﹇ᠴᠥᠯᠵᠢᠯᠲᠡ ᠶᠢᠨ ᠵᠠᠰᠠᠯᠲᠠ﹈ ᠮᠠ ᠶᠦᠨ ᠫᠢᠩ᠄ ᠡᠨᠡ ᠬᠡᠰᠡᠭ ᠤᠢ ᠪᠠᠨ ᠪᠢ ᠦᠷ᠎ᠡ ᠬᠡᠦᠬᠡᠳ  ᠢᠶᠠᠨ ᠰᠢᠭ ᠬᠠᠶᠢᠷᠠᠯᠠᠳᠠᠭ
ᠨᠡᠶᠢᠲᠡᠯᠡᠭᠰᠡᠨ ᠴᠠᠭ᠄
2024/5/15
                  ᠵᠠᠩ ᠯᠤ᠋       ᠨᠠᠮᠤᠷ ᠤᠨ ᠡᠬᠢᠨ ᠤ ᠰᠢᠯᠢ ᠶᠢᠨ ᠭᠤᠣᠯ ᠠᠶᠢᠮᠠᠭ ᠤᠨ ᠳᠤᠯᠤᠨ ᠨᠤᠤᠷ ᠰᠢᠶᠠᠨ ᠤ ᠳᠤᠯᠤᠨ ᠨᠤᠤᠷ ᠪᠠᠯᠭᠠᠰᠤᠨ ᠤ ᠰᠢᠨ ᠮᠢᠨ ᠲᠣᠰᠬᠤᠨ ᠳᠤ ᠠᠭᠤᠯᠠ ᠲᠣᠯᠣᠭᠠᠳ ᠬᠥᠬᠡᠷᠡᠨ ᠤᠢ ᠰᠢᠭᠤᠢ ᠢᠭᠴᠤᠷᠠᠨ ᠬᠠᠷᠠᠭᠳᠠᠨ᠎ᠠ᠃ ᠬᠠᠶᠢᠯᠠᠷ ᠨᠠᠷᠠᠰᠤ᠂ ᠰᠢᠷ᠎ᠠ ᠪᠤᠷᠭᠠᠰᠤ᠂ ᠬᠡᠭᠡᠷ᠎ᠡ ᠶᠢᠨ ᠭᠦᠢᠯᠡᠰᠦ ᠵᠡᠷᠭᠡ 40 ᠭᠠᠷᠤᠢ ᠲᠦᠮᠡᠨ ᠰᠠᠭᠤᠷᠢ ᠮᠣᠳᠣ ᠪᠠᠷ ᠪᠦᠷᠢᠯᠳᠦᠭᠰᠡᠨ 3700 ᠮᠦ ᠨᠣᠮᠢᠨ ᠲᠠᠯᠠᠢ ᠨᠢ ᠠᠭᠯᠠᠭ ᠠᠭᠤᠯᠠ ᠶᠢ ᠨᠣᠭᠤᠭᠠᠨ ᠪᠦᠷᠢᠳᠦ ᠪᠣᠯᠭᠠᠨ ᠬᠤᠪᠢᠷᠠᠭᠤᠯᠵᠤ ᠡᠯᠡᠰᠦ ᠶᠢ ᠵᠠᠰᠠᠭᠰᠠᠨ ᠭᠠᠶᠢᠬᠠᠮᠰᠢᠭ ᠢ ᠪᠢᠴᠢᠭᠯᠡᠭᠰᠡᠨ ᠪᠠᠶᠢᠨ᠎ᠠ᠃             ᠲᠤᠯᠤᠨ ᠨᠤᠤᠷ ᠰᠢᠶᠠᠨ ᠪᠣᠯ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠳᠤ ᠪᠠᠶᠢᠷᠢᠯᠠᠵᠤ᠂ ᠥᠪᠥᠷ ᠮᠣᠩᠭᠤᠯ ᠤᠨ ᠪᠡᠭᠡᠵᠢᠩ ᠠᠴᠠ ᠬᠠᠮᠤᠭ ᠤᠨ ᠣᠶᠢᠷ᠎ᠠ ᠬᠤᠰᠢᠭᠤ ᠰᠢᠶᠠᠨ ᠪᠣᠯᠣᠨ᠎ᠠ᠂ 2000 ᠣᠨ ᠤ ᠳᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ ᠬᠡᠮᠵᠢᠯᠲᠡ ᠠᠴᠠ ᠦᠵᠡᠪᠡᠯ᠂ ᠪᠦᠭᠦ ᠰᠢᠶᠠᠨ ᠤ ᠰᠠᠯᠬᠢᠨ  ᠳᠤ ᠢᠳᠡᠭᠳᠡᠭᠰᠡᠨ᠂ ᠤᠷᠤᠰᠬᠠᠯ ᠤᠰᠤᠨ ᠳᠤ ᠢᠳᠡᠭᠳᠡᠭᠰᠡᠨ᠂ ᠡᠯᠡᠰᠦᠷᠬᠡᠭᠵᠢᠭᠰᠡᠨ ᠲᠠᠯᠠᠪᠠᠢ 3365 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 87% ᠶᠢ ᠡᠵᠡᠯᠡᠨ᠂ ᠡᠭᠦᠨ ᠳᠤ ᠬᠦᠨᠳᠦ ᠨᠣᠴᠢᠲᠠᠢ ᠡᠯᠡᠰᠦᠷᠬᠡᠭᠵᠢᠭᠰᠡᠨ ᠲᠠᠯᠠᠪᠠᠢ 1400 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 36% ᠶᠢ ᠡᠵᠡᠯᠡᠨ᠂ ᠵᠡᠭᠦᠨᠰᠢ ᠪᠠᠷᠠᠭᠤᠨᠰᠢ ᠴᠢᠭᠯᠡᠯ ᠲᠠᠢⅠ᠂ Ⅱ᠂ Ⅲ ᠨᠣᠮᠧᠷᠲᠤ ᠭᠤᠷᠪᠠᠨ ᠶᠡᠭᠡ ᠡᠯᠡᠰᠦᠨ ᠪᠦᠰᠡ ᠪᠦᠭᠦ ᠰᠢᠶᠠᠨ ᠢᠶᠠᠷ ᠲᠠᠷᠬᠠᠵᠤ ᠪᠤᠢ᠃ ᠮᠠ ᠶᠦᠨ ᠫᠢᠩ ᠪᠣᠯ ᠲᠤᠯᠤᠨ ᠨᠤᠤᠷ ᠪᠠᠯᠭᠠᠰᠤᠨ ᠤ ᠰᠢᠨ ᠮᠢᠨ ᠲᠣᠰᠬᠤᠨ ᠤ ᠲᠠᠷᠢᠶᠠᠴᠢᠨ᠂ ᠲᠡᠳᠡᠨ ᠤ ᠭᠡᠷ ᠨᠢ ᠶᠠᠭⅠᠨᠣᠮᠧᠷᠲᠤ ᠡᠯᠡᠰᠦᠨ ᠪᠦᠰᠡ ᠶᠢᠨ ᠥᠷᠥᠴᠡᠨ ᠳᠤ ᠪᠠᠶᠢᠷᠢᠯᠠᠳᠠᠭ᠃            ︽ᠡᠯᠡᠰᠦᠨ ᠰᠢᠭᠤᠷᠭ᠎ᠠ ᠳᠡᠭᠳᠡᠬᠦ ᠪᠦᠷᠢ ᠲᠡᠭᠷᠢ ᠭᠠᠵᠠᠷ ᠢ ᠪᠦᠷᠬᠦᠭᠰᠡᠨ ᠡᠯᠡᠰᠦ ᠰᠢᠷᠣᠢ ᠭᠡᠷ ᠲᠤ ᠦᠯᠢᠶᠡᠭᠳᠡᠨ ᠣᠷᠣᠵᠤ ᠢᠷᠡᠭᠡᠳ ᠡᠯᠡᠰᠦ ᠰᠢᠷᠣᠢ ᠬᠥᠮᠥᠨ ᠤ ᠬᠢᠷᠢᠲᠡᠢ ᠣᠪᠣᠭᠠᠷᠠᠴᠢᠬᠠᠳᠠᠭ ᠢ ᠪᠢ ᠪᠠᠭ᠎ᠠ ᠠᠴᠠ ᠪᠠᠨ ᠬᠠᠷᠠᠵᠤ ᠪᠠᠶᠢᠭᠰᠠᠨ ᠪᠣᠯᠬᠤᠷ ᠶᠡᠭᠡ ᠠᠶᠤᠵᠤ ᠡᠮᠢᠶᠡᠳᠡᠭ ᠪᠠᠶᠢᠭᠰᠠᠨ︾ ᠭᠡᠵᠦ ᠮᠠ ᠶᠦᠨ ᠫᠢᠩ ᠡᠷᠭᠢᠴᠡᠭᠦᠯᠦᠨ ᠶᠠᠷᠢᠵᠤ᠂ ᠮᠥᠨ ᠴᠤ ᠲᠡᠷᠡ ᠦᠶ᠎ᠡ ᠠᠴᠠ ᠡᠬᠢᠯᠡᠨ᠂ ︽ᠨᠣᠮᠢᠨ ᠨᠣᠭᠤᠭᠠᠨ︾ ᠬᠦᠰᠡᠯ ᠵᠡᠭᠦᠳᠦ ᠲᠡᠭᠦᠨ ᠤ ᠰᠡᠳᠬᠢᠯ ᠳᠤ ᠭᠦᠨ ᠦᠨᠳᠦᠰᠦᠯᠡᠪᠡ᠃            ︽2000 ᠣᠨ ᠳᠤ ᠤᠯᠤᠰ ᠠᠴᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ ᠰᠢᠶᠠᠨ ᠤ ᠬᠢᠨ ᠴᠤ ᠡᠭᠦᠨ ᠤ ᠳᠠᠭᠠᠤ ᠳᠤ ᠲᠠᠪᠤᠨ ᠡᠯᠡᠰᠦᠷᠬᠡᠭᠵᠢᠭᠰᠡᠨ ᠭᠠᠵᠠᠷ ᠢ ᠳᠠᠭᠠᠭᠠᠴᠢᠯᠠᠭᠤᠯᠬᠤ ᠪᠠᠷ ᠤᠷᠢᠶᠠᠯᠠᠪᠠ᠂ ᠭᠡᠪᠡᠴᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠲᠠᠷᠠᠭ᠎ᠠ ᠳᠠᠭᠠᠭᠠᠴᠢᠯᠠᠬᠤ ᠳᠤᠷᠠᠲᠠᠢ ᠬᠥᠮᠥᠨ ᠨᠢᠭᠡ ᠴᠤ ᠪᠠᠶᠢᠭᠰᠠᠨ ᠦᠭᠡᠢ᠃ ᠬᠠᠷᠠᠬᠠᠨ ᠪᠠᠭ᠎ᠠ ᠠᠴᠠ ᠪᠠᠨ ᠥᠰᠴᠦ ᠲᠦᠷᠦᠭᠰᠡᠨ ᠭᠡᠷ ᠣᠷᠣᠨ ᠢᠶᠠᠨ ᠡᠯᠡᠰᠦᠨ ᠳᠤ ᠰᠦᠢᠳᠬᠡᠭᠳᠡᠬᠦ ᠶᠢ ᠪᠢ ᠬᠠᠷᠠᠵᠤ ᠪᠠᠶᠢᠭᠠᠳ ᠬᠠᠶᠠᠭᠠᠨ ᠳᠤᠨᠢ ᠬᠠᠶᠠᠵᠤ ᠪᠤᠯᠬᠤ ᠦᠭᠡᠢ ᠲᠤᠯᠠ ᠡᠬᠡᠨᠡᠷ ᠲᠠᠢ ᠪᠠᠨ ᠤᠯᠠᠨ ᠤᠳᠠᠭ᠎ᠠ ᠵᠥᠪᠳᠡᠭᠰᠡᠨ ᠤ ᠲᠠᠷᠠᠭ᠎ᠠ᠂ 3700 ᠮᠦ ᠶᠢᠨ ︿ᠡᠯᠡᠰᠦᠷᠬᠡᠭᠵᠢᠭᠰᠡᠨ ᠠᠲᠠᠷ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ﹀ ᠳᠤ ᠡᠷᠡᠰ ᠰᠢᠭᠤᠷᠬᠠᠢ ᠪᠠᠷ ᠭᠠᠷ ᠤᠨ ᠦᠰᠦᠭ ᠵᠢᠷᠤᠪᠠ︾ ᠭᠡᠵᠦ ᠮᠠ ᠶᠦᠨ ᠫᠢᠩ ᠶᠠᠷᠢᠨ᠎ᠠ᠃            ᠨᠡᠯᠦᠶᠢᠨ ᠴᠠᠶᠢᠷᠠᠭᠰᠠᠨ ᠬᠤᠪᠠᠭ᠋ᠠᠢ ᠡᠯᠡᠰᠦᠨ ᠳᠤ᠂ ᠣᠷᠣᠰᠢᠯ ᠲᠣᠭᠲᠠᠨᠢᠯ ᠤᠨ ᠨᠣᠮᠢᠨ ᠨᠣᠭᠤᠭᠠᠨ ᠣᠷᠣᠨ ᠵᠠᠢ  ᠶᠢ ᠡᠷᠢᠯᠬᠢᠯᠡᠬᠦ ᠪᠣᠯ ᠨᠢᠭᠡ ᠵᠦᠢᠯ ᠤᠨ ᠬᠠᠲᠠᠭᠤ ᠪᠡᠷᠬᠡ ᠲᠡᠮᠡᠴᠡᠯ ᠮᠥᠨ᠃ 2000 ᠣᠨ ᠤ ᠬᠠᠪᠤᠷ᠂ ᠮᠠ ᠶᠦᠨ ᠫᠢᠩ ᠡᠯᠡᠰᠦ ᠰᠢᠷᠣᠢ ᠲᠠᠢ ᠵᠢᠩᠬᠢᠨᠢ ᠪᠠᠷ ︽ᠲᠠᠶᠢᠨ ᠵᠠᠷᠯᠠᠵᠤ︾ ᠡᠬᠢᠯᠡᠪᠡ᠂ ᠲᠡᠷᠡ ᠡᠬᠡᠨᠡᠷ ᠲᠠᠢ ᠪᠠᠨ ᠬᠤᠶᠠᠭᠤᠯᠠ ᠡᠯᠡᠰᠦᠨ ᠳᠤ ᠨᠢᠭᠡᠨ ᠳᠥᠭᠦᠮᠬᠡᠨ ᠫᠧᠩ ᠪᠠᠷᠢᠵᠤ᠂ ᠡᠯᠡᠰᠦᠨ ᠳᠤᠮᠳᠠ ᠢᠳᠡᠵᠦ ᠬᠤᠨᠣᠵᠤ᠂ ᠶᠠᠭ ᠯᠡ ᠵᠠᠷᠯᠢᠭ ᠭᠦᠢᠴᠡᠳᠬᠡᠵᠦ ᠪᠤᠢ ᠪᠠᠶᠢᠯᠳᠤᠭᠴᠢ ᠰᠢᠭ᠋ ᠡᠯᠡᠰᠦ ᠶᠢ ᠰᠠᠬᠢᠨ᠂ ᠡᠯᠡᠰᠦ ᠶᠢ ᠵᠠᠰᠠᠬᠤ ᠵᠠᠮ ᠢᠶᠠᠨ ᠡᠬᠢᠯᠡᠭᠦᠯᠦᠭᠰᠡᠨ ᠪᠠᠶᠢᠨ᠎ᠠ᠃            ᠬᠤᠪᠠᠭ᠋ᠠᠢ ᠡᠯᠡᠰᠦ ᠶᠢ ᠵᠠᠰᠠᠨ᠎ᠠ ᠭᠡᠳᠡᠭ ᠠᠮᠠᠷ ᠦᠭᠡᠢ ᠳᠠᠪᠠᠭ᠎ᠠ︕ ᠪᠡᠷᠬᠡ ᠬᠠᠲᠠᠭᠤ ᠣᠷᠴᠢᠨ ᠠᠴᠠ ᠨᠡᠩ ᠬᠡᠴᠡᠭᠦᠦ ᠨᠢ ᠡᠮᠦᠨᠡᠬᠢ ᠬᠤᠭᠤᠴᠠᠭᠠᠨ ᠤ ᠡᠯᠡᠰᠦ ᠵᠠᠰᠠᠬᠤ ᠠᠶᠠᠨ ᠳᠤ ᠲᠤᠷᠰᠢᠯᠭ᠎ᠠ ᠬᠤᠮᠰᠠ ᠠᠴᠠ ᠪᠣᠯᠵᠤ᠂ ᠣᠯᠠᠨᠲᠠ ᠨᠤᠭᠤᠷᠠᠯ ᠪᠦᠳᠦᠷᠢᠯ ᠳᠤ ᠤᠴᠠᠷᠠᠭᠰᠠᠨ ᠶᠠᠪᠤᠳᠠᠯ ᠪᠤᠯᠬᠤ ᠶᠤᠮ᠃ ᠲᠠᠳᠠ ᠰᠢᠷ᠎ᠠ ᠪᠤᠷᠭᠠᠰᠤ᠂ ᠤᠯᠢᠶᠠᠰᠤᠨ ᠤ ᠮᠥᠴᠢᠷ ᠪᠠ ᠲᠠᠷᠢᠮᠠᠯ ᠤᠨ ᠡᠰᠢ ᠰᠦᠷᠡᠯ ᠢᠶᠠᠷ ᠨᠢᠭᠡᠨ ᠲᠣᠬᠤᠢ ᠬᠢᠷᠢᠲᠡᠢ ᠰᠢᠳᠠᠮ ᠵᠣᠬᠢᠶᠠᠨ᠂ ᠨᠡᠭᠦᠳᠡᠯ ᠡᠯᠡᠰᠦᠨ ᠳᠡᠭᠡᠷ᠎ᠡ ᠰᠠᠷᠠᠯᠵᠢᠨ ᠬᠠᠯᠬᠠᠪᠴᠢ ᠬᠠᠳᠬᠤᠭᠠᠳ ᠰᠠᠷᠠᠯᠵᠢᠨ ᠳᠣᠲᠣᠷ᠎ᠠ ᠨᠢ ᠡᠪᠡᠰᠦᠨ ᠦᠷ᠎ᠡ ᠳᠠᠷᠢᠵᠤ᠂ ᠳᠠᠷᠠᠭ᠎ᠠ ᠨᠢ ᠡᠯᠡᠰᠦᠨ ᠳᠡᠭᠡᠷ᠎ᠡ ᠨᠢᠮᠪᠡᠭᠡ᠂ ᠰᠢᠷ᠎ᠠ ᠪᠤᠷᠭᠠᠰᠤ ᠵᠡᠷᠭᠡ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠳᠠᠭ ᠤᠷᠭᠤᠮᠠᠯ ᠳᠠᠷᠢᠳᠠᠭ᠃ ᠭᠡᠪᠡᠴᠦ ᠰᠠᠯᠬᠢ ᠰᠢᠭᠤᠷᠭ᠎ᠠ ᠶᠡᠬᠡᠲᠡᠢ ᠠᠴᠠ ᠪᠣᠯᠵᠤ᠂ ᠬᠠᠪᠤᠷ ᠳᠠᠷᠢᠭᠰᠠᠨ ᠡᠯᠡᠰᠦᠨ ᠬᠠᠯᠬᠠᠪᠴᠢ ᠪᠠᠷᠤᠭ ᠪᠦᠭᠦᠨ ᠢᠶᠠᠷ ᠢᠶᠠᠨ ᠪᠤᠯᠠᠬᠳᠠᠬᠰᠠᠨ ᠪᠤᠯᠪᠠᠴᠤ ᠲᠡᠳᠡ ᠶᠡᠷᠦ ᠵᠣᠷᠢᠭ ᠮᠣᠬᠤᠭᠰᠠᠨ ᠦᠭᠡᠢ᠂ ᠪᠤᠯᠠᠬᠳᠠᠪᠠᠯ ᠳᠠᠷᠢᠵᠤ᠂ ᠳᠠᠷᠢᠪᠠᠯ ᠪᠤᠯᠠᠬᠳᠠᠨ᠎ᠠ᠂ ᠪᠤᠯᠠᠬᠳᠠᠪᠠᠯ ᠲᠠᠭᠢᠭᠠᠳ ᠯᠡ ᠳᠠᠷᠢᠵᠤ᠂ ᠳᠠᠭᠢᠨ ᠳᠤᠯᠤᠭ᠎ᠠ ᠳᠠᠪᠲᠠᠳᠠᠭ᠃ ᠵᠣᠷᠢᠭ ᠪᠠᠶᠢᠪᠠᠯ ᠵᠣᠷᠢᠭᠰᠠᠨ ᠳᠠᠭᠠᠨ ᠭᠡᠳᠡᠭᠴᠢᠯᠡᠨ ᠮᠠ ᠶᠦᠨ ᠫᠢᠩ ᠡᠷᠲᠡᠯᠡᠵᠦ ᠣᠷᠣᠶᠢᠯᠠᠬᠤ ︽ᠰᠢᠷᠦᠭᠦᠨ ᠪᠠᠶᠢᠯᠳᠤᠭᠠᠨ︾ ᠤ ᠳᠤᠮᠳᠠ᠂ ᠠᠩᠬᠠᠨ ᠤ ᠡᠯᠡᠰᠦᠨ ᠲᠤᠪᠤ ᠶᠢ ᠡᠴᠦᠰ ᠲᠡᠭᠡᠨ ᠵᠠᠰᠠᠵᠤ ᠳᠠᠭᠤᠰᠬᠠᠵᠠᠢ᠃            ᠮᠠ ᠶᠦᠨ ᠫᠢᠩ ᠨᠡᠭᠦᠵᠦ ᠪᠠᠶᠢᠭᠰᠠᠨ ᠡᠯᠡᠰᠦᠷᠬᠡᠭ ᠭᠠᠵᠠᠷ ᠨᠢ ᠲᠣᠭᠲᠠᠪᠤᠷᠢᠵᠢᠭᠰᠠᠨ ᠢ ᠦᠵᠡᠭᠡᠳ᠂ ᠡᠯᠡᠰᠦᠷᠬᠡᠭ ᠭᠠᠵᠠᠷ ᠲᠤ ᠮᠣᠳᠣ ᠲᠠᠷᠢᠵᠤ ᠣᠶᠢᠵᠢᠭᠤᠯᠵᠤ ᠡᠬᠢᠯᠡᠪᠡ᠃ ᠵᠢᠯ ᠪᠦᠷᠢ ᠶᠢᠨ ᠬᠠᠪᠤᠷ ᠤᠨ ᠤᠯᠠᠷᠢᠯ ᠳᠤ ᠪᠦᠷ ᠬᠡᠳᠦᠨ ᠤᠳᠠᠭᠠᠨ ᠤ ᠡᠯᠡᠰᠦᠨ ᠰᠢᠭᠤᠷᠭ᠎ᠠ ᠳᠡᠭᠳᠡᠳᠡᠭ᠂ ᠲᠡᠷᠡ ᠰᠠᠯᠬᠢ ᠨᠠᠮᠳᠠᠬᠤ ᠦᠶ᠎ᠡ ᠳᠤ ᠴᠠᠭ ᠢ ᠠᠮᠵᠢᠨ ᠲᠠᠷᠢᠵᠦ᠂ ᠶᠠᠳᠠᠷᠠᠭᠠᠳ ᠨᠢᠷᠤᠭᠤ ᠪᠠᠨ ᠵᠢᠭᠢᠯᠭᠡᠵᠦ ᠳᠡᠶᠢᠯᠭᠦ ᠦᠭᠡᠢ ᠪᠣᠯᠪᠠᠯ ᠵᠢᠭᠠᠬᠠᠨ ᠰᠠᠭᠤᠵᠤ ᠠᠮᠠᠷᠠᠴᠢᠬᠠᠭᠠᠳ ᠦᠷᠭᠦᠯᠵᠢᠯᠡᠨ ᠲᠠᠷᠢᠳᠠᠭ ᠪᠠᠶᠢᠨ᠎ᠠ; ᠵᠤᠨ ᠤ ᠤᠯᠠᠷᠢᠯ ᠪᠣᠯ ᠮᠣᠳᠣᠨ ᠳᠤ ᠤᠰᠤ ᠨᠥᠬᠦᠬᠦ ᠤᠯᠠᠷᠢᠯ ᠪᠣᠯᠣᠨ᠎ᠠ᠂ ᠮᠣᠷᠢᠨ ᠲᠡᠷᠭᠡ ᠪᠠᠷ 2 ᠺᠢᠯᠣᠮᠧᠲᠷ ᠤᠨ ᠵᠠᠶᠢᠲᠠᠢ ᠪᠠᠶᠢᠭ᠎ᠠ ᠭᠡᠷ ᠠᠴᠠ ᠪᠠᠨ ᠤᠰᠤ ᠲᠠᠲᠠᠵᠤ ᠪᠠᠶᠢᠭᠰᠠᠨ ᠠᠴᠠ ᠪᠠᠨ ᠲᠦᠷᠪᠡᠨ ᠬᠦᠷᠳᠦᠲᠦ ᠲᠡᠷᠭᠡ ᠪᠠᠷ ᠤᠰᠤ ᠲᠠᠲᠠᠬᠤ ᠪᠣᠯᠪᠠ᠂ ᠲᠡᠷᠡ ᠤᠳᠠᠭ᠎ᠠ ᠳᠠᠷᠠᠭᠠᠯᠠᠨ ᠤᠰᠤ ᠲᠠᠲᠠᠵᠤ ᠵᠤᠯᠵᠠᠭ᠎ᠠ ᠮᠣᠳᠣ ᠪᠣᠯᠭᠠᠨ ᠢ ᠤᠰᠤᠯᠠᠬᠤ ᠳᠠᠭᠠᠨ ᠪᠠᠶᠠᠷᠯᠠᠬᠤ ᠶᠢᠨ ᠶᠡᠭᠡ ᠪᠠᠷ ᠪᠠᠶᠠᠷᠯᠠᠳᠠᠭ; ᠨᠠᠮᠤᠷ ᠡᠪᠦᠯ ᠤᠨ ᠴᠠᠭ ᠢᠶᠠᠷ᠂ ᠮᠠ ᠶᠦᠨ ᠫᠢᠩ ᠬᠠᠮᠢᠶᠠᠷᠴᠤ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠮᠣᠳᠣᠨ ᠤ ᠰᠠᠯᠠᠭ᠎ᠠ ᠨᠠᠮᠠᠭ᠎ᠠ ᠶᠢ ᠵᠠᠰᠠᠨ᠂ ᠡᠳᠦᠷ ᠪᠦᠷᠢ ᠬᠦᠷᠵᠡ ᠪᠠᠨ ᠡᠭᠦᠷᠴᠦ ᠭᠠᠵᠠᠷ ᠪᠣᠯᠭᠠᠨ ᠢᠶᠠᠷ ᠲᠣᠭᠤᠷᠢᠨ ᠪᠠᠶᠢᠴᠠᠭᠠᠵᠤ᠂ ᠶᠠᠭ ᠯᠡ ᠥᠪᠡᠷ ᠤᠨ ᠦᠷ᠎ᠡ ᠬᠡᠦᠬᠡᠳ ᠢᠶᠠᠨ ᠬᠠᠶᠢᠷᠠᠯᠠᠨ ᠬᠠᠮᠠᠭᠠᠯᠠᠳᠠᠭ ᠰᠢᠭ᠋ ᠨᠠᠷᠢᠨ ᠬᠢᠨᠠᠮᠠᠭᠠᠢ ᠬᠠᠨᠳᠤᠳᠠᠭ᠃            ᠵᠢᠯ ᠪᠦᠷᠢ᠂ ᠡᠳᠦᠷ ᠪᠣᠯᠭᠠᠨ ᠠᠵᠢᠯᠯᠠᠬᠤ ᠶᠠᠪᠤᠴᠠ ᠳᠤ᠂ ᠥᠩᠭᠡᠷᠡᠭᠰᠡᠨ ᠤ ︽ᠲᠡᠭᠷᠢ ᠭᠠᠵᠠᠷ ᠢ ᠨᠡᠶᠢᠯᠡᠭᠦᠯᠦᠮᠡᠷ ᠡᠯᠡᠰᠦ ᠰᠢᠷᠣᠢ︾ ᠲᠠᠢ ᠪᠠᠶᠢᠭᠰᠠᠨ ᠪᠠᠶᠢᠳᠠᠯ ᠡᠴᠦᠰᠯᠡᠵᠦ᠂ ᠡᠯᠡᠰᠦᠨ ᠴᠥᠯ ᠳᠤ ᠣᠶ ᠰᠢᠭᠤᠢ ᠬᠥᠬᠡᠷᠡᠨ ᠨᠣᠭᠤᠭᠠᠷᠠᠵᠤ᠂ ᠲᠡᠭᠦᠨ ᠢ ᠤᠯᠠᠮ ᠵᠣᠷᠢᠭᠵᠢᠭᠤᠯᠵᠠᠢ᠃            ︽ᠡᠳᠡᠭᠡᠷ ᠵᠢᠯ ᠤᠳ ᠲᠤ ᠡᠬᠡᠨᠡᠷ ᠪᠢᠳᠡ ᠬᠤᠶᠠᠭᠤᠯᠠ ᠬᠥᠷᠥᠩᠭᠡ ᠪᠠᠨ ᠬᠥᠨᠲᠥᠷᠦᠭᠰᠡᠨ ᠪᠥᠭᠡᠳ ᠪᠠᠰᠠ ᠭᠠᠵᠠᠷ ᠪᠣᠯᠭᠠᠨ ᠠᠴᠠ ᠵᠣᠭᠤᠰ ᠵᠢᠭᠡᠯᠡᠵᠦ ᠪᠠᠶᠢᠭᠠᠳ ᠲᠠᠷᠢᠶ᠎ᠠ ᠲᠠᠷᠢᠵᠤ᠂ ᠬᠠᠯᠠ ᠵᠣᠪᠠᠯᠠᠩ ᠢ ᠬᠠᠰᠢᠷᠠᠲᠠᠯ᠎ᠠ ᠠᠮᠰᠠᠭᠰᠠᠨ ᠪᠤᠯᠪᠠᠴᠤ ᠡᠯᠡᠰᠦ ᠶᠢ ᠵᠠᠰᠠᠬᠤ ᠪᠠᠨ ᠪᠠᠷᠢᠮᠲᠠᠯᠠᠭᠰᠠᠭᠠᠷ ᠢᠷᠡᠵᠡᠢ᠃ ᠲᠤᠬᠠᠢ ᠶᠢᠨ ᠦᠶ᠎ᠡ ᠳᠤ ᠪᠢ ᠭᠡᠷ᠎ᠡ ᠳᠤ ᠭᠠᠷ ᠤᠨ ᠦᠰᠦᠭ ᠵᠢᠷᠤᠭᠰᠠᠨ ᠨᠢ ᠳᠠᠷᠤᠢ ᠬᠠᠷᠢᠭᠤᠴᠠᠯᠭ᠎ᠠ ᠮᠥᠨ᠂ ᠪᠢ ᠨᠠᠰᠤ ᠪᠠᠷ ᠢᠶᠠᠨ ᠪᠠᠲᠤ ᠰᠠᠬᠢᠵᠤ ᠂ ᠬᠡᠳᠦᠢ ᠬᠦᠴᠢᠷᠲᠡᠢ ᠬᠡᠳᠦᠢ ᠶᠠᠳᠠᠷᠠᠵᠤ ᠵᠦᠳᠡᠷᠡᠭᠰᠡᠨ ᠴᠤ ᠡᠯᠡᠰᠦ ᠰᠢᠷᠣᠢ ᠪᠠᠷ ᠭᠡᠷ ᠣᠷᠣᠨ ᠢᠶᠠᠨ ᠶᠠᠭᠠᠬᠢᠭᠰᠠᠨ ᠴᠤ ᠪᠤᠯᠠᠭᠤᠯᠬᠤ ᠦᠭᠡᠢ︾ ᠭᠡᠵᠦ ᠮᠠ ᠶᠦᠨ ᠫᠢᠩ ᠮᠣᠳᠣ ᠪᠠᠨ ᠬᠠᠷᠠᠨ ᠪᠠᠶᠠᠷᠲᠠᠢ ᠪᠠᠷ ᠬᠡᠯᠡᠬᠦ ᠳᠡᠭᠡᠨ᠄ ︽ᠡᠨᠡ ᠠᠵᠢᠯ ᠢ 23 ᠵᠢᠯ ᠬᠢᠴᠢᠬᠡᠯ᠎ᠡ᠂ ᠡᠨᠡ ᠤᠢ ᠶᠠᠭ ᠯᠡ ᠮᠢᠨᠤ ᠦᠷ᠎ᠡ ᠬᠡᠦᠬᠡᠳ ᠰᠢᠭ᠂ ᠡᠳᠦᠷ ᠲᠡᠭᠡᠨ ᠬᠦᠷᠵᠡ ᠪᠠᠨ ᠡᠭᠦᠷᠴᠦ ᠰᠢᠭᠤᠢ ᠪᠠᠷ ᠮᠣᠳᠣᠨ ᠤ ᠰᠠᠯᠠᠭ᠎ᠠ ᠨᠠᠮᠠᠭ᠎ᠠ ᠶᠢ ᠬᠠᠶᠢᠴᠢᠯᠠᠵᠤ ᠪᠠᠶᠢᠨ᠎ᠠ᠂ ᠡᠬᠡ ᠨᠤᠲᠤᠭ ᠢᠶᠠᠨ ᠨᠣᠭᠤᠭᠠᠷᠠᠭᠤᠯᠤᠨ᠎ᠠ ᠭᠡᠳᠡᠭ ᠠᠯᠢ ᠬᠡᠳᠦᠶᠢᠨ ᠮᠢᠨᠤ ᠰᠡᠳᠬᠢᠯ ᠳᠤ ᠬᠠᠳᠠᠩᠰᠢᠵᠤ᠂ ᠠᠮᠢᠳᠤᠷᠠᠯ ᠳᠤ ᠠᠭᠤᠰᠤᠭᠰᠠᠨ ᠪᠣᠯᠬᠤᠷ ᠡᠳᠡᠭᠡᠷ ᠢᠭᠴᠤ ᠰᠠᠬᠤᠯᠢᠭ ᠮᠣᠳᠣ ᠶᠢ ᠬᠠᠷᠠᠪᠠᠯ ᠪᠢ ᠬᠡᠵᠢᠶᠡᠳᠡ ᠬᠠᠷᠠᠮᠰᠠᠬᠤ ᠦᠭᠡᠢ︾ ᠭᠡᠪᠡ᠃            ᠣᠳᠣᠬᠠᠨ ᠳᠤ᠂ 3700 ᠮᠦ ᠡᠯᠡᠰᠦᠷᠬᠡᠭ ᠭᠠᠵᠠᠷ ᠲᠤ ᠨᠢᠭᠡᠨᠲᠡ 1768 ᠮᠦ ᠬᠠᠶᠢᠯᠠᠷ ᠨᠠᠷᠠᠰᠤ᠂ 1940 ᠮᠦ ᠤᠯᠢᠶᠠᠰᠤ᠂ ᠬᠠᠶᠢᠯᠠᠰᠤᠨ ᠮᠣᠳᠣ᠂ ᠭᠦᠢᠯᠡᠰᠦ᠂ ᠰᠢᠷ᠎ᠠ ᠪᠤᠷᠭᠠᠰᠤ᠂ ᠨᠢᠮᠪᠡᠭᠡ ᠵᠡᠷᠭᠡ ᠪᠤᠲᠠᠯᠢᠭ ᠤᠷᠭᠤᠮᠠᠯ ᠳᠠᠷᠢᠵᠠᠢ᠃ ᠮᠠ ᠶᠦᠨ ᠫᠢᠩ ᠡᠯᠡᠰᠦ ᠶᠢ ᠵᠠᠰᠠᠬᠤ ᠠᠯᠬᠤᠭ᠎ᠠ ᠪᠠᠨ ᠶᠡᠷᠦ ᠵᠣᠭᠰᠣᠭᠠᠭᠰᠠᠨ ᠦᠭᠡᠢ᠂ ᠲᠡᠷᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠮᠣᠳᠣ ᠲᠠᠷᠢᠵᠤ ᠣᠶᠢᠵᠢᠭᠤᠯᠬᠤ ᠠᠮᠢ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠡ ᠦᠭᠡᠢ ᠡᠷᠢᠯᠬᠢᠯᠡᠪᠡ᠃ ᠤᠯᠠᠨ ᠵᠢᠯ ᠤᠨ ᠲᠤᠷᠰᠢᠯᠭ᠎ᠠ ᠬᠤᠷᠠᠮᠳᠤᠭᠤᠯᠤᠯ ᠢᠶᠠᠷ ᠲᠠᠮᠵᠢᠨ᠂ ᠲᠡᠷᠡ ᠢᠯᠡᠭᠦᠴᠡ ᠰᠢᠷ᠎ᠠ ᠪᠤᠷᠭᠠᠰᠤᠨ ᠤ ᠨᠠᠮᠠᠭ᠎ᠠ ᠶᠢ ᠪᠦᠲᠦᠭᠡᠯᠴᠢ ᠪᠠᠷ ᠬᠡᠷᠡᠭᠯᠡᠨ ᠦᠬᠡᠷ ᠲᠡᠵᠢᠭᠡᠬᠦ ᠲᠡᠵᠢᠭᠡᠯ ᠪᠣᠷᠳᠤᠭ᠎ᠠ ᠦᠢᠯᠡᠳᠪᠦᠷᠢᠯᠡᠵᠦ᠂ ᠮᠢᠬᠠᠨ ᠤ ᠦᠬᠡᠷ ᠲᠡᠵᠢᠭᠡᠬᠦ ᠥᠪᠡᠷ ᠤᠨ ᠦᠷᠳᠡᠭ ᠢ ᠶᠡᠭᠡ ᠪᠠᠷ ᠠᠷᠪᠢᠯᠠᠵᠠᠢ᠃            ︽ᠡᠨᠡ 20 ᠮᠦ ᠤᠯᠠᠭᠠᠨ ᠴᠠᠨ᠎ᠠ ᠶᠢ 2019 ᠣᠨ ᠳᠤ ᠳᠠᠷᠢᠵᠠᠢ᠂ ᠢᠷᠡᠬᠦ ᠵᠢᠯ ᠳᠤ ᠬᠤᠷᠢᠶᠠᠯᠲᠠ ᠲᠠᠢ ᠪᠣᠯᠣᠨ᠎ᠠ᠂ ᠵᠠᠬ᠎ᠠ ᠳᠡᠯᠭᠡᠭᠦᠷ ᠤᠨ ᠦᠨ᠎ᠡ ᠪᠠᠷ ᠪᠠᠷᠤᠭᠴᠠᠭᠠᠯᠠᠪᠠᠯ 20 ᠮᠦ ᠴᠠᠨ᠎ᠠ ᠠᠴᠠ 20 ᠲᠦᠮᠡᠨ ᠲᠥᠭᠦᠷᠢᠭ ᠣᠷᠴᠢᠮ ᠤᠨ ᠣᠷᠣᠯᠭ᠎ᠠ ᠣᠯᠳᠠᠭ︾ ᠭᠡᠵᠦ ᠮᠠ ᠶᠦᠨ ᠫᠢᠩ ᠬᠡᠯᠡᠪᠡ᠃ ᠣᠶᠢᠷ᠎ᠠ ᠶᠢᠨ ᠵᠢᠯ ᠳᠤ ᠮᠠ ᠶᠦᠨ ᠫᠢᠩ ᠪᠠᠰᠠ ᠣᠶ ᠳᠣᠲᠣᠷᠠᠬᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠬᠠᠶᠢᠯᠠᠷ ᠨᠠᠷᠠᠰᠤᠨ ᠮᠣᠳᠣᠨ ᠤ ᠳᠣᠣᠷ᠎ᠠ ᠶᠡᠭᠡ ᠬᠡᠮᠵᠢᠶᠡᠨ ᠤ ᠤᠯᠠᠭᠠᠨ ᠴᠠᠨ᠎ᠠ ᠬᠢᠲᠠᠳ ᠡᠪᠡᠰᠦᠨ ᠡᠮ ᠳᠠᠷᠢᠵᠤ᠂ ᠣᠶᠢᠲᠤ ᠭᠠᠵᠠᠷ ᠢ ᠭᠦᠢᠴᠡᠳ ᠠᠰᠢᠭᠯᠠᠨ᠂ ︽ᠬᠥᠬᠡᠮᠳᠦᠭ ᠨᠣᠭᠤᠭᠠᠨ ᠠᠭᠤᠯᠠ ᠤᠰᠤ︾ ᠶᠢ ᠦᠨᠡᠨ ᠬᠦ ︽ᠠᠯᠲᠠ ᠮᠥᠩᠭᠦᠨ ᠠᠭᠤᠯᠠ︾ ᠪᠣᠯᠭᠠᠨ ᠬᠤᠪᠢᠷᠠᠭᠤᠯᠤᠭᠰᠠᠨ ᠪᠠᠶᠢᠨ᠎ᠠ᠃                  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号