ᠸᠢᠴᠠᠲ ᠤᠨ ᠡᠶᠢᠮᠦ ᠤᠯᠠᠭᠠᠨ ᠪᠠᠭᠯᠠᠭ᠎ᠠ ᠶᠢ ᠪᠢᠲᠡᠭᠡᠢ ᠠᠪ
ᠨᠡᠶᠢᠲᠡᠯᠡᠭᠰᠡᠨ ᠴᠠᠭ᠄
2024/5/16
     ᠡᠳᠡᠭᠡᠷ ᠸᠢᠴᠠᠲ ᠤᠨ ᠤᠯᠠᠭᠠᠨ ᠪᠠᠭᠯᠠᠭ᠎ᠠ ᠶᠢ ᠶᠠᠭᠠᠬᠢᠭᠰᠠᠨ ᠴᠤ ᠪᠢᠲᠡᠭᠡᠢ ᠠᠪ ᠭᠡᠵᠦ ᠰᠠᠨᠠᠭᠤᠯᠤᠶ᠎ᠠ︕      1. ᠨᠢᠭᠤᠴᠠ ᠨᠣᠮᠧᠷ ᠢᠶᠠᠨ ᠪᠢᠴᠢᠵᠦ ᠤᠷᠤᠭᠤᠯᠬᠤ ᠶᠢ ᠱᠠᠭᠠᠷᠳᠠᠭᠰᠠᠨ ᠤᠯᠠᠭᠠᠨ ᠪᠠᠭᠯᠠᠭ᠎ᠠ      ᠸᠢᠴᠠᠲ ᠤᠨ ᠰᠠᠶᠢᠨ ᠨᠠᠶᠢᠵᠠ ᠶᠢᠨ ᠢᠶᠠᠨ ᠢᠷᠡᠭᠦᠯᠦᠭᠰᠡᠨ ᠨᠢᠭᠡᠨ ᠤᠯᠠᠭᠠᠨ ᠪᠠᠭᠯᠠᠭ᠎ᠠ ᠶᠢ ᠨᠡᠭᠡᠭᠡᠬᠦ ᠦᠶᠡᠰ ᠨᠢᠭᠤᠴᠠ ᠨᠣᠮᠧᠷ ᠢᠶᠠᠨ ᠪᠢᠴᠢᠵᠦ ᠣᠷᠣᠭᠤᠯᠬᠤ ᠶᠢ ᠱᠠᠭᠠᠷᠳᠠᠭᠰᠠᠨ ᠪᠠᠶᠢᠪᠠᠯ ᠪᠢᠲᠡᠭᠡᠢ ᠠᠪ᠃      2. ᠬᠤᠪᠢ ᠬᠥᠮᠥᠨ ᠤ ᠮᠡᠳᠡᠭᠡ ᠵᠠᠩᠭᠢ ᠪᠠᠨ ᠪᠢᠴᠢᠵᠦ ᠤᠷᠤᠭᠤᠯᠬᠤ ᠶᠢ ᠱᠠᠭᠠᠷᠳᠠᠭᠰᠠᠨ ᠤᠯᠠᠭᠠᠨ ᠪᠠᠭᠯᠠᠭ᠎ᠠ      ᠡᠨᠡ ᠲᠥᠷᠥᠯ ᠤᠨ ᠤᠯᠠᠭᠠᠨ ᠪᠠᠭᠯᠠᠭ᠎ᠠ ᠶᠢ ᠠᠪᠬᠤ ᠦᠶᠡᠰ᠂ ᠭᠠᠷ ᠤᠲᠠᠰᠤᠨ ᠤ ᠨᠣᠮᠧᠷ᠂ ᠨᠡᠷ᠎ᠡ᠂ ᠪᠠᠩᠬᠢ ᠶᠢᠨ ᠺᠠᠷᠲ ᠤᠨ ᠨᠣᠮᠧᠷ ᠵᠡᠷᠭᠡ ᠮᠡᠳᠡᠭᠡ ᠵᠠᠩᠭᠢ ᠶᠢ ᠪᠢᠴᠢᠵᠦ ᠤᠷᠤᠭᠤᠯᠬᠤ ᠶᠢ ᠱᠠᠭᠠᠷᠳᠠᠭᠰᠠᠨ ᠪᠠᠶᠢᠪᠠᠯ ᠪᠢᠲᠡᠭᠡᠢ ᠠᠪ᠃      3. ᠳᠠᠮᠵᠢᠭᠤᠯᠤᠨ ᠶᠠᠪᠤᠭᠤᠯᠬᠤ ᠶᠢ ᠱᠠᠭᠠᠷᠳᠠᠭᠰᠠᠨ ᠤᠯᠠᠭᠠᠨ ᠪᠠᠭᠯᠠᠭ᠎ᠠ      ᠡᠶᠢᠮᠦᠷᠬᠦ ᠤᠯᠠᠭᠠᠨ ᠪᠠᠭᠯᠠᠭ᠎ᠠ ᠶᠢ ᠲᠣᠪᠰᠢᠵᠤ ᠨᠡᠭᠡᠭᠡᠭᠰᠡᠨ ᠤ ᠳᠠᠷᠠᠭ᠎ᠠ᠂ ᠨᠢᠭᠤᠷ ᠤᠨ ᠰᠠᠨᠠᠭᠤᠯᠤᠮᠵᠢ ᠶᠢ ᠨᠢ ᠪᠤᠰᠤᠳ ᠸᠢᠴᠠᠲ ᠤᠨ ᠬᠤᠯᠪᠣᠭᠠᠨ ᠳᠤ ᠰᠢᠯᠵᠢᠭᠦᠯᠬᠦ ᠪᠤᠶᠤ ᠨᠠᠶᠢᠵᠠ ᠶᠢᠨ ᠲᠣᠭᠤᠷᠢᠭ ᠲᠤ ᠬᠤᠪᠢᠶᠠᠯᠴᠠᠬᠤ ᠶᠢ ᠱᠠᠭᠠᠷᠳᠠᠭᠰᠠᠨ ᠪᠠᠶᠢᠪᠠᠯ ᠠᠪᠴᠤ ᠪᠤᠯᠬᠤ ᠦᠭᠡᠢ᠃      4. ᠥᠳᠥᠭᠡᠯᠭᠡ ᠶᠢᠨ ᠴᠢᠨᠠᠷᠲᠠᠢ ᠳᠠᠮᠵᠢᠭᠤᠯᠬᠤ ᠦᠭᠡ ᠲᠠᠢ ᠤᠯᠠᠭᠠᠨ ᠪᠠᠭᠯᠠᠭ᠎ᠠ      ᠡᠶᠢᠮᠦᠷᠬᠦ ᠤᠯᠠᠭᠠᠨ ᠪᠠᠭᠯᠠᠭ᠎ᠠ ᠶᠢᠨ ᠬᠤᠯᠪᠣᠭᠠᠰᠤ ᠶᠢ ᠶᠡᠷᠦ ᠨᠢ ᠬᠥᠮᠥᠨ ᠢ ᠠᠮᠠᠷᠬᠠᠨ ᠮᠡᠬᠡᠯᠡᠬᠦ ᠵᠦᠢᠯ ᠪᠦᠷᠢ ᠶᠢᠨ ᠭᠡᠯᠪᠡᠷᠢ ᠪᠠᠷ ᠪᠣᠭᠤᠳᠠᠯᠯᠠᠳᠠᠭ᠂ ᠵᠢᠱᠢᠶᠡᠯᠡᠪᠡᠯ ᠨᠢᠭᠡᠨ ᠵᠤᠷᠪᠤᠰ ᠦᠨᠡᠨ ᠪᠣᠳᠠᠲᠠᠢ ᠠᠪᠢᠶᠠᠨ ᠤ ᠮᠡᠳᠡᠭᠡ᠂ ᠤᠷᠢᠯᠭ᠎ᠠ ᠶᠠᠪᠤᠭᠤᠯᠬᠤ ᠶᠢᠨ ᠵᠡᠷᠭᠡ ᠪᠠᠷ ᠨᠠᠶᠢᠵᠠ ᠶᠢᠨ ᠬᠤᠯᠪᠤᠭ᠎ᠠ ᠳᠠᠭᠠᠨ ᠨᠡᠮᠡᠬᠦ ᠶᠢ ᠰᠠᠨᠠᠭᠤᠯᠬᠤ᠂ ︽ᠪᠢ ᠨᠢᠭᠡᠨᠲᠡ ᠣᠯᠵᠤ ᠠᠪᠴᠠᠢ︾ ᠭᠡᠬᠦ ᠮᠡᠲᠦ ᠶᠢᠨ ᠵᠦᠢᠯ ᠪᠦᠷᠢ ᠶᠢᠨ ᠦᠭᠡ ᠶᠠᠷᠢᠶ᠎ᠠ ᠪᠠᠷ ᠳᠠᠮᠵᠢᠭᠤᠯᠤᠨ ᠬᠡᠷᠡᠭᠯᠡᠭᠴᠢᠳ ᠢ ᠥᠳᠥᠭᠡᠵᠦ ᠲᠤᠪᠰᠢᠭᠤᠯᠤᠨ ᠨᠡᠭᠡᠭᠡᠯᠭᠡᠳᠡᠭ᠃      5. ᠠᠯᠪᠠᠨ ᠤ ᠲᠠᠯ᠎ᠠ ᠶᠢᠨ ᠨᠡᠷ᠎ᠡ ᠪᠠᠷ ᠣᠪᠯᠠᠭᠰᠠᠨ ᠤᠯᠠᠭᠠᠨ ᠪᠠᠭᠯᠠᠭ᠎ᠠ      ᠬᠠᠤᠯᠢ ᠪᠤᠰᠤ ᠡᠲᠡᠭᠡᠳ ᠬᠠᠭᠤᠷᠮᠠᠭ ᠨᠢᠭᠤᠷ ᠤᠨ ᠠᠭᠤᠯᠭ᠎ᠠ ᠵᠣᠬᠢᠶᠠᠵᠤ᠂ ᠠᠯᠪᠠᠨ ᠤ ᠲᠠᠯ᠎ᠠ ᠶᠢᠨ ᠬᠢᠨ ᠢᠶᠠᠷ ᠣᠪᠯᠠᠵᠤ᠂ ᠬᠠᠯᠠᠮᠰᠢᠯ ᠬᠡᠷᠡᠭ ᠶᠠᠪᠤᠳᠠᠯ ᠢᠶᠠᠷ ᠬᠠᠯᠬᠠᠪᠴᠢ ᠪᠤᠯᠭᠠᠵᠤ᠂ ᠬᠤᠳᠠᠯ ᠬᠠᠭᠤᠷᠮᠠᠭ ︽ᠠᠰᠢᠭᠲᠠᠢ ᠮᠡᠳᠡᠭᠡ︾ ᠎ ᠶᠢ ᠵᠣᠬᠢᠶᠠᠭᠠᠳ᠂ ᠳᠠᠭᠢᠨ ︽ᠶᠡᠭᠡ ᠲᠣᠭᠠᠨ ᠤ ᠪᠡᠯᠡᠭ︾ ᠬᠡᠮᠡᠨ ᠬᠥᠮᠥᠰ ᠢ ᠥᠳᠥᠭᠡᠨ ᠲᠠᠲᠠᠵᠤ᠂ ᠬᠡᠷᠡᠭᠯᠡᠭᠴᠢᠳ ᠢ ᠮᠡᠬᠡᠯᠡᠳᠡᠭ      6. ︽ᠪᠡᠯᠡᠨ ᠵᠣᠭᠤᠰ ᠤᠨ ᠤᠯᠠᠭᠠᠨ ᠪᠠᠭᠯᠠᠭ᠎ᠠ︾ ᠪᠤᠶᠤ ︽AA ᠤᠯᠠᠭᠠᠨ ᠪᠠᠭᠯᠠᠭ᠎ᠠ︾       ︽ᠵᠣᠭᠤᠰ ᠥᠭᠬᠦ︾᠂ ︽ᠪᠡᠯᠡᠨ ᠵᠣᠭᠤᠰ ᠤᠨ ᠪᠡᠯᠡᠭ ᠤᠨ ᠪᠠᠭᠯᠠᠭ᠎ᠠ︾᠂ ︽AA ᠤᠯᠠᠭᠠᠨ ᠪᠠᠭᠯᠠᠭ᠎ᠠ︾ ᠵᠡᠷᠭᠡ ᠦᠰᠦᠭ ᠪᠢᠴᠢᠭᠰᠡᠨ ᠤᠯᠠᠭᠠᠨ ᠪᠠᠭᠯᠠᠭ᠎ᠠ ᠶᠢᠨ ᠮᠡᠬᠡᠯᠡᠯ ᠢ ᠬᠢᠴᠢᠶᠡᠬᠦ ᠬᠡᠷᠡᠭᠲᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号