ᠰᠣᠶᠣᠯ ᠢ ᠴᠣᠭᠴᠠᠯᠠᠵᠤ ᠢᠲᠡᠭᠡᠮᠵᠢ ᠶᠢ ᠴᠢᠬᠤᠯᠠᠴᠢᠯᠠᠨ ᠠᠮᠠᠯᠠᠯᠲᠠ ᠪᠠᠨ ᠭᠦᠢᠴᠡᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠶ᠎ᠠ
ᠨᠡᠶᠢᠲᠡᠯᠡᠭᠰᠡᠨ ᠴᠠᠭ᠄
2024/5/16
      - ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ      ᠎ ᠢ ᠶᠡᠬᠡᠪᠡᠷ ᠬᠡᠷᠡᠭᠵᠢᠭᠦᠯᠬᠦ ᠲᠤᠬᠠᠢ ᠰᠢᠷᠢᠰ ᠥᠭᠦᠯᠡᠮᠵᠢ ①       ᠠᠨ ᠬᠤᠸᠠ ᠢ            ᠥᠪᠥᠷ ᠮᠣᠩᠭᠤᠯ ᠤᠨ 2024 ᠣᠨ ᠤ ᠴᠠᠭᠠᠨ ᠰᠠᠷ᠎ᠠ ᠶᠢᠨ ᠠᠩᠬᠠᠨ ᠤ ᠬᠤᠷᠠᠯ ᠳᠤ ︽ᠦᠨᠡᠨᠴᠢ︾᠎ ᠪᠠᠷ ᠭᠤᠣᠯᠳᠠᠭᠤᠯᠵᠤ᠂ ︽ᠢᠲᠡᠭᠡᠮᠵᠢ︾᠎ ᠪᠠᠷ ᠤᠷᠢᠲᠠᠯ ᠪᠣᠯᠭᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠲᠤᠭ ᠲᠡᠮᠳᠡᠭ ᠲᠣᠳᠣᠷᠬᠠᠢ ᠳᠤᠷᠠᠳᠪᠠ᠃      ᠢᠲᠡᠭᠡᠮᠵᠢ ᠦᠭᠡᠢ ᠬᠥᠮᠥᠨ ᠶᠠᠪᠤᠳᠠᠯ ᠪᠦᠲᠦᠭᠡᠵᠦ ᠴᠢᠳᠠᠬᠤ ᠦᠭᠡᠢ᠂ ᠢᠲᠡᠭᠡᠮᠵᠢ ᠦᠭᠡᠢ ᠦᠢᠯᠡᠰ ᠬᠥᠭᠵᠢᠨ ᠮᠠᠨᠳᠤᠵᠤ ᠴᠢᠳᠠᠬᠤ ᠦᠭᠡᠢ᠃ ᠥᠪᠥᠷ ᠮᠣᠩᠭᠤᠯ ᠤᠨ ᠬᠢᠨ ᠦᠨᠡᠨᠴᠢ ᠰᠢᠳᠤᠷᠭᠤ ᠠᠰᠪᠤᠷ ᠰᠢᠯᠤᠭᠤᠨ ᠣᠮᠤᠭ ᠵᠣᠷᠢᠭ ᠎ ᠲᠠᠢ ᠪᠠᠶᠢᠳᠠᠭ ᠢᠶᠠᠷ ᠢᠶᠠᠨ ᠠᠯᠳᠠᠷᠰᠢᠵᠤ᠂ ᠢᠮᠠᠭᠲᠠ ᠦᠨᠡᠨᠴᠢ ᠢᠲᠡᠭᠡᠮᠵᠢ ᠲᠠᠢ ᠪᠠᠶᠢᠬᠤ ᠶᠢ ᠡᠷᠭᠢᠮᠯᠡᠭᠦ᠂ ᠢᠲᠡᠭᠡᠯ ᠨᠠᠶᠢᠳᠠᠪᠤᠷᠢ ᠶᠢ ᠰᠠᠬᠢᠬᠤ ᠰᠠᠶᠢᠨ ᠤᠯᠠᠮᠵᠢᠯᠠᠯ ᠲᠠᠢ ᠪᠠᠶᠢᠳᠠᠭ᠃ ᠣᠳᠣᠬᠠᠨ ᠳᠤ᠂ ᠥᠪᠥᠷ ᠮᠣᠩᠭᠤᠯ ᠶᠠᠭ ᠴᠢᠨᠠᠷ ᠰᠠᠶᠢᠲᠠᠢ ᠪᠠᠷ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠤᠴᠠᠯᠲᠠ ᠦᠭᠡᠢ ᠤᠷᠤᠭᠰᠢᠯᠠᠵᠤ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠣᠷᠣᠵᠤ᠂ ᠨᠡᠩ ᠴᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠦᠭᠦ ᠬᠦᠴᠦᠨ ᠢᠶᠠᠷ ᠢᠶᠠᠨ ᠴᠣᠭᠴᠠᠯᠠᠵᠤ᠂ ᠢᠲᠡᠭᠡᠯ ᠢ ᠴᠢᠬᠤᠯᠠᠴᠢᠯᠠᠨ ᠠᠮᠠᠯᠠᠯᠲᠠ ᠪᠠᠨ ᠭᠦᠢᠴᠡᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠥᠪᠥᠷ ᠮᠣᠩᠭᠤᠯ ᠤᠨ ᠠᠷᠠᠳ ᠲᠦᠮᠡᠨ ᠤ ᠦᠨᠡᠨᠴᠢ ᠢᠲᠡᠭᠡᠮᠵᠢ ᠶᠢ ᠡᠷᠭᠢᠮᠯᠡᠭᠦ᠂ ᠢᠲᠡᠭᠡᠯ ᠨᠠᠶᠢᠳᠠᠪᠤᠷᠢ ᠶᠢ ᠰᠠᠬᠢᠬᠤ ᠳᠦᠷᠢ ᠲᠥᠷᠬᠦ ᠶᠢ ᠪᠤᠢ ᠪᠤᠯᠭᠠᠵᠤ᠂ ᠪᠣᠳᠠᠲᠤ ᠶᠠᠪᠤᠳᠠᠯ ᠪᠠ ᠦᠢᠯᠡ ᠠᠵᠢᠯᠯᠠᠭ᠎ᠠ ᠪᠠᠷ ᠢᠶᠠᠨ ᠥᠪᠥᠷ ᠮᠣᠩᠭᠤᠯ ᠤᠨ ᠬᠥᠮᠥᠰ ᠤᠨ ᠢᠲᠡᠭᠡᠮᠵᠢ ᠎ ᠲᠠᠢ᠂ ᠨᠠᠶᠢᠳᠠᠪᠤᠷᠢᠲᠠᠢ᠂ ᠤᠷᠳᠤ ᠬᠤᠭᠤᠴᠠᠭ᠎ᠠ ᠪᠠᠷ ᠬᠠᠮᠲᠤ ᠣᠷᠣᠰᠢᠵᠤ᠂ ᠬᠥᠭᠵᠢᠯᠲᠡ ᠶᠢ ᠬᠠᠮᠲᠤ ᠡᠷᠢᠯᠬᠢᠯᠡᠵᠦ᠂ ᠢᠷᠡᠭᠡᠳᠦᠢ ᠶᠢ ᠬᠠᠮᠲᠤ ᠴᠣᠭᠴᠠᠯᠠᠵᠤ ᠪᠤᠯᠬᠤ ᠶᠢ ᠭᠡᠷᠡᠴᠢᠯᠡᠬᠦ ᠴᠢᠬᠤᠯᠠᠲᠠᠢ᠃             ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠬᠤ ᠳᠤ ᠬᠠᠮᠤᠭ ᠤᠨ ᠲᠡᠷᠢᠭᠦᠨ ᠳᠤ ᠰᠣᠶᠣᠯ ᠢ ᠴᠣᠭᠴᠠᠯᠠᠬᠤ ᠠᠵᠢᠯ ᠢ ᠰᠠᠶᠢᠲᠤᠷ ᠬᠢᠵᠦ᠂ ᠦᠨᠡᠨᠴᠢ ᠢᠲᠡᠭᠡᠮᠵᠢ ᠶᠢ ᠡᠷᠭᠢᠮᠯᠡᠭᠦ᠂ ᠢᠲᠡᠭᠡᠯ ᠨᠠᠶᠢᠳᠠᠪᠤᠷᠢ ᠶᠢ ᠰᠠᠬᠢᠬᠤ ᠠᠭᠤᠷ ᠠᠮᠢᠰᠬᠤᠯ ᠢ ᠶᠡᠬᠡᠪᠡᠷ ᠪᠤᠢ ᠪᠤᠯᠭᠠᠬᠤ ᠬᠡᠷᠡᠭᠲᠡᠢ᠃ ᠪᠢᠳᠡ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠠᠬᠤ ᠶᠢ ᠤᠮᠠᠷᠠᠲᠤ ᠬᠢᠯᠢ ᠶᠢᠨ ᠰᠣᠶᠣᠯ ᠢ ᠴᠣᠭᠴᠠᠯᠠᠬᠤ ᠶᠢᠨ ᠴᠢᠬᠤᠯᠠ ᠠᠭᠤᠯᠭ᠎ᠠ ᠪᠤᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠴᠣᠯᠭᠤᠷᠠᠨ ᠭᠠᠷᠤᠭᠰᠠᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠢᠯᠡᠷᠡᠭᠰᠡᠨ ᠦᠨᠡᠨᠴᠢ ᠢᠲᠡᠭᠡᠮᠵᠢ ᠶᠢᠨ ᠬᠡᠪ ᠴᠢᠨᠠᠷ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠳᠤ ᠠᠭᠤᠯᠤᠭᠳᠠᠵᠤ ᠪᠠᠶᠢᠭ᠎ᠠ ᠦᠨᠡᠨᠴᠢ ᠢᠲᠡᠭᠡᠮᠵᠢ ᠶᠢᠨ ᠬᠥᠭᠡᠭᠡᠴᠡᠯᠳᠦᠯ   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤᠮᠳᠠ ᠠᠭᠤᠯᠤᠭᠳᠠᠵᠤ ᠪᠠᠶᠢᠭ᠎ᠠ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠭᠦᠨᠵᠡᠭᠡᠢ ᠠᠭᠤᠳᠠᠯᠵᠤ᠂ ᠥᠪᠥᠷ ᠮᠣᠩᠭᠤᠯᠴᠤᠳ ᠤᠨ ᠴᠢᠰᠤ ᠮᠢᠬᠠᠨ ᠳᠤ ᠰᠢᠩᠭᠡᠭᠰᠡᠨ ᠢᠲᠡᠭᠡᠯ ᠢ ᠰᠠᠬᠢᠵᠤ ᠠᠮᠠᠯᠠᠯᠲᠠ ᠪᠠᠨ ᠭᠦᠢᠴᠡᠳᠬᠡᠬᠦ ᠤᠳᠤᠮᠰᠢᠯ ᠢ ᠤᠯᠠᠮ ᠬᠥᠭᠵᠢᠭᠡᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠡᠨᠴᠢ ᠢᠲᠡᠭᠡᠮᠵᠢ ᠲᠠᠢ ᠪᠠᠶᠢᠬᠤ ᠣᠶᠢᠯᠠᠭᠠᠭᠳᠠᠬᠤᠨ᠂ ᠢᠲᠡᠭᠡᠮᠵᠢ ᠶᠢᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠡᠳᠦᠷ ᠲᠤᠳᠤᠮ ᠤᠨ ᠠᠵᠢᠯ ᠠᠮᠢᠳᠤᠷᠠᠯ ᠤᠨ ᠠᠬᠤᠢ ᠪᠠᠶᠢᠳᠠᠯ ᠳᠤ ᠣᠷᠭᠠᠨᠢᠭ ᠢᠶᠠᠷ ᠠᠭᠤᠰᠤᠯᠴᠠᠭᠤᠯᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠨᠡᠩ ᠤᠯᠠᠨ ᠬᠥᠮᠥᠨ ᠤ ᠦᠨᠡᠨᠴᠢ ᠢᠲᠡᠭᠡᠮᠵᠢ ᠶᠢ ᠡᠷᠬᠢᠮᠯᠡᠨ᠂ ᠢᠲᠡᠭᠡᠯ ᠨᠠᠶᠢᠳᠠᠪᠤᠷᠢ ᠶᠢ ᠰᠠᠬᠢᠬᠤ ᠶᠢ ᠵᠣᠷᠢᠭᠵᠢᠭᠤᠯᠵᠤ᠂ ᠢᠲᠡᠭᠡᠮᠵᠢ ᠶᠢ ᠮᠡᠳᠡᠬᠦ᠂ ᠢᠲᠡᠭᠡᠮᠵᠢ ᠶᠢ ᠴᠢᠬᠤᠯᠠᠴᠢᠯᠠᠬᠤ᠂ ᠢᠲᠡᠭᠡᠮᠵᠢ ᠶᠢ ᠰᠠᠬᠢᠬᠤ ᠶᠢ ᠪᠦᠭᠦ ᠨᠡᠶᠢᠭᠡᠮ ᠤᠨ ᠤᠬᠠᠮᠰᠠᠷᠲᠤ ᠬᠥᠭᠡᠭᠡᠴᠡᠯᠳᠦᠯ ᠪᠤᠯᠭᠠᠬᠤ ᠬᠡᠷᠡᠭᠲᠡᠢ᠃      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠨᠡᠶᠢᠭᠡᠮ ᠤᠨ ᠢᠲᠡᠭᠡᠮᠵᠢ ᠶᠢᠨ ᠵᠦᠭᠯᠡᠭᠦᠷ ᠮᠥᠨ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠦᠨᠡᠨᠴᠢ ᠢᠲᠡᠭᠡᠮᠵᠢ ᠶᠢ ᠡᠷᠬᠢᠮᠯᠡᠨ᠂ ᠬᠡᠯᠡᠪᠡᠯ ᠦᠭᠡ ᠭᠢᠰᠬᠢᠪᠡᠯ ᠭᠠᠵᠠᠷ ᠪᠠᠶᠢᠬᠤ ᠶᠢ ᠪᠡᠶᠡᠯᠡᠭᠦᠯᠦᠨ᠂ ᠠᠮᠠᠯᠠᠭᠰᠠᠨ ᠶᠠᠪᠤᠳᠠᠯ ᠢᠶᠠᠨ ᠥᠴᠥᠬᠡᠨ ᠴᠦ ᠣᠰᠣᠯᠳᠠᠬᠤ ᠦᠭᠡᠢ ᠪᠠᠷ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠵᠤ᠂ ᠪᠦᠭᠦ ᠨᠡᠶᠢᠭᠡᠮ ᠤᠨ ᠦᠨᠡᠨᠴᠢ ᠢᠲᠡᠭᠡᠮᠵᠢ ᠶᠢᠨ ᠬᠡᠪ ᠰᠤᠷᠲᠠᠯ ᠢ ᠪᠤᠢ ᠪᠤᠯᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠪᠦᠷᠢ ᠴᠥᠮ ᠦᠨᠡᠨᠴᠢ ᠢᠲᠡᠭᠡᠮᠵᠢ ᠪᠠᠷ ᠪᠡᠶ᠎ᠡ ᠪᠠᠨ ᠱᠠᠭᠠᠷᠳᠠᠵᠤ᠂ ᠢᠲᠡᠭᠡᠮᠵᠢ ᠲᠠᠢ ᠪᠠᠨ ᠪᠤᠰᠤᠳ ᠲᠤ ᠦᠵᠡᠭᠦᠯᠵᠦ᠂ ᠦᠨᠡᠨᠴᠢ ᠢᠲᠡᠭᠡᠮᠵᠢ ᠲᠠᠢ ᠥᠪᠥᠷ ᠮᠣᠩᠭᠤᠯ ᠤᠨ ︽ᠣᠷᠣᠯᠠᠨ ᠥᠭᠦᠯᠡᠭᠴᠢ︾ ᠪᠣᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠥᠪᠥᠷ ᠮᠣᠩᠭᠤᠯ ᠤᠨ ᠬᠥᠮᠥᠰ ᠢᠲᠡᠭᠡᠯ ᠲᠠᠢ᠂ ᠤᠴᠢᠷ ᠶᠠᠪᠤᠳᠠᠯ ᠪᠦᠲᠦᠭᠡᠬᠦ ᠳᠤ ᠨᠠᠶᠢᠳᠠᠪᠤᠷᠢᠲᠠᠢ ᠭᠡᠳᠡᠭ ᠢ ᠦᠨᠡᠨ ᠬᠦ ᠮᠡᠳᠡᠭᠦᠯᠬᠦ ᠬᠡᠷᠡᠭᠲᠡᠢ᠃      ᠦᠨᠡᠨᠴᠢ ᠢᠲᠡᠭᠡᠮᠵᠢ ᠲᠠᠢ ᠪᠠᠶᠢᠬᠤ ᠪᠣᠯ ᠣᠷᠣᠰᠢᠨ ᠲᠣᠭᠲᠠᠨᠢᠬᠤ ᠶᠢᠨ ᠦᠨᠳᠦᠰᠦᠨ ᠪᠠᠷᠢᠮᠵᠢᠶ᠎ᠠ ᠮᠥᠨ᠂ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠣᠷᠣᠨ ᠳᠠᠶᠠᠭᠠᠷ ᠢᠶᠠᠨ ᠲᠦᠷᠦᠭᠦᠯᠡᠨ ᠬᠢᠵᠦ᠂ ᠦᠨᠡᠨᠴᠢ ᠢᠲᠡᠭᠡᠮᠵᠢ ᠶᠢᠨ ᠰᠣᠶᠣᠯ ᠢ ᠶᠡᠭᠡ ᠪᠠᠷ ᠪᠠᠳᠠᠷᠠᠭᠠᠵᠤ᠂ ᠦᠨᠡᠨᠴᠢ ᠢᠲᠡᠭᠡᠮᠵᠢ ᠶᠢ ᠢᠯᠠ ᠬᠥᠷᠥᠩᠭᠡ ᠪᠣᠯᠭᠠᠨ ᠬᠤᠪᠢᠷᠠᠭᠤᠯᠵᠤ᠂ ᠵᠠᠩᠰᠢᠯ ᠪᠤᠯᠭᠠᠵᠤ᠂ ᠤᠮᠠᠷᠠᠲᠤ ᠬᠢᠯᠢ ᠶᠢᠨ ᠡᠬᠡ ᠭᠠᠵᠠᠷ ᠲᠤ ᠬᠤᠳᠠᠯᠳᠤᠭᠠᠴᠢᠨ ᠢ ᠠᠮᠤᠷᠵᠢᠭᠤᠯᠬᠤ ᠬᠤᠳᠠᠯᠳᠤᠭᠠᠴᠢᠨ ᠢ ᠳᠣᠲᠣᠨᠣᠴᠢᠯᠠᠬᠤ ᠬᠤᠳᠠᠯᠳᠤᠭᠠᠴᠢᠨ ᠢ ᠪᠠᠶᠠᠵᠢᠭᠤᠯᠬᠤ ᠶᠠᠪᠤᠳᠠᠯ ᠢ ᠬᠡᠪ ᠵᠠᠩᠰᠢᠯ ᠪᠤᠯᠭᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号