵᠤ ᠣᠶ ᠮᠣᠳᠣ ᠲᠠᠷᠢᠬᠤ᠂ ᠪᠠᠶᠢᠭᠠᠯᠢ ᠶᠢᠨ ᠣᠶ ᠶᠢ ᠬᠠᠮᠠᠭᠠᠯᠠᠬᠤ ᠵᠢᠴᠢ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠵᠠᠰᠠᠬᠤ ᠢᠨᠵᠧᠨᠧᠷᠢᠩ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠭᠠᠵᠠᠷ ᠣᠷᠣᠨ ᠤ ᠨᠢᠭᠡ ᠪᠣᠯᠣᠨ᠎ᠠ᠃ ᠣᠷᠳᠣ ᠬᠤᠭᠤᠴᠠᠭᠠᠨ ᠤ ᠲᠤᠷᠰᠢ᠂ ᠴᠢᠩ ᠱᠦᠢ ᠾᠧ ᠰᠢᠶᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠯᠤᠰ ᠲᠥᠷᠥ ᠶᠢᠨ ᠬᠥᠲᠥᠯᠥᠨ ᠳᠠᠭᠠᠭᠤᠯᠬᠤ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠬᠦ᠂ ᠬᠠᠮᠢᠶᠠᠷᠴᠤ ᠬᠠᠮᠠᠭᠠᠯᠠᠬᠤ᠂ ᠬᠢᠨᠠᠨ ᠬᠡᠮᠵᠢᠬᠦ ᠭᠤᠷᠪᠠᠨ ᠶᠡᠭᠡ ᠰᠢᠰᠲ᠋ᠧᠮ ᠢ ᠬᠦᠴᠦᠯᠡᠨ ᠪᠠᠶᠢᠭᠤᠯᠵᠤ᠂ ︽ᠣᠶ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠠᠬᠢᠭᠤᠯᠵᠤ᠂ ︽ᠣᠶ ᠰᠢᠭᠤᠢ ᠶᠢᠨ ᠬᠠᠮᠠᠭᠠᠯᠠᠭᠴᠢ︾ ᠶᠢᠨ ᠠᠵᠢᠯᠯᠠᠭ᠎ᠠ ᠶᠢᠨ ᠨᠠᠮ  ᠤᠨ ᠡᠭᠦᠷ ᠢ ᠵᠣᠬᠢᠶᠠᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠨᠣᠭᠤᠭᠠᠷᠠᠭᠤᠯᠤᠯᠲᠠ ᠶᠢ ᠬᠠᠮᠢᠶᠠᠷᠬᠤ ᠨᠣᠭᠤᠭᠠᠷᠠᠭᠤᠯᠤᠯᠲᠠ ᠶᠢ ᠬᠠᠮᠠᠭᠠᠯᠠᠬᠤ ᠡᠯ᠎ᠡ ᠵᠦᠢᠯ ᠤᠨ ᠠᠵᠢᠯᠯᠠᠭ᠎ᠠ ᠳᠤ ᠠᠭᠤᠰᠬᠠᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠳᠣᠪᠤᠶᠢᠯᠭᠠᠵᠤ᠂ ᠮᠣᠳᠣ ᠳᠠᠷᠢᠵᠤ ᠣᠶᠢᠵᠢᠭᠤᠯᠬᠤ ᠶᠢ ᠲᠠᠰᠤᠷᠠᠯᠳᠠ ᠦᠭᠡᠢ ᠴᠢᠩᠭᠠᠳᠬᠠᠪᠠ᠃ ᠥᠨᠥ ᠣᠶ ᠰᠢᠭᠤᠢ ᠶᠢᠨ ᠲᠠᠯᠠᠪᠠᠶ ᠶᠢᠨ ᠶᠡᠷᠦᠩᠬᠡᠢ ᠡᠵᠡᠩᠨᠡᠯᠲᠡ ᠶᠢᠨ ᠲᠠᠯᠠᠪᠠᠶ ᠨᠢ 4132 ᠾᠧᠺᠲ᠋ᠠᠷ ᠲᠤ ᠬᠦᠷᠴᠦ᠂︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠢᠨᠵᠧᠨᠧᠷᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠭᠰᠡᠨ ᠦᠢᠯᠡᠳᠦᠯᠭᠡ ᠶᠢᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠢᠯᠡᠷᠡᠭᠦᠯᠪᠡ᠃ ᠤᠳᠤ ᠡᠮᠦᠨ᠎ᠡ ᠬᠤᠭᠤᠯᠠᠢ ᠤᠢ ᠰᠢᠭᠤᠢ ᠶᠢᠨ ᠲᠠᠯᠠᠪᠠᠢ ᠶᠢᠨ ᠬᠢᠯᠢ ᠳᠣᠲᠣᠷ᠎ᠠ ᠤᠢ ᠮᠣᠳᠣ ᠡᠪᠡᠰᠦ ᠪᠡᠯᠴᠢᠭᠡᠷ ᠢᠭᠴᠤ ᠰᠠᠬᠤᠯᠢᠭ ᠤᠷᠭᠤᠵᠤ ᠨᠣᠮᠢᠨ ᠳᠣᠯᠭᠢᠶᠠᠨ ᠬᠠᠶᠠᠯᠠᠨ᠂ ᠥᠩᠭᠡᠷᠡᠭᠰᠡᠨ ᠤ ᠨᠡᠯᠦᠶᠢᠭᠰᠡᠨ ᠡᠯᠡᠰᠦ ᠮᠠᠩᠬ᠎ᠠ ᠪᠤᠴᠠᠯᠲᠠ ᠦᠭᠡᠢ ᠠᠷᠢᠯᠪᠠ᠃            ᠮᠠᠲ᠋ᠧᠷᠢᠶᠠᠯ ᠢ ᠦᠨᠳᠦᠰᠦᠯᠡᠪᠡᠯ᠂︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠪᠤᠯᠲᠠᠯ᠎ᠠ ᠴᠢᠩ ᠱᠦᠢ ᠾᠧ ᠰᠢᠶᠠᠨ ᠤ ᠡᠯ᠎ᠡ ᠲᠥᠷᠥᠯ ᠤᠨ ᠣᠶ ᠮᠣᠳᠣᠨ ᠤ ᠲᠠᠯᠠᠪᠠᠶ 131.1 ᠲᠦᠮᠡᠨ ᠮᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 31% ᠳᠤ ᠬᠦᠷᠴᠦ᠂ ᠡᠪᠡᠰᠦᠲᠦ ᠭᠠᠵᠠᠷ ᠤᠨ ᠲᠠᠯᠠᠪᠠᠶ 166.7 ᠲᠦᠮᠡᠨ ᠮᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 40.1% ᠳᠤ ᠬᠦᠷᠴᠦ᠂ ᠠᠮᠢ ᠠᠬᠤᠢ ᠪᠠ ᠠᠵᠤ ᠠᠬᠤᠢ ᠶᠢᠨ ᠬᠤᠣᠰ ᠬᠡᠷᠡᠭᠴᠡᠭᠡᠲᠦ ᠣᠶ ᠶᠢ 88 ᠲᠦᠮᠡᠨ ᠮᠦ ᠣᠶᠢᠵᠢᠭᠤᠯᠪᠠ᠃ ᠡᠭᠦᠨ ᠤ ᠬᠠᠮᠲᠤ ᠤᠯᠤᠰ ᠤᠨ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ ᠢ ᠲᠣᠰ ᠪᠦᠷᠢ 1 ᠪᠠᠶᠢᠭᠤᠯᠪᠠ᠃ ᠲᠣᠰ ᠰᠢᠶᠠᠨ ᠤᠷᠢᠳ ᠬᠤᠵᠢᠳ ︽ᠪᠦᠭᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠰᠢᠶᠠᠨ︾᠂ ︽ᠪᠦᠭᠦ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠨᠡᠶᠢᠲᠡ︾᠂ ︽ᠪᠦᠭᠦ ᠤᠯᠤᠰ ᠤᠨ ᠣᠶ ᠰᠢᠭᠤᠢ ᠶᠢᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ︾᠂ ︽ᠪᠦᠭᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ︾ ᠵᠡᠷᠭᠡ ᠠᠯᠢ ᠣᠯᠠᠨ ᠢᠷᠠᠭᠤ ᠠᠯᠳᠠᠷ ᠢ ᠭᠥᠷᠳᠡᠭᠰᠡᠨ ᠪᠢᠯᠡ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号