ᠠᠯᠠᠱᠠ ᠵᠡᠭᠦᠨ ᠬᠤᠰᠢᠭᠤ ᠴᠡᠭᠴᠡᠯᠡᠨ ᠵᠠᠰᠠᠯᠲᠠ ᠶᠢ ᠴᠢᠩᠭᠠᠳᠬᠠᠨ ᠬᠤᠲᠠ ᠶᠢᠨ ᠳᠦᠷᠢ ᠲᠥᠷᠬᠦ ᠶᠢ ᠵᠢᠷᠤᠮᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/16
ᠡᠷᠳᠡᠨᠢᠬᠦᠦ᠂ ᠨᠠᠷᠠᠨ᠎ᠠ      ᠪᠠᠶᠠᠨᠬᠤᠲᠠ ᠶᠢᠨ ᠮᠡᠳᠡᠭᠡ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠦᠭᠦ ᠬᠤᠰᠢᠭᠤᠨ ᠤ ᠬᠡᠪᠴᠢᠶᠡᠨ ᠳᠤ ᠴᠡᠭᠴᠡᠯᠡᠨ ᠵᠠᠰᠠᠯᠲᠠ ᠶᠢ ᠴᠢᠩᠭᠠᠳᠬᠠᠨ ᠬᠤᠲᠠ ᠶᠢᠨ ᠳᠦᠷᠰᠦ ᠪᠠᠶᠢᠳᠠᠯ ᠢ ᠡᠮᠬᠢ ᠴᠡᠭᠴᠡ ᠲᠠᠢ ᠪᠤᠯᠭᠠᠵᠣ ᠪᠠᠶᠢᠨ᠎ᠠ᠃      ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ︽ᠮᠠᠰᠢᠨ ᠲᠡᠷᠭᠡ ᠪᠠᠷ ᠲᠣᠭᠤᠷᠢᠨ ᠪᠠᠶᠢᠴᠠᠭᠠᠬᠤ + ᠶᠠᠪᠠᠭᠠᠨ ᠢᠶᠠᠷ ᠲᠣᠭᠤᠷᠢᠨ ᠪᠠᠶᠢᠴᠠᠭᠠᠬᠤ︾ ᠠᠷᠭ᠎ᠠ ᠮᠠᠶ᠋ᠢᠭ ᠢ ᠬᠡᠷᠡᠭᠵᠢᠭᠦᠯᠦᠨ᠂ ᠪᠠᠶᠠᠨᠬᠤᠲᠠ ᠪᠠᠯᠭᠠᠰᠤᠨ ᠤ ᠭᠤᠣᠯᠳᠠᠯᠭ᠎ᠠ ᠲᠠᠢ ᠵᠠᠮ ᠱᠤᠭᠤᠮ ᠢᠶᠠᠷ ᠲᠣᠭᠤᠷᠢᠨ ᠪᠠᠶᠢᠴᠠᠭᠠᠵᠤ᠂ ᠬᠤᠳᠠᠯᠳᠤᠭᠠᠴᠢᠨ ᠵᠠᠮ ᠡᠵᠡᠯᠡᠨ ᠡᠵᠡᠩᠨᠡᠵᠦ ᠪᠠᠶᠢᠬᠤ ᠡᠰᠡᠬᠦ᠂ ᠵᠠᠷ ᠮᠡᠳᠡᠭᠡ ᠳᠤᠷ᠎ᠠ ᠪᠠᠷ ᠢᠶᠠᠨ ᠨᠠᠭᠠᠵᠤ ᠪᠠᠶᠢᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠵᠠᠢ᠃ ᠴᠡᠭᠴᠡᠯᠡᠨ ᠵᠠᠰᠠᠬᠤ ᠶᠠᠪᠤᠴᠠ ᠳᠤ᠂ ᠬᠤᠲᠠ ᠶᠢᠨ ᠬᠠᠮᠢᠶᠠᠷᠤᠯᠲᠠ ᠶᠢᠨ ᠠᠩᠭᠢ ᠶᠢᠨ ᠠᠵᠢᠯᠲᠠᠳ ᠬᠠᠷᠢᠶᠠᠲᠤ ᠣᠷᠣᠨ ᠤ ᠡᠯ᠎ᠡ ᠬᠤᠳᠠᠯᠳᠤᠭᠠᠴᠢᠨ ᠡᠷᠦᠭᠡ ᠳᠤ ᠡᠭᠦᠳᠡᠨ ᠡᠮᠦᠨᠡᠬᠢ ᠪᠠᠨ ᠴᠡᠪᠡᠷ ᠲᠡᠭᠰᠢ ᠪᠠᠶᠢᠯᠭᠠᠬᠤ ᠶᠢ ᠰᠠᠨᠠᠭᠤᠯᠵᠤ᠂ ᠬᠤᠳᠠᠯᠳᠤᠭᠠᠴᠢᠨ ᠡᠷᠦᠭᠡ ᠪᠠ ᠬᠤᠲᠠ ᠶᠢᠨ ᠠᠷᠠᠳ ᠤᠨ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠨᠡᠩ ᠣᠶᠢᠯᠠᠭᠠᠯᠲᠠ ᠶᠢ ᠭᠦᠨᠵᠡᠭᠡᠶᠢᠷᠡᠭᠦᠯᠵᠡᠢ᠃      ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠭᠤᠷᠪᠠᠳᠤᠭᠠᠷ ᠶᠡᠭᠡ ᠠᠩᠭᠢ ᠶᠢᠨ ᠳᠡᠳ᠋ ᠳᠠᠷᠤᠭ᠎ᠠ ᠯᠢ ᠪᠦᠭᠡ᠄ ︽ᠪᠠᠶᠠᠷ ᠤᠨ ᠡᠳᠦᠷ ᠤᠨ ᠬᠤᠭᠤᠴᠠᠭᠠᠨ ᠳᠤ ᠪᠢᠳᠡ ᠥᠷᠭᠡᠨ ᠣᠯᠠᠨ ᠬᠤᠳᠠᠯᠳᠤᠭᠠᠴᠢᠨ ᠡᠷᠦᠭᠡ ᠶᠢ ᠳᠡᠯᠭᠡᠭᠦᠷ ᠤᠨ ᠢᠶᠠᠨ ᠡᠭᠦᠳᠡᠨ ᠡᠮᠦᠨ᠎ᠡ ᠪᠠ ᠵᠠᠮ ᠳᠠᠭᠠᠤ ᠪᠠᠷᠠᠭ᠎ᠠ ᠲᠠᠸᠠᠷ ᠢᠶᠠᠨ ᠣᠪᠣᠭᠠᠯᠠᠬᠤ ᠶᠢ ᠵᠥᠪᠰᠢᠶᠡᠷᠡᠵᠡᠢ᠃ ᠨᠢᠭᠡ ᠲᠠᠯ᠎ᠠ ᠪᠠᠷ ᠲᠡᠳᠡᠨᠡᠷ ᠤᠨ ᠪᠣᠷᠤᠯᠠᠭᠤᠯᠭ᠎ᠠ ᠶᠢ ᠰᠠᠶᠢᠨ ᠪᠤᠯᠭᠠᠬᠤ᠂ ᠨᠥᠭᠦᠭᠡ ᠲᠠᠯ᠎ᠠ ᠪᠠᠷ ᠥᠷᠭᠡᠨ ᠣᠯᠠᠨ ᠰᠠᠭᠤᠭᠠᠯᠢ ᠠᠷᠠᠳ ᠤᠨ ᠪᠠᠷᠠᠭ᠎ᠠ ᠲᠠᠸᠠᠷ ᠬᠤᠳᠠᠯᠳᠤᠨ ᠠᠪᠬᠤ ᠳᠤ ᠨᠡᠩ ᠲᠥᠭᠦᠮ ᠦᠵᠡᠭᠦᠯᠭᠦ ᠶᠢᠨ ᠲᠥᠯᠥᠭᠡ ᠶᠤᠮ ᠃ ᠪᠠᠶᠠᠷ ᠤᠨ ᠡᠳᠦᠷ ᠤᠨ ᠠᠮᠠᠷᠠᠯᠲᠠ ᠳᠠᠭᠤᠰᠤᠭᠰᠠᠨ ᠤ ᠳᠠᠷᠠᠭ᠎ᠠ᠂ ᠪᠢᠳᠡ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢᠶᠠᠨ ᠡᠬᠢᠯᠡᠭᠦᠯᠵᠦ᠂ ᠵᠡᠭᠡᠯᠢ ᠭᠤᠳᠤᠮᠵᠢ ᠶᠢᠨ ᠬᠤᠶᠠᠷ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠥᠩᠭᠡᠷᠡᠭᠰᠡᠨ ᠤ ᠬᠠᠮᠢᠶᠠᠷᠤᠯᠲᠠ ᠶᠢᠨ ᠵᠠᠭᠪᠤᠷ ᠢᠶᠠᠨ ᠰᠡᠷᠭᠦᠭᠡᠯ᠎ᠡ︾ ᠭᠡᠪᠡ᠃      ᠲᠣᠰ ᠤᠳᠠᠭᠠᠨ ᠤ ᠠᠵᠢᠯᠯᠠᠭ᠎ᠠ ᠳᠤ ᠬᠤᠲᠠ ᠶᠢᠨ ᠬᠠᠮᠢᠶᠠᠷᠤᠯᠲᠠ ᠶᠢᠨ ᠠᠩᠭᠢ ᠶᠢᠨ ᠬᠢᠨ 102 ᠬᠥᠮᠥᠨ ᠤᠳᠠᠭ᠎ᠠ ᠶᠢ ᠣᠷᠣᠯᠴᠠᠭᠤᠯᠵᠤ᠂ 71 ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢ ᠡᠮᠬᠢ ᠴᠡᠭᠴᠡ ᠲᠠᠢ ᠪᠣᠯᠭᠠᠨ᠂ ᠨᠡᠭᠦᠳᠡᠯ ᠳᠡᠯᠭᠡᠭᠦᠷ ᠤᠨ ᠵᠠᠮ ᠡᠵᠡᠯᠡᠨ ᠡᠵᠡᠩᠨᠡᠭᠰᠡᠨ 20 ᠭᠠᠵᠠᠷ ᠢ ᠴᠡᠪᠡᠷᠯᠡᠵᠦ᠂ ᠬᠤᠲᠠ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠰᠠᠶᠢᠵᠢᠷᠠᠭᠤᠯᠤᠨ᠂ ᠪᠠᠶᠠᠷ ᠤᠨ ᠳᠠᠷᠠᠭᠠᠬᠢ ᠰᠠᠶᠢᠨ ᠰᠠᠶᠢᠬᠠᠨ ᠠᠮᠢᠳᠤᠷᠠᠯ ᠪᠠ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠪᠠ᠃ᠲᠡᠳᠡ ︽ᠠᠷᠠᠳ ᠢ ᠳᠣᠲᠣᠨᠣᠴᠢᠯᠠᠬᠤ᠂ ᠠᠷᠠᠳ ᠢ ᠬᠠᠶᠢᠷᠠᠯᠠᠬᠤ ᠂ ᠠᠷᠠᠳ ᠲᠤ ᠦᠢᠯᠡᠴᠢᠯᠡᠬᠦ︾ ᠠᠵᠢᠯ ᠤᠨ ᠭᠤᠣᠯ ᠱᠤᠭᠤᠮ ᠤᠨ ᠲᠣᠭᠤᠷᠢᠨ ᠳᠤ᠂ ᠡᠳᠦᠷ ᠲᠤᠲᠤᠮ ᠤᠨ ᠬᠠᠤᠯᠢ ᠬᠡᠷᠡᠭᠵᠢᠭᠦᠯᠬᠦ ᠠᠵᠢᠯ ᠤᠨ ᠶᠠᠪᠤᠴᠠ ᠳᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠦᠢᠯᠡᠴᠢᠯᠡᠭᠡ ᠶᠢ ᠴᠢᠬᠤᠯᠠᠴᠢᠯᠠᠨ ᠪᠠᠷᠢᠮᠲᠠᠯᠠᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠪᠤᠯᠭᠠᠵᠣ ᠴᠢᠳᠠᠵᠠᠢ᠃ ᠯᠢ ᠪᠦᠭᠡ᠄ ︽ᠪᠢᠳᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠨ᠂ ᠦᠷ᠎ᠡ ᠪᠦᠲᠦᠮᠵᠢ ᠪᠠᠨ ᠪᠠᠲᠤᠳᠬᠠᠵᠤ ᠂ ᠪᠠᠶᠢᠩᠭᠤ ᠶᠢᠨ ᠬᠠᠮᠢᠶᠠᠷᠤᠯᠲᠠ ᠶᠢ ᠪᠤᠶ ᠪᠤᠯᠭᠠᠵᠤ᠂ ᠴᠡᠪᠡᠷ ᠲᠡᠭᠰᠢ᠂ ᠪᠣᠯᠪᠠᠰᠤᠨ ᠡᠮᠬᠢ ᠵᠢᠷᠤᠮ ᠲᠠᠢ᠂ ᠣᠷᠣᠰᠢᠨ ᠰᠠᠭᠤᠬᠤ ᠳᠤ ᠲᠠᠭᠠᠯᠠᠮᠵᠢᠲᠠᠢ ᠬᠤᠲᠠ ᠶᠢᠨ ᠣᠷᠴᠢᠨ ᠲᠣᠭᠤᠷᠢᠨ ᠢ ᠴᠢᠷᠮᠠᠶᠢᠨ ᠪᠤᠶ ᠪᠤᠯᠭᠠᠬᠤ ᠪᠣᠯᠣᠨ᠎ᠠ︾ ᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号