ᠨᠠᠶᠢᠵᠠ ᠶᠢᠨ ᠲᠣᠭᠤᠷᠢᠭ ᠲᠠᠭᠠᠨ ᠡᠳᠡᠭᠡᠷ ᠢ ᠨᠡᠶᠢᠲᠡᠯᠡᠵᠦ ᠪᠤᠯᠬᠤ ᠦᠭᠡᠢ
ᠨᠡᠶᠢᠲᠡᠯᠡᠭᠰᠡᠨ ᠴᠠᠭ᠄
2024/5/16
           ᠵᠠᠷᠢᠮ ᠬᠥᠮᠥᠰ ᠭᠠᠳᠠᠨ᠎ᠠ ᠭᠠᠷᠴᠤ ᠢᠳᠡᠵᠦ ᠤᠤᠭᠤᠵᠤ ᠨᠠᠭᠠᠳᠴᠤ ᠴᠡᠩᠭᠡᠬᠦ ᠦᠶ᠎ᠡ ᠶᠢᠨ ᠵᠢᠷᠤᠭ ᠰᠡᠭᠦᠳᠡᠷ ᠸᠢᠳᠢᠤ᠋ ᠪᠢᠴᠢᠯᠭᠡ ᠪᠠᠨ ᠨᠠᠶᠢᠵᠠ ᠶᠢᠨ ᠲᠣᠭᠤᠷᠢᠭ ᠲᠠᠭᠠᠨ ᠬᠤᠪᠢᠶᠠᠯᠴᠠᠬᠤ ᠳᠤᠷᠠᠲᠠᠢ ᠪᠠᠶᠢᠳᠠᠭ᠃ ᠡᠨᠡ ᠨᠢ ᠬᠤᠪᠢ ᠬᠥᠮᠥᠨ ᠤ ᠮᠡᠳᠡᠭᠡ ᠵᠠᠩᠭᠢ ᠶᠢ ᠵᠠᠳᠠᠷᠠᠭᠤᠯᠵᠤ ᠮᠡᠳᠡᠨ᠎ᠡ᠃ ᠬᠡᠷᠪᠡ ᠮᠠᠭᠤ ᠰᠠᠨᠠᠭ᠎ᠠ ᠲᠠᠢ ᠬᠥᠮᠥᠨ ᠮᠡᠳᠡᠭᠡᠳ ᠠᠰᠢᠭᠯᠠᠬᠤ ᠳᠤ ᠭᠦᠷᠪᠡᠯ᠂ ᠬᠤᠪᠢ ᠬᠥᠮᠥᠨ ᠤ ᠡᠳ᠋ ᠬᠤᠭᠰᠢᠯ ᠢ ᠴᠢᠨᠢ ᠬᠤᠯᠠᠭᠠᠶᠢᠯᠠᠬᠤ᠂ ᠴᠢᠨᠠᠭᠰᠢᠯᠠᠪᠠᠯ ᠥᠪᠡᠷ ᠪᠡᠶ᠎ᠡ ᠪᠠ ᠭᠡᠷ ᠤᠨ ᠬᠥᠮᠥᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ ᠮᠡᠳᠡᠨ᠎ᠡ᠃      1. ᠬᠤᠪᠢ ᠶᠢᠨ ᠨᠢᠭᠤᠴᠠ ᠪᠠᠨ ᠵᠠᠳᠠᠷᠠᠭᠤᠯᠵᠤ ᠤᠷᠰᠢᠭ ᠲᠠᠲᠠᠬᠤ ᠠᠴᠠ ᠬᠢᠴᠢᠶᠡᠭᠡᠷᠡᠢ      ᠭᠠᠯᠲᠤ ᠲᠡᠷᠭᠡᠨ ᠤ ᠪᠢᠯᠧᠲ ᠨᠢᠰᠬᠡᠯ ᠤᠨ ᠪᠢᠯᠧᠲ᠂ ᠨᠢᠰᠬᠡᠯ ᠳᠤ ᠭᠠᠷᠬᠤ ᠫᠠᠶᠢᠰᠠ ᠪᠠᠨ ᠪᠢᠲᠡᠭᠡᠢ ᠨᠡᠶᠢᠲᠡᠯᠡᠵᠦ ᠭᠠᠷᠭ᠎ᠠ      ᠮᠠᠰᠢ ᠣᠯᠠᠨ ᠬᠥᠮᠥᠨ ᠠᠯᠪᠠᠨ ᠠᠵᠢᠯ ᠢᠶᠠᠷ ᠭᠠᠳᠠᠭᠰᠢ ᠭᠠᠷᠬᠤ ᠪᠤᠶᠤ ᠵᠢᠭᠤᠯᠴᠢᠯᠠᠬᠤ ᠳᠠᠭᠠᠨ ᠴᠥᠮ ᠭᠠᠯᠲᠤ ᠲᠡᠷᠭᠡᠨ ᠤ ᠪᠢᠯᠧᠲ᠂ ᠨᠢᠰᠬᠡᠯ ᠳᠤ ᠭᠠᠷᠬᠤ ᠫᠠᠶᠢᠰᠠ ᠵᠡᠷᠭᠡ ᠪᠠᠨ ᠰᠡᠭᠦᠳᠡᠷᠯᠡᠵᠦ᠂ ᠨᠠᠶᠢᠵᠠ ᠶᠢᠨ ᠲᠣᠭᠤᠷᠢᠭ ᠲᠠᠭᠠᠨ ᠨᠡᠶᠢᠲᠡᠯᠡᠭᠰᠡᠨ ᠪᠠᠶᠢᠳᠠᠭ᠃ ᠵᠠᠷᠢᠮ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠷ ᠴᠢᠩᠭ᠎ᠠ ᠬᠥᠮᠥᠨ ᠣᠪᠣᠭ ᠨᠡᠷ᠎ᠡ ᠪᠠᠨ ᠪᠠᠯᠠᠷᠬᠠᠶᠢᠯᠠᠳᠠᠭ ᠪᠤᠯᠪᠠᠴᠤ ᠪᠢᠯᠧᠲ ᠤᠨ ᠳᠡᠭᠡᠷᠡᠬᠢ ᠠᠭᠤᠯᠭ᠎ᠠ ᠶᠢ ᠬᠠᠷᠢᠨ ᠨᠠᠷᠢᠨ ᠠᠩᠬᠠᠷᠳᠠᠭ ᠦᠭᠡᠢ᠃ ᠠᠳᠡ ᠰᠠᠨᠠᠭᠤᠯᠬᠤ ᠵᠦᠢᠯ ᠭᠡᠪᠡᠯ᠂ ᠨᠢᠰᠬᠡᠯ ᠤᠨ ᠪᠢᠯᠧᠲ᠂ ᠭᠠᠯᠲᠤ ᠲᠡᠷᠭᠡᠨ ᠤ ᠪᠢᠯᠧᠲ ᠤᠨ ᠵᠢᠷᠤᠭᠠᠰᠤᠨ ᠲᠡᠮᠳᠡᠭ ᠪᠤᠶᠤ ᠮᠡᠷᠭᠡᠨ ᠴᠣᠬᠤᠷ ᠲᠤ ᠠᠶᠠᠨᠴᠢᠳ ᠤᠨ ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠶᠢ ᠪᠠᠭᠲᠠᠭᠠᠭᠰᠠᠨ ᠬᠤᠪᠢ ᠬᠥᠮᠥᠨ ᠤ ᠮᠡᠳᠡᠭᠡ ᠵᠠᠩᠭᠢ ᠶᠢ ᠠᠭᠤᠯᠵᠤ ᠪᠠᠶᠢᠳᠠᠭ ᠤᠴᠢᠷ ᠠᠴᠠ ᠳᠡᠭᠡᠳᠦ ᠰᠢᠨᠵᠢᠯᠡᠭᠡ ᠮᠡᠷᠭᠡᠵᠢᠯ ᠢ ᠠᠰᠢᠭᠯᠠᠨ ᠬᠤᠪᠢ ᠬᠥᠮᠥᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠬᠤ ᠪᠣᠯᠣᠯᠴᠠᠭ᠎ᠠ ᠲᠠᠢ ᠪᠠᠶᠢᠳᠠᠭ᠃      ᠫᠠᠰᠫᠣᠷᠲ᠂ ᠭᠡᠷ ᠤᠨ ᠲᠦᠯᠬᠢᠭᠦᠷ᠂ ᠲᠡᠷᠭᠡᠨ ᠤ ᠫᠠᠶᠢᠰᠠ ᠪᠠᠨ ᠪᠢᠲᠡᠭᠡᠢ ᠨᠡᠶᠢᠲᠡᠯᠨ      ᠡᠲᠡᠭᠡᠷ ᠮᠡᠳᠡᠭᠡ ᠵᠠᠩᠭᠢ ᠶᠢ ᠠᠬᠤᠭᠤᠯᠤᠭᠰᠠᠨ ᠭᠡᠷᠡᠯ ᠵᠢᠷᠤᠭ ᠨᠢ ᠲᠠᠨ ᠤ ᠤᠨᠴᠠᠭᠠᠢ ᠴᠠᠭ ᠲᠤ ᠣᠷᠣᠰᠢᠵᠤ ᠪᠦᠬᠦᠢ ᠤᠨᠴᠠᠭᠠᠢ ᠣᠷᠣᠨ ᠪᠠᠶᠢᠷᠢ ᠶᠢ ᠵᠠᠳᠠᠷᠠᠭᠤᠯᠵᠤ᠂ ᠪᠠᠰᠠ ᠲᠠᠨ ᠤ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠵᠠᠳᠠᠷᠠᠭᠤᠯᠵᠤ ᠮᠡᠳᠡᠨ᠎ᠡ᠃      ᠣᠷᠣᠨ ᠪᠠᠶᠢᠷᠢ ᠪᠠᠨ ᠪᠢᠲᠡᠭᠡᠢ ᠨᠡᠶᠢᠲᠡᠯᠡᠵᠦ ᠭᠠᠷᠭ᠎ᠠ      ᠬᠡᠷᠪᠡ ᠨᠠᠶᠢᠵᠠ ᠶᠢᠨ ᠲᠣᠭᠤᠷᠢᠭ ᠲᠠᠭᠠᠨ ᠣᠷᠣᠨ ᠪᠠᠶᠢᠷᠢ ᠶᠢᠨ ᠮᠡᠳᠡᠭᠡ ᠵᠠᠩᠭᠢ ᠲᠠᠢ ᠵᠢᠷᠤᠭ ᠢ ᠨᠡᠶᠢᠲᠡᠯᠡᠪᠡᠯ᠂ ᠲᠤᠶᠢᠯ ᠤᠨ ᠦᠨᠡᠨ ᠪᠣᠳᠠᠲᠠᠢ ᠬᠤᠪᠢ ᠬᠥᠮᠥᠨ ᠤ ᠮᠡᠳᠡᠭᠡ ᠵᠠᠩᠭᠢ ᠪᠠᠨ ᠵᠠᠳᠠᠷᠠᠭᠤᠯᠵᠤ᠂ ᠮᠠᠭᠤ ᠬᠥᠮᠥᠨ ᠤ ᠮᠠᠭᠤ ᠬᠡᠷᠡᠭ ᠦᠢᠯᠡᠳᠦᠨ ᠴᠢᠳᠠᠬᠤ ᠨᠣᠷᠮ᠎ᠠ ᠶᠢ ᠰᠢᠭᠤᠳ ᠳᠡᠭᠡᠭᠰᠢᠯᠡᠭᠦᠯᠭᠦ ᠪᠣᠯᠣᠨ᠎ᠠ᠃      ᠬᠡᠦᠬᠡᠳ ᠤᠨ ᠢᠶᠠᠨ ᠰᠡᠭᠦᠳᠡᠷ ᠪᠣᠯᠣᠨ ᠣᠪᠣᠭ ᠨᠡᠷ᠎ᠡ ᠶᠢ ᠪᠢᠲᠡᠭᠡᠢ ᠨᠡᠶᠢᠲᠡᠯᠨ      ᠪᠣᠳᠠᠲᠤ ᠠᠮᠢᠳᠤᠷᠠᠯ ᠳᠤᠮᠳᠠ᠂ ᠮᠠᠰᠢ ᠣᠯᠠᠨ ᠮᠡᠬᠡᠯᠡᠭᠴᠢ ᠨᠢ ᠬᠤᠣᠷ ᠠᠮᠰᠠᠭᠴᠢ ᠲᠠᠢ ᠶᠡᠷᠦ ᠠᠴᠠ ᠲᠠᠨᠢᠯᠴᠠᠬᠤ ᠦᠭᠡᠢ ᠪᠠᠶᠢᠳᠠᠭ᠂ ᠭᠡᠪᠡᠴᠦ ᠮᠡᠬᠡᠯᠡᠭᠴᠢ ᠬᠡᠷᠬᠢᠨ ᠬᠡᠦᠬᠡᠳ ᠪᠠ ᠡᠵᠢ ᠶᠢᠨ ᠬᠢᠨᠢ ᠨᠡᠷ᠎ᠡ ᠶᠢ ᠳᠠᠭᠤᠳᠠᠵᠤ ᠭᠠᠷᠭᠠᠵᠤ ᠴᠢᠳᠠᠬᠤ ᠪᠥᠭᠡᠳ ᠵᠢᠷᠤᠭ ᠰᠡᠭᠦᠳᠡᠷ ᠢ ᠭᠠᠷᠭᠠᠵᠤ ᠴᠢᠳᠠᠵᠤ ᠪᠠᠶᠢᠬᠤ ᠪᠤᠢ ᠭᠡᠪᠡᠯ ᠳᠠᠷᠤᠢ ᠸᠢᠴᠠᠲ ᠤᠨ ᠳᠣᠲᠣᠷᠠᠬᠢ ︽ᠣᠶᠢᠷ᠎ᠠ ᠬᠠᠪᠢ ᠶᠢᠨ ᠬᠥᠮᠥᠨ︾ ᠭᠡᠬᠦ ᠴᠢᠳᠠᠮᠵᠢ ᠶᠢ ᠠᠰᠢᠭᠯᠠᠭᠰᠠᠨ ᠠᠴᠠ ᠪᠣᠯᠵᠠᠢ᠃ ᠬᠡᠦᠬᠡᠳ ᠤᠨ ᠢᠶᠠᠨ ᠭᠡᠷᠡᠯ ᠵᠢᠷᠤᠭ ᠢ ᠨᠡᠶᠢᠲᠡᠯᠡᠬᠦ ᠳᠤᠷᠠᠲᠠᠢ ᠠᠪᠤ ᠡᠵᠢ ᠨᠠᠷ ᠬᠤᠪᠢᠶᠠᠯᠴᠠᠬᠤ ᠬᠡᠪᠴᠢᠶ᠎ᠡ ᠶᠢ ᠬᠢᠵᠠᠭᠠᠷᠯᠠᠵᠤ᠂ ᠳᠤᠭᠤᠶᠢᠯᠠᠩ ᠬᠤᠪᠢᠶᠠᠬᠤ ᠭᠡᠯᠪᠡᠷᠢ ᠪᠠᠷ ᠲᠦᠷᠦᠯ ᠰᠠᠳᠤᠨ ᠳᠤᠮᠳᠠ ᠪᠠᠨ ᠬᠤᠪᠢᠶᠠᠯᠴᠠᠭᠠᠷᠠᠢ᠃      ᠨᠠᠰᠤᠲᠠᠨ ᠤ ᠪᠠᠨ ᠵᠢᠷᠤᠭ ᠰᠡᠭᠦᠳᠡᠷ ᠢ ᠪᠢᠲᠡᠭᠡᠢ ᠨᠡᠶᠢᠲᠡᠯᠡᠵᠦ ᠭᠠᠷᠭ᠎ᠠ      ᠨᠠᠰᠤᠲᠠᠨ ᠤ ᠪᠠᠨ ᠰᠡᠭᠦᠳᠡᠷ ᠢ ᠨᠡᠶᠢᠲᠡᠯᠡᠬᠦ ᠨᠢ ᠮᠠᠭᠤ ᠬᠥᠮᠥᠨ ᠤ ᠲᠠᠨᠢᠵᠤ ᠠᠪᠬᠤ ᠲᠣᠬᠢᠶᠠᠯᠳᠤᠮᠵᠢ ᠶᠢ ᠨᠡᠩ ᠥᠨᠳᠥᠷ ᠪᠣᠯᠭᠠᠳᠠᠭ᠃ ᠬᠡᠷᠪᠡ ᠵᠠᠷᠢᠮ ᠬᠥᠮᠥᠨ ᠨᠠᠰᠤᠲᠠᠨ ᠳᠤ ᠲᠡᠭᠦᠨ ᠤ ᠣᠮᠪᠣᠯᠣ ᠶᠢᠨ ᠬᠢᠨᠢ ᠨᠡᠷ᠎ᠡ ᠶᠢ ᠬᠡᠯᠡᠵᠦ᠂ ᠶᠠᠮᠠᠷ ᠨᠢᠭᠡᠨ ᠬᠤᠳᠠᠯ ᠬᠠᠭᠤᠷᠮᠠᠭ ᠬᠡᠷᠡᠭ ᠦᠢᠯᠡᠳᠪᠡᠯ᠂ ᠨᠠᠰᠤᠲᠠᠨ ᠤ ᠬᠠᠭᠠᠰ ᠨᠠᠰᠤᠨ ᠤ ᠬᠠᠳᠠᠭᠠᠯᠠᠮᠵᠢ ᠶᠢ ᠮᠠᠰᠢ ᠠᠮᠠᠷᠬᠠᠨ ᠢᠶᠠᠷ ᠮᠡᠬᠡᠯᠡᠴᠢᠬᠡᠵᠦ ᠮᠡᠳᠡᠨ᠎ᠡ᠃                  2. ᠡᠳᠦᠷ ᠲᠤᠲᠤᠮ ᠤᠨ ᠦᠢᠯᠡ ᠠᠵᠢᠯᠯᠠᠭ᠎ᠠ ᠳᠤᠮᠳᠠ ᠪᠠᠨ ᠬᠡᠷᠰᠡᠦ ᠪᠠᠶᠢᠭᠠᠷᠠᠢ      ᠡᠩ ᠤᠨ ᠴᠠᠭ ᠲᠤ ᠭᠠᠳᠠᠭᠰᠢ ᠭᠠᠷᠬᠤ ᠳᠠᠭᠠᠨ ᠴᠠᠭ ᠤᠨ ᠬᠤᠪᠢᠶᠠᠷᠢ᠂ ᠮᠥᠷ ᠰᠤᠷᠠᠭ ᠵᠡᠷᠭᠡ ᠶᠢ ᠠᠯᠢ ᠴᠢᠳᠠᠬᠤ ᠪᠠᠷ ᠵᠠᠳᠠᠷᠠᠭᠤᠯᠵᠤ ᠪᠤᠯᠬᠤ ᠦᠭᠡᠢ᠂ ᠬᠤᠯᠠᠭᠠᠶᠢᠴᠢ ᠲᠠᠨ ᠤ ᠭᠡᠷ ᠲᠤ ᠬᠥᠮᠥᠨ ᠦᠭᠡᠢ ᠦᠶ᠎ᠡ ᠶᠢ ᠲᠣᠬᠢᠶᠠᠯᠳᠤᠭᠤᠯᠤᠨ ᠬᠤᠯᠠᠭᠠᠶᠢᠯᠠᠬᠤ ᠠᠴᠠ ᠰᠡᠷᠭᠡᠶᠢᠯᠡᠬᠦ ᠬᠡᠷᠡᠭᠲᠡᠢ᠃      ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠤᠭᠠᠴᠠᠬᠤ ᠦᠶ᠎ᠡ ᠳᠤ ᠣᠯᠠᠨ ᠬᠥᠮᠥᠨ ᠰᠢᠬᠠᠯᠳᠤᠬᠤ᠂ ᠵᠠᠮ ᠲᠦᠭᠵᠢᠷᠡᠬᠦ ᠂ ᠵᠠᠮ ᠬᠠᠷᠢᠯᠴᠠᠭᠠᠨ ᠤ ᠠᠳᠡᠯ ᠭᠠᠷᠬᠤ ᠵᠡᠷᠭᠡ ᠠᠰᠠᠭᠤᠳᠠᠯ ᠲᠣᠬᠢᠶᠠᠯᠳᠤᠪᠠᠯ᠂ ᠦᠨᠡᠨ ᠪᠠᠶᠢᠳᠠᠯ ᠢ ᠡᠵᠡᠮᠰᠢᠬᠦ ᠠᠴᠠ ᠡᠮᠦᠨ᠎ᠡ ᠰᠣᠬᠤᠷ ᠪᠠᠯᠠᠢ ᠪᠠᠷ ᠳᠠᠮᠵᠢᠭᠤᠯᠤᠨ ᠲᠠᠷᠬᠠᠭᠠᠵᠤ ᠪᠤᠯᠬᠤ ᠦᠭᠡᠢ᠃      ᠬᠠᠶᠢᠷ᠎ᠠ ᠰᠡᠳᠬᠢᠯᠭᠡ ᠶᠢᠨ ᠠᠰᠠᠭᠤᠳᠠᠯ ᠳᠤ ᠤᠴᠠᠷᠠᠪᠠᠯ ᠤᠨᠲᠤᠭᠤᠴᠠᠯ ᠤᠨ ᠰᠤᠷᠠᠭ ᠵᠠᠩᠭᠢ ᠶᠢ ᠴᠥᠭᠡᠨ ᠲᠠᠷᠬᠠᠭᠠᠪᠠᠯ ᠵᠣᠬᠢᠨ᠎ᠠ᠃ ᠡᠨᠡ ᠨᠢ ᠮᠠᠭᠤ ᠰᠠᠨᠠᠭ᠎ᠠ ᠡᠪᠦᠷᠯᠡᠭᠰᠡᠨ ᠬᠥᠮᠥᠰ ᠤᠨ ᠠᠩᠬᠠᠷᠤᠯ ᠢ ᠠᠮᠠᠷᠬᠠᠨ ᠲᠠᠲᠠᠬᠤ ᠪᠠᠷ ᠪᠠᠷᠠᠬᠤ ᠦᠭᠡᠢ᠂ ᠬᠥᠮᠥᠨ ᠤ ᠬᠤᠭᠤᠷᠣᠨᠳᠣᠭᠢ ᠬᠠᠷᠢᠴᠠᠭ᠎ᠠ ᠶᠢ ᠴᠤ ᠬᠤᠬᠢᠷᠠᠭᠤᠯᠬᠤ ᠪᠣᠯᠣᠨ᠎ᠠ᠃      3. ᠭᠠᠷ ᠤᠲᠠᠰᠤ ᠬᠡᠷᠡᠭᠯᠡᠬᠦ ᠠᠷᠭ᠎ᠠ ᠳᠡᠮ ᠢ ᠡᠵᠡᠮᠰᠢᠬᠦ ᠬᠡᠷᠡᠭᠲᠡᠢ       ︽ᠣᠶᠢᠷ᠎ᠠ ᠬᠠᠪᠢ ᠶᠢᠨ ᠬᠥᠮᠥᠨ︾ ᠭᠡᠬᠦ ᠴᠢᠳᠠᠮᠵᠢ ᠶᠢ ᠬᠠᠭᠠᠭᠠᠷᠠᠢ      ᠸᠢᠴᠠᠲ ᠳᠣᠲᠣᠷᠠᠬᠢ ︽ᠣᠶᠢᠷ᠎ᠠ ᠬᠠᠪᠢ ᠶᠢᠨ ᠬᠥᠮᠥᠨ︾ ᠴᠢᠳᠠᠮᠵᠢ ᠨᠢ ᠲᠠᠨ ᠤ ᠣᠷᠣᠨ ᠪᠠᠶᠢᠷᠢ ᠶᠢ ᠲᠣᠭᠲᠠᠭᠠᠵᠤ ᠪᠣᠯᠣᠨ᠎ᠠ᠃ ᠡᠨᠡ ᠬᠦ ᠴᠢᠳᠠᠮᠵᠢ ᠶᠢ ᠬᠠᠭᠠᠭᠠᠷᠠᠢ᠃       ︽ᠪᠠᠶᠢᠴᠠᠭᠠᠨ ᠦᠵᠡᠬᠦ ᠶᠢ ᠵᠥᠪᠰᠢᠶᠡᠷᠡᠨ᠎ᠡ︾ ᠭᠡᠬᠦ ᠴᠢᠳᠠᠮᠵᠢ ᠶᠢ ᠬᠠᠭᠠᠭᠠᠷᠠᠢ      ᠸᠢᠴᠠᠲ ᠤᠨ ︽ᠬᠤᠪᠢ ᠶᠢᠨ ᠨᠢᠭᠤᠴᠠ︾ ᠪᠤᠯᠤᠩ ᠤᠨ ᠨᠠᠶᠢᠵᠠ ᠶᠢᠨ ᠲᠣᠭᠤᠷᠢᠭ ᠤᠨ ᠡᠷᠬᠡ ᠮᠡᠳᠡᠯ ᠤᠨ ᠬᠡᠪᠴᠢᠶᠡᠨ ᠳᠤ ︽ᠲᠠᠨᠢᠯ ᠪᠤᠰᠤ ᠬᠥᠮᠥᠰ ᠤᠨ ᠠᠷᠪᠠᠨ ᠵᠤᠷᠪᠤᠰ ᠨᠠᠶᠢᠵᠠ ᠶᠢᠨ ᠲᠣᠭᠤᠷᠢᠭ ᠢ ᠪᠠᠶᠢᠴᠠᠭᠠᠨ ᠦᠵᠡᠬᠦ ᠶᠢ ᠵᠥᠪᠰᠢᠶᠡᠷᠡᠨ᠎ᠡ︾ ᠭᠡᠰᠡᠨ ᠰᠣᠩᠭᠤᠯᠲᠠ ᠶᠢ ᠬᠠᠭᠠᠭᠠᠷᠠᠢ᠃      ᠭᠠᠷ ᠤᠲᠠᠰᠤ ᠪᠠᠨ ᠭᠡᠭᠡᠪᠡᠯ ᠪᠢᠲᠡᠭᠡᠢ ᠰᠠᠨᠳᠤᠷ      ᠴᠠᠭᠢᠯᠭᠠᠨ ᠮᠡᠳᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ︵ᠳᠤᠮᠳᠠᠳᠤ ᠤᠯᠤᠰ ᠤᠨ ᠴᠠᠭᠢᠯᠭᠠᠨ ᠬᠤᠯᠪᠤᠭ᠎ᠠ 10000᠂ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ 10086᠂ ᠳᠤᠮᠳᠠᠳᠤ ᠤᠯᠤᠰ ᠤᠨ ᠨᠢᠭᠡᠳᠦᠮᠡᠯ ᠬᠤᠯᠪᠤᠭ᠎ᠠ 10010︶ ᠎ ᠳᠤ ᠭᠠᠷ ᠤᠲᠠᠰᠤᠨ ᠤ ᠨᠣᠮᠧᠷ ᠢᠶᠠᠨ ᠭᠡᠭᠡᠭᠰᠡᠨ ᠢᠶᠠᠨ ᠳᠠᠩᠰᠠᠯᠠᠭᠤᠯᠤᠭᠠᠷᠠᠢ᠂ ᠪᠠᠩᠬᠢ ᠲᠠᠢ ᠬᠠᠷᠢᠯᠴᠠᠨ ᠭᠠᠷ ᠤᠲᠠᠰᠤᠨ ᠤ ᠰᠦᠯᠵᠢᠶᠡᠨ ᠤ ᠪᠠᠩᠬᠢ ᠪᠠᠨ ᠴᠡᠪᠳᠡᠭᠯᠡᠭᠡᠷᠡᠢ᠂ ︽ᡁᠢ ᠹᠦ᠋ ᠪᠤᠤ︾ ᠪᠣᠯ 95188᠎ ᠳᠤ ᠤᠲᠠᠰᠤᠳᠠᠵᠤ ᠬᠦᠴᠦᠨ ᠦᠭᠡᠢ ᠪᠤᠯᠭ᠎ᠠ᠂ ᠸᠢᠴᠠᠲ ᠪᠣᠯ 110.qq.com᠎ ᠳᠤ ᠭᠠᠷᠴᠤ ᠬᠦᠴᠦᠨ ᠦᠭᠡᠢ ᠪᠣᠯᠭ᠎ᠠ᠃        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号