ᠴᠣᠭᠲᠤᠬᠦ᠋ᠷᠢᠶ᠎ᠡ ᠰᠤᠮᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠮᠠᠯᠴᠢᠨ ᠲᠦᠮᠡᠨ ᠳᠤ ᠠᠰᠢᠭ ᠬᠦᠷᠲᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2024/5/16
      ᠰᠤᠷᠪᠤᠯᠵᠢᠯᠠᠬᠴᠢ ᠰᠡᠴᠡᠨᠪᠠᠲᠤ       ︽ᠡᠨᠡ ᠵᠢᠯ ᠮᠠᠨ ᠤ ᠠᠳᠡ ᠰᠦᠯᠵᠢᠶᠡᠨ ᠤ ᠳᠣᠬᠢᠶ᠎ᠠ ᠰᠠᠶᠢᠨ ᠪᠣᠯᠤᠭᠰᠠᠨ ᠠᠴᠠ ᠴᠠᠭᠠᠨ ᠰᠠᠷ᠎ᠠ ᠰᠠᠳᠤᠨ ᠲᠦᠷᠦᠯ ᠨᠠᠶᠢᠵᠠ ᠨᠥᠬᠦᠳ ᠲᠠᠢ ᠪᠠᠨ ᠬᠤᠯᠪᠤᠭ᠎ᠠ ᠠᠪᠴᠤ᠂ ᠰᠠᠷ᠎ᠠ ᠰᠢᠨ᠎ᠡ ᠶᠢᠨ ᠮᠡᠨᠳᠦᠴᠢᠯᠡᠯ ᠲᠠᠢ᠂ ᠢᠷᠦᠭᠡᠯ ᠵᠥᠩᠨᠡᠯ ᠲᠠᠢ ᠰᠠᠶᠢᠬᠠᠨ ᠴᠠᠭᠠᠯᠠᠵᠠᠢ︾ ᠭᠡᠵᠦ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤᠨ ᠤ ᠵᠠᠬᠳᠤ ᠭᠠᠴᠠᠭᠠᠨ ᠤ ᠮᠠᠯᠴᠢᠨ ᠳᠠᠪᠰᠢᠯᠲᠤ ᠶᠠᠷᠢᠨ᠎ᠠ᠃ ᠵᠠᠬᠳᠤ ᠭᠠᠴᠠᠭ᠎ᠠ ᠨᠢ ᠲᠡᠭᠷᠢ ᠡᠯᠡᠰᠦᠨ ᠳᠤ ᠪᠠᠶᠢᠷᠢᠰᠢᠵᠤ᠂ ᠶᠡᠷᠦᠩᠬᠡᠢ ᠲᠠᠯᠠᠪᠠᠢ ᠨᠢ 1174254 ᠮᠦ ᠳᠤ ᠬᠦᠷᠴᠦ᠂ 95%᠎ ᠶᠢᠨ ᠨᠤᠲᠤᠭ ᠪᠡᠯᠴᠢᠭᠡᠷ ᠨᠢ ᠲᠡᠭᠷᠢ ᠡᠯᠡᠰᠦᠨ ᠤ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠣᠷᠣᠨ ᠳᠤ ᠪᠠᠭᠲᠠᠨ᠂ ᠠᠰᠢᠭᠯᠠᠵᠤ ᠪᠤᠯᠬᠤ ᠪᠡᠯᠴᠢᠭᠡᠷ ᠤᠨ ᠲᠠᠯᠠᠪᠠᠢ 95653 ᠮᠦ ᠳᠤ ᠬᠦᠷᠴᠦ᠂ ᠭᠠᠴᠠᠭᠠᠨ ᠳᠤ ᠪᠠᠶᠢᠩᠭᠤ ᠰᠠᠭᠤᠷᠢᠰᠢᠭ᠎ᠠ 29 ᠡᠷᠦᠭᠡ ᠶᠢᠨ 70 ᠭᠠᠷᠤᠢ ᠬᠥᠮᠥᠨ ᠠᠮᠠ ᠲᠠᠢ᠂ ᠮᠠᠯᠴᠢᠳ ᠲᠡᠭᠷᠢ ᠡᠯᠡᠰᠦᠨ ᠤ ᠭᠦᠨ ᠳᠤ ᠲᠠᠷᠬᠠᠢ ᠪᠤᠳᠠᠷᠠᠬᠠᠢ ᠰᠠᠭᠤᠷᠢᠰᠢᠳᠠᠭ ᠠᠴᠠ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠴᠠᠭᠢᠯᠭᠠᠨ ᠨᠡᠪᠳᠡᠷᠡᠵᠤ ᠴᠢᠳᠠᠭ᠎ᠠ ᠦᠭᠡᠢ ᠪᠠᠶᠢᠵᠤ᠂ ᠨᠠᠷᠠ ᠰᠠᠯᠬᠢᠨ ᠤ ᠡᠨᠧᠷᠭᠢ ᠪᠠᠷ ᠴᠠᠭᠢᠯᠭᠠᠨ ᠭᠠᠷᠭᠠᠵᠤ ᠤᠳᠤ ᠪᠣᠯᠵᠠᠢ᠃      ᠵᠠᠬᠳᠤ ᠭᠠᠴᠠᠭᠠᠨ ᠤ ᠡᠷᠭᠢᠨ ᠲᠣᠭᠤᠷᠢᠨ ᠢᠶᠠᠷ ᠠᠷᠪᠠᠭᠠᠳ ᠠᠶᠢᠯ ᠰᠠᠭᠤᠷᠢᠰᠢᠳᠠᠭ᠂ ᠲᠡᠨᠳᠡ ᠰᠦᠯᠵᠢᠶᠡᠨ ᠤ ᠳᠣᠬᠢᠶ᠎ᠠ ᠠᠨᠠᠢ᠂ ᠴᠢᠮᠡᠭᠡ ᠬᠤᠯᠪᠤᠭ᠎ᠠ ᠠᠪᠬᠤ ᠳᠤ ᠳᠠᠩᠳᠠ ᠭᠠᠴᠢᠭᠳᠠᠳᠠᠭ᠃ ᠵᠢᠯ ᠪᠣᠯᠭᠠᠨ ᠤ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠠᠯᠴᠢᠨ ᠲᠥᠯᠥᠭᠡᠯᠡᠭᠴᠢᠳ ᠵᠠᠬᠳᠤ ᠭᠠᠴᠠᠭᠠᠨ ᠤ ᠴᠢᠮᠡᠭᠡ ᠬᠤᠯᠪᠣᠭᠠᠨ ᠤ ᠠᠰᠠᠭᠤᠳᠠᠯ ᠢ ᠰᠢᠢᠳᠪᠦᠷᠢᠯᠡᠨ ᠥᠭᠬᠦ ᠲᠤᠬᠠᠢ ᠰᠠᠨᠠᠯ ᠢᠶᠠᠨ ᠳᠡᠪᠰᠢᠭᠦᠯᠦᠭᠰᠡᠭᠡᠷ ᠢᠷᠡᠵᠡᠢ᠃ ᠲᠥᠯᠥᠭᠡᠯᠡᠭᠴᠢᠳ ᠤᠨ ᠰᠠᠨᠠᠯ ᠪᠣᠯ ᠳᠠᠷᠤᠢ ᠮᠠᠯᠴᠢᠨ ᠲᠦᠮᠡᠨ ᠤ ᠰᠠᠨᠠᠯ ᠮᠥᠨ᠂ ᠮᠠᠯᠴᠢᠳ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠨ ᠥᠭᠴᠦ᠂ ᠨᠡᠩ ᠰᠠᠶᠢᠨ ᠴᠢᠮᠡᠭᠡ ᠬᠤᠯᠪᠣᠭᠠᠨ ᠤ ᠦᠢᠯᠡᠴᠢᠯᠡᠭᠡ ᠶᠢ ᠬᠠᠩᠭᠠᠵᠤ ᠥᠭᠬᠦ ᠶᠢᠨ ᠲᠥᠯᠥᠭᠡ ᠰᠤᠮᠤᠨ ᠤ ᠵᠠᠰᠠᠭ ᠤᠨ ᠣᠷᠳᠣᠨ ᠠᠴᠠ ᠮᠠᠯᠴᠢᠳ ᠤᠨ ᠭᠡᠷ ᠢᠶᠠᠷ ᠭᠦᠨᠵᠡᠭᠡᠶᠢᠷᠡᠨ᠂ ᠴᠢᠮᠡᠭᠡ ᠬᠤᠯᠪᠣᠭᠠᠨ ᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ᠂ ᠴᠢᠮᠡᠭᠡ ᠬᠤᠯᠪᠤᠭ᠎ᠠ ᠨᠡᠪᠲᠡᠷᠡᠬᠦ ᠦᠭᠡᠢ ᠪᠠᠶᠢᠬᠤ ᠭᠠᠵᠠᠷ ᠣᠷᠣᠨ᠂ ᠬᠦᠷᠢᠶ᠎ᠡ ᠬᠡᠪᠴᠢᠶ᠎ᠡ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ᠂ ᠨᠠᠷᠢᠨ ᠪᠠᠶᠢᠳᠠᠯ ᠢ ᠣᠶᠢᠯᠠᠭᠠᠵᠤ ᠡᠵᠡᠮᠰᠢᠭᠰᠡᠨ ᠤ ᠳᠠᠷᠠᠭ᠎ᠠ᠂ 2023 ᠣᠨ ᠳᠤ ᠲᠤᠮᠳᠠᠳᠤ ᠤᠯᠤᠰ ᠤᠨ ᠨᠢᠭᠡᠳᠦᠮᠡᠯ ᠴᠢᠮᠡᠭᠡ ᠬᠤᠯᠪᠤᠭ᠎ᠠ ᠶᠢᠨ ᠠᠯᠠᠱᠠ ᠠᠶᠢᠮᠠᠭ ᠤᠨ ᠬᠤᠪᠢᠶᠠᠷᠢ ᠺᠤᠮᠫᠠᠨᠢ ᠲᠠᠢ ᠬᠠᠷᠢᠯᠴᠠᠵᠤ᠂ ᠵᠠᠬᠳᠤ ᠭᠠᠴᠠᠭᠠᠨ ᠳᠤ 4 ᠲᠤᠭᠢᠶᠠᠨ ᠤ ᠰᠤᠪᠤᠷᠭ᠎ᠠ ᠶᠢ ᠪᠣᠰᠬᠠᠬᠤ ᠲᠦᠷᠦᠯ ᠵᠦᠢᠯ ᠢ ᠭᠤᠶᠤᠴᠢᠯᠠᠨ ᠣᠯᠵᠤ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠤᠯᠠᠭᠠᠨᠴᠤᠨᠵᠢ ᠭᠠᠴᠠᠭ᠎ᠠ᠂ ᠡᠮᠦᠨᠡᠭᠤᠤᠯ ᠭᠠᠴᠠᠭ᠎ᠠ ᠠᠴᠠ ᠬᠤᠶᠢᠳᠤᠭᠤᠤᠯ ᠭᠠᠴᠠᠭ᠎ᠠ ᠭᠦᠷᠳᠡᠯ᠎ᠡ 45 ᠺᠢᠯᠣᠮᠧᠲᠷ ᠤᠨ ᠶᠡᠭᠡ ᠪᠠᠭᠲᠠᠭᠠᠮᠵᠢᠲᠤ ᠭᠡᠷᠡᠯ ᠤᠨ ᠳᠣᠬᠢᠶ᠎ᠠ ᠳᠠᠮᠵᠢᠭᠤᠯᠬᠤ ᠤᠲᠠᠰᠤ ᠶᠢ ᠪᠤᠯᠠᠵᠤ᠂ ᠰᠦᠯᠵᠢᠶᠡᠨ ᠤ ᠳᠣᠭᠢᠶᠠᠨ ᠪᠦᠷᠬᠦᠴᠡ ᠶᠢ ᠶᠡᠬᠡᠰᠬᠡᠪᠡ᠃ 2024 ᠣᠨ ᠳᠤ ᠲᠤᠮᠳᠠᠳᠤ ᠤᠯᠤᠰ ᠤᠨ ᠨᠢᠭᠡᠳᠦᠮᠡᠯ ᠴᠢᠮᠡᠭᠡ ᠬᠤᠯᠪᠤᠭ᠎ᠠ ᠶᠢᠨ ᠠᠯᠠᠱᠠ ᠶᠢᠨ ᠬᠤᠶᠠᠷᠬᠤᠳᠳᠤᠭ ᠤᠨ ᠬᠤᠪᠢᠶᠠᠷᠢ ᠺᠤᠮᠫᠠᠨᠢ ᠠᠴᠠ ᠵᠠᠬᠳᠤ ᠭᠠᠴᠠᠭᠠᠨ ᠤ ᠰᠦᠯᠵᠢᠶᠡᠨ ᠤ ᠬᠤᠶᠠᠳᠤᠭᠠᠷ ᠰᠠᠭᠤᠷᠢ ᠦᠷᠳᠡᠭᠡ ᠪᠣᠯᠣᠨ ᠲᠤᠮᠳᠠᠭᠤᠤᠯ ᠭᠠᠴᠠᠭᠠᠨ ᠤ ᠰᠦᠯᠵᠢᠶᠡᠨ ᠤ ᠬᠤᠶᠠᠳᠤᠭᠠᠷ ᠰᠠᠭᠤᠷᠢ ᠦᠷᠳᠡᠭᠡ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠬᠤ ᠪᠠᠷ ᠲᠥᠯᠥᠪᠯᠡᠵᠦ᠂ ᠤᠯᠠᠭᠠᠨᠴᠤᠨᠵᠢ ᠭᠠᠴᠠᠭ᠎ᠠ᠂ ᠴᠣᠭᠲᠤᠬᠦ᠋ᠷᠢᠶ᠎ᠡ ᠶᠢᠨ ᠤᠢ ᠰᠢᠭᠤᠢ ᠶᠢᠨ ᠲᠠᠯᠠᠪᠠᠢ ᠳᠤ ᠥᠨᠳᠥᠷ ᠬᠤᠷᠳᠤᠴᠠᠲᠤ ᠶᠡᠭᠡ ᠪᠠᠭᠲᠠᠭᠠᠮᠵᠢᠲᠤ ᠰᠦᠯᠵᠢᠶ᠎ᠡ ᠶᠢ ᠪᠦᠷᠬᠦᠭᠦᠯᠬᠦ ᠪᠠᠷ ᠪᠣᠯᠪᠠ᠃      ᠣᠶᠢᠷ᠎ᠠ ᠶᠢᠨ ᠵᠢᠯ ᠳᠤ᠂ ᠴᠣᠭᠲᠤᠬᠦ᠋ᠷᠢᠶ᠎ᠡ ᠰᠤᠮᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠤᠮᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠣᠯᠭᠠᠨ ᠠᠳᠬᠤᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠲᠤᠭᠢᠶᠠᠯ ᠪᠣᠯᠭᠠᠨ᠂ ᠤᠰᠤᠨ ᠠᠰᠢᠭᠯᠠᠯᠲᠠ᠂ ᠵᠠᠮ ᠨᠡᠪᠲᠡᠷᠡᠯᠭᠡ᠂ ᠴᠢᠮᠡᠭᠡ ᠬᠤᠯᠪᠤᠭ᠎ᠠ ᠵᠡᠷᠭᠡ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠤᠨ ᠪᠡᠯᠡ ᠤᠷᠤᠭᠤᠯᠤᠯᠳᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠪᠠᠲᠤᠯᠠᠭ᠎ᠠ ᠬᠠᠩᠭᠠᠨ ᠥᠭᠴᠦ ᠪᠠᠶᠢᠨ᠎ᠠ᠃ ᠣᠶᠢᠷ᠎ᠠ ᠶᠢᠨ ᠵᠢᠯ ᠳᠤ᠂ ᠭᠠᠩ ᠬᠠᠭᠰᠠᠷᠭᠠᠨ ᠬᠡᠴᠡᠭᠦᠳᠡᠭᠰᠡᠨ ᠵᠡᠷᠭᠡ ᠪᠠᠶᠢᠭᠠᠯᠢ ᠶᠢᠨ ᠨᠥᠬᠦᠴᠡᠯ ᠠᠴᠠ ᠪᠣᠯᠵᠤ᠂ ᠬᠤᠳᠳᠤᠭ ᠤᠨ ᠤᠰᠤᠨ ᠤ ᠬᠠᠩᠭᠠᠯᠭ᠎ᠠ ᠬᠦᠷᠦᠯᠴᠡᠬᠦ ᠦᠭᠡᠢ᠂ ᠤᠰᠤᠨ ᠤ ᠴᠢᠨᠠᠷ ᠪᠠᠷᠢᠮᠵᠢᠶᠠᠨ ᠳᠤ ᠬᠦᠷᠬᠦ ᠦᠭᠡᠢ ᠠᠴᠠ ᠪᠣᠯᠵᠤ᠂ ᠮᠠᠯᠴᠢᠳ ᠵᠢᠯ ᠲᠤᠷᠰᠢ ᠳᠠᠭᠠᠨ ᠤᠰᠤ ᠲᠠᠲᠠᠵᠤ ᠤᠤᠭᠤᠳᠠᠭ ᠠᠴᠠ ᠶᠡᠭᠡ ᠬᠡᠮᠵᠢᠶᠡᠨ ᠤ ᠵᠠᠷᠤᠳᠠᠯ ᠨᠡᠮᠡᠭᠳᠡᠵᠦ᠂ ᠤᠰᠤᠨ ᠤ ᠬᠠᠩᠭᠠᠯᠭ᠎ᠠ ᠶᠢ ᠰᠢᠢᠳᠪᠦᠷᠢᠯᠡᠬᠦ ᠨᠢ ᠮᠠᠯᠴᠢᠳ ᠲᠤ ᠲᠤᠯᠭᠠᠷᠠᠵᠤ ᠪᠠᠶᠢᠭ᠎ᠠ ᠬᠠᠮᠤᠭ ᠤᠨ ᠴᠢᠬᠤᠯᠠ ᠠᠰᠠᠭᠤᠳᠠᠯ ᠪᠣᠯᠤᠭᠰᠠᠨ ᠪᠠᠶᠢᠪᠠ᠃ 2023 ᠣᠨ ᠳᠤ ᠴᠣᠭᠲᠤᠬᠦ᠋ᠷᠢᠶ᠎ᠡ ᠰᠤᠮᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠬᠤ ᠪᠠᠷ ᠳᠠᠮᠵᠢᠠ᠂ ᠡᠮᠦᠨᠡᠭᠤᠤᠯ ᠭᠠᠴᠠᠭ᠎ᠠ᠂ ᠤᠯᠠᠭᠠᠨᠴᠤᠨᠵᠢ ᠭᠠᠴᠠᠭᠠᠨ ᠳᠤ ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠤᠰᠤᠨ ᠤ ᠪᠠᠲᠤᠯᠠᠭ᠎ᠠ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ 60 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠬᠤᠶᠠᠷ ᠭᠠᠴᠠᠭᠠᠨ ᠳᠤ 24 ᠺᠢᠯᠣᠮᠧᠲᠷ ᠤᠷᠳᠤ ᠤᠰᠤ ᠳᠠᠮᠵᠢᠭᠤᠯᠬᠤ ᠬᠤᠭᠤᠯᠠᠢ ᠳᠡᠪᠢᠰᠴᠦ᠂ ᠤᠰᠤ ᠬᠠᠳᠠᠭᠠᠯᠠᠬᠤ ᠰᠠᠪᠠ ᠪᠣᠯᠣᠨ ᠤᠰᠤᠨ ᠬᠥᠭᠡᠷᠭᠡ ᠵᠡᠷᠭᠡ ᠰᠠᠭᠤᠷᠢ ᠲᠥᠬᠦᠭᠡᠷᠦᠮᠵᠢ ᠶᠢ ᠤᠭᠰᠠᠷᠠᠨ᠂ 25 ᠮᠠᠯᠴᠢᠨ ᠲᠠᠷᠢᠶᠠᠴᠢᠨ ᠡᠷᠦᠭᠡ ᠳᠤ ᠠᠮᠤᠷ ᠲᠦᠪᠰᠢᠨ᠂ ᠴᠢᠨᠠᠷ ᠰᠠᠶᠢᠲᠠᠢ ᠤᠤᠭᠤᠬᠤ ᠤᠰᠤ ᠶᠢ ᠬᠠᠩᠭᠠᠭᠰᠠᠨ ᠪᠠᠶᠢᠨ᠎ᠠ᠃      ᠡᠮᠦᠨᠡᠭᠤᠤᠯ ᠭᠠᠴᠠᠭ᠎ᠠ ᠠᠴᠠ ᠤᠭᠤᠨᠤᠳᠤ ᠭᠠᠴᠠᠭ᠎ᠠ ᠬᠦᠷᠬᠦ ᠵᠠᠰᠠᠮᠠᠯ ᠵᠠᠮ ᠪᠣᠯ ᠮᠠᠯᠴᠢᠳ ᠤᠨ ᠰᠤᠮᠤᠨ ᠤ ᠲᠥᠪ᠂ ᠵᠢᠷᠭᠠᠯᠰᠠᠶᠢᠬᠠᠨ ᠤᠷᠤᠭᠤ ᠣᠴᠢᠬᠤ ᠴᠤᠷ ᠤᠨ ᠭᠠᠭᠴᠠ ᠵᠠᠮ ᠪᠠᠶᠢᠵᠤ᠂ ᠡᠳᠡᠭᠡᠷ ᠵᠢᠯ ᠤᠳ ᠲᠤ ᠵᠠᠮ ᠨᠢ ᠨᠠᠷᠢᠨ ᠢᠪᠴᠤᠤ᠂ ᠵᠠᠮ ᠤᠨ ᠭᠠᠳᠠᠷᠭᠤ ᠨᠢ ᠠᠳᠠᠯᠢ ᠪᠤᠰᠤ ᠬᠡᠮᠵᠢᠶ᠎ᠡ ᠪᠠᠷ ᠡᠪᠳᠡᠭᠳᠡᠨ᠂ ᠡᠯᠡᠰᠦ ᠬᠤᠷᠠᠨ ᠮᠠᠯᠴᠢᠳ ᠤᠨ ᠭᠠᠳᠠᠭᠰᠢ ᠳᠣᠲᠣᠭᠰᠢ ᠶᠠᠪᠤᠬᠤ᠂ ᠡᠪᠡᠰᠦ ᠪᠣᠷᠳᠤᠭ᠎ᠠ ᠵᠥᠭᠡᠭᠡᠪᠦᠷᠢᠯᠡᠬᠦ ᠦᠢᠯᠡᠳᠪᠦᠷᠢᠯᠡᠯ ᠠᠮᠢᠳᠤᠷᠠᠯ ᠳᠤ ᠶᠡᠬᠡᠬᠡᠨ ᠨᠥᠯᠥᠭᠡ ᠦᠵᠡᠭᠦᠯᠦᠭᠰᠡᠭᠡᠷ ᠢᠷᠡᠵᠡᠢ᠃ ᠰᠤᠮᠤᠨ ᠤ ᠵᠠᠰᠠᠭ ᠤᠨ ᠣᠷᠳᠣᠨ ᠠᠴᠠ 2023 ᠣᠨ ᠳᠤ ᠬᠤᠰᠢᠭᠤᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠨ᠂ 900 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠡᠮᠦᠨᠡᠭᠤᠤᠯ ᠭᠠᠴᠠᠭᠠᠨ ᠠᠴᠠ ᠤᠭᠤᠨᠤᠳᠤ ᠭᠠᠴᠠᠭ᠎ᠠ ᠬᠦᠷᠬᠦ ᠵᠠᠮ ᠢ ᠰᠡᠯᠪᠢᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ 52 ᠭᠠᠷᠤᠢ ᠺᠢᠯᠣᠮᠧᠲᠷ ᠤᠷᠳᠤ ᠵᠠᠮ ᠢ ᠰᠢᠨ᠎ᠡ ᠪᠠᠷ ᠳᠡᠪᠢᠰᠴᠦ᠂ ᠪᠦᠭᠦ ᠵᠢᠯ ᠳᠤ ᠲᠤᠰ ᠵᠠᠮ ᠤᠨ ᠡᠯᠡᠰᠦᠨ ᠬᠤᠷᠠᠮᠠᠯ ᠢ 8 ᠤᠳᠠᠭ᠎ᠠ ᠴᠡᠪᠡᠷᠯᠡᠵᠦ᠂ ᠡᠮᠦᠨᠡᠭᠤᠤᠯ᠂ ᠲᠤᠮᠳᠠᠭᠤᠤᠯ᠂ ᠬᠤᠶᠢᠳᠤᠭᠤᠤᠯ᠂ ᠤᠭᠤᠨᠤᠳᠤ᠂ ᠴᠠᠭᠠᠨᠪᠤᠯᠠᠭ᠂ ᠵᠠᠬᠳᠤ ᠵᠡᠷᠭᠡ ᠭᠠᠴᠠᠭᠠᠨ ᠤ 148 ᠡᠷᠦᠭᠡ ᠶᠢᠨ 430 ᠭᠠᠷᠤᠢ ᠮᠠᠯᠴᠢᠳ ᠲᠤ ᠳᠥᠭᠦᠮ ᠳᠥᠲᠡ ᠵᠠᠮ ᠬᠠᠷᠢᠯᠴᠠᠭᠠᠨ ᠤ ᠪᠠᠲᠤᠯᠠᠭ᠎ᠠ ᠶᠢ ᠬᠠᠩᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号