| ᠡᠳᠡᠭᠡᠷ ᠸᠢᠴᠠᠲ ᠤᠨ ᠤᠯᠠᠭᠠᠨ ᠪᠠᠭᠯᠠᠭ᠎ᠠ ᠶᠢ ᠶᠠᠭᠠᠬᠢᠭᠰᠠᠨ ᠴᠤ ᠪᠢᠲᠡᠭᠡᠢ ᠠᠪ ᠭᠡᠵᠦ ᠰᠠᠨᠠᠭᠤᠯᠤᠶ᠎ᠠ︕ | 1. ᠨᠢᠭᠤᠴᠠ ᠨᠣᠮᠧᠷ ᠢᠶᠠᠨ ᠪᠢᠴᠢᠵᠦ ᠤᠷᠤᠭᠤᠯᠬᠤ ᠶᠢ ᠱᠠᠭᠠᠷᠳᠠᠭᠰᠠᠨ ᠤᠯᠠᠭᠠᠨ ᠪᠠᠭᠯᠠᠭ᠎ᠠ | ᠸᠢᠴᠠᠲ ᠤᠨ ᠰᠠᠶᠢᠨ ᠨᠠᠶᠢᠵᠠ ᠶᠢᠨ ᠢᠶᠠᠨ ᠢᠷᠡᠭᠦᠯᠦᠭᠰᠡᠨ ᠨᠢᠭᠡᠨ ᠤᠯᠠᠭᠠᠨ ᠪᠠᠭᠯᠠᠭ᠎ᠠ ᠶᠢ ᠨᠡᠭᠡᠭᠡᠬᠦ ᠦᠶᠡᠰ ᠨᠢᠭᠤᠴᠠ | ᠨᠣᠮᠧᠷ ᠢᠶᠠᠨ ᠪᠢᠴᠢᠵᠦ ᠣᠷᠣᠭᠤᠯᠬᠤ ᠶᠢ ᠱᠠᠭᠠᠷᠳᠠᠭᠰᠠᠨ ᠪᠠᠶᠢᠪᠠᠯ ᠪᠢᠲᠡᠭᠡᠢ ᠠᠪ᠃ | 2. ᠬᠤᠪᠢ ᠬᠥᠮᠥᠨ ᠤ ᠮᠡᠳᠡᠭᠡ ᠵᠠᠩᠭᠢ ᠪᠠᠨ ᠪᠢᠴᠢᠵᠦ ᠤᠷᠤᠭᠤᠯᠬᠤ ᠶᠢ ᠱᠠᠭᠠᠷᠳᠠᠭᠰᠠᠨ ᠤᠯᠠᠭᠠᠨ ᠪᠠᠭᠯᠠᠭ᠎ᠠ | ᠡᠨᠡ ᠲᠥᠷᠥᠯ ᠤᠨ ᠤᠯᠠᠭᠠᠨ ᠪᠠᠭᠯᠠᠭ᠎ᠠ ᠶᠢ ᠠᠪᠬᠤ ᠦᠶᠡᠰ᠂ ᠭᠠᠷ ᠤᠲᠠᠰᠤᠨ ᠤ ᠨᠣᠮᠧᠷ᠂ ᠨᠡᠷ᠎ᠡ᠂ ᠪᠠᠩᠬᠢ ᠶᠢᠨ | ᠺᠠᠷᠲ ᠤᠨ ᠨᠣᠮᠧᠷ ᠵᠡᠷᠭᠡ ᠮᠡᠳᠡᠭᠡ ᠵᠠᠩᠭᠢ ᠶᠢ ᠪᠢᠴᠢᠵᠦ ᠤᠷᠤᠭᠤᠯᠬᠤ ᠶᠢ ᠱᠠᠭᠠᠷᠳᠠᠭᠰᠠᠨ ᠪᠠᠶᠢᠪᠠᠯ ᠪᠢᠲᠡᠭᠡᠢ ᠠᠪ᠃ | 3. ᠳᠠᠮᠵᠢᠭᠤᠯᠤᠨ ᠶᠠᠪᠤᠭᠤᠯᠬᠤ ᠶᠢ ᠱᠠᠭᠠᠷᠳᠠᠭᠰᠠᠨ ᠤᠯᠠᠭᠠᠨ ᠪᠠᠭᠯᠠᠭ᠎ᠠ | ᠡᠶᠢᠮᠦᠷᠬᠦ ᠤᠯᠠᠭᠠᠨ ᠪᠠᠭᠯᠠᠭ᠎ᠠ ᠶᠢ ᠲᠣᠪᠰᠢᠵᠤ ᠨᠡᠭᠡᠭᠡᠭᠰᠡᠨ ᠤ ᠳᠠᠷᠠᠭ᠎ᠠ᠂ ᠨᠢᠭᠤᠷ ᠤᠨ ᠰᠠᠨᠠᠭᠤᠯᠤᠮᠵᠢ ᠶᠢ ᠨᠢ ᠪᠤᠰᠤᠳ | ᠸᠢᠴᠠᠲ ᠤᠨ ᠬᠤᠯᠪᠣᠭᠠᠨ ᠳᠤ ᠰᠢᠯᠵᠢᠭᠦᠯᠬᠦ ᠪᠤᠶᠤ ᠨᠠᠶᠢᠵᠠ ᠶᠢᠨ ᠲᠣᠭᠤᠷᠢᠭ ᠲᠤ ᠬᠤᠪᠢᠶᠠᠯᠴᠠᠬᠤ ᠶᠢ ᠱᠠᠭᠠᠷᠳᠠᠭᠰᠠᠨ ᠪᠠᠶᠢᠪᠠᠯ | ᠠᠪᠴᠤ ᠪᠤᠯᠬᠤ ᠦᠭᠡᠢ᠃ | 4. ᠥᠳᠥᠭᠡᠯᠭᠡ ᠶᠢᠨ ᠴᠢᠨᠠᠷᠲᠠᠢ ᠳᠠᠮᠵᠢᠭᠤᠯᠬᠤ ᠦᠭᠡ ᠲᠠᠢ ᠤᠯᠠᠭᠠᠨ ᠪᠠᠭᠯᠠᠭ᠎ᠠ | ᠡᠶᠢᠮᠦᠷᠬᠦ ᠤᠯᠠᠭᠠᠨ ᠪᠠᠭᠯᠠᠭ᠎ᠠ ᠶᠢᠨ ᠬᠤᠯᠪᠣᠭᠠᠰᠤ ᠶᠢ ᠶᠡᠷᠦ ᠨᠢ ᠬᠥᠮᠥᠨ ᠢ ᠠᠮᠠᠷᠬᠠᠨ ᠮᠡᠬᠡᠯᠡᠬᠦ ᠵᠦᠢᠯ ᠪᠦᠷᠢ ᠶᠢᠨ | ᠭᠡᠯᠪᠡᠷᠢ ᠪᠠᠷ ᠪᠣᠭᠤᠳᠠᠯᠯᠠᠳᠠᠭ᠂ ᠵᠢᠱᠢᠶᠡᠯᠡᠪᠡᠯ ᠨᠢᠭᠡᠨ ᠵᠤᠷᠪᠤᠰ ᠦᠨᠡᠨ ᠪᠣᠳᠠᠲᠠᠢ ᠠᠪᠢᠶᠠᠨ ᠤ ᠮᠡᠳᠡᠭᠡ᠂ ᠤᠷᠢᠯᠭ᠎ᠠ | ᠶᠠᠪᠤᠭᠤᠯᠬᠤ ᠶᠢᠨ ᠵᠡᠷᠭᠡ ᠪᠠᠷ ᠨᠠᠶᠢᠵᠠ ᠶᠢᠨ ᠬᠤᠯᠪᠤᠭ᠎ᠠ ᠳᠠᠭᠠᠨ ᠨᠡᠮᠡᠬᠦ ᠶᠢ ᠰᠠᠨᠠᠭᠤᠯᠬᠤ᠂ ︽ᠪᠢ ᠨᠢᠭᠡᠨᠲᠡ ᠣᠯᠵᠤ ᠠᠪᠴᠠᠢ︾ | ᠭᠡᠬᠦ ᠮᠡᠲᠦ ᠶᠢᠨ ᠵᠦᠢᠯ ᠪᠦᠷᠢ ᠶᠢᠨ ᠦᠭᠡ ᠶᠠᠷᠢᠶ᠎ᠠ ᠪᠠᠷ ᠳᠠᠮᠵᠢᠭᠤᠯᠤᠨ ᠬᠡᠷᠡᠭᠯᠡᠭᠴᠢᠳ ᠢ ᠥᠳᠥᠭᠡᠵᠦ ᠲᠤᠪᠰᠢᠭᠤᠯᠤᠨ | ᠨᠡᠭᠡᠭᠡᠯᠭᠡᠳᠡᠭ᠃ | 5. ᠠᠯᠪᠠᠨ ᠤ ᠲᠠᠯ᠎ᠠ ᠶᠢᠨ ᠨᠡᠷ᠎ᠡ ᠪᠠᠷ ᠣᠪᠯᠠᠭᠰᠠᠨ ᠤᠯᠠᠭᠠᠨ ᠪᠠᠭᠯᠠᠭ᠎ᠠ | ᠬᠠᠤᠯᠢ ᠪᠤᠰᠤ ᠡᠲᠡᠭᠡᠳ ᠬᠠᠭᠤᠷᠮᠠᠭ ᠨᠢᠭᠤᠷ ᠤᠨ ᠠᠭᠤᠯᠭ᠎ᠠ ᠵᠣᠬᠢᠶᠠᠵᠤ᠂ ᠠᠯᠪᠠᠨ ᠤ ᠲᠠᠯ᠎ᠠ ᠶᠢᠨ ᠬᠢᠨ ᠢᠶᠠᠷ | ᠣᠪᠯᠠᠵᠤ᠂ ᠬᠠᠯᠠᠮᠰᠢᠯ ᠬᠡᠷᠡᠭ ᠶᠠᠪᠤᠳᠠᠯ ᠢᠶᠠᠷ ᠬᠠᠯᠬᠠᠪᠴᠢ ᠪᠤᠯᠭᠠᠵᠤ᠂ ᠬᠤᠳᠠᠯ ᠬᠠᠭᠤᠷᠮᠠᠭ ︽ᠠᠰᠢᠭᠲᠠᠢ ᠮᠡᠳᠡᠭᠡ︾ ᠶᠢ | ᠵᠣᠬᠢᠶᠠᠭᠠᠳ᠂ ᠳᠠᠭᠢᠨ ︽ᠶᠡᠭᠡ ᠲᠣᠭᠠᠨ ᠤ ᠪᠡᠯᠡᠭ︾ ᠬᠡᠮᠡᠨ ᠬᠥᠮᠥᠰ ᠢ ᠥᠳᠥᠭᠡᠨ ᠲᠠᠲᠠᠵᠤ᠂ ᠬᠡᠷᠡᠭᠯᠡᠭᠴᠢᠳ ᠢ ᠮᠡᠬᠡᠯᠡᠳᠡᠭ | ᠃ | 6. ︽ᠪᠡᠯᠡᠨ ᠵᠣᠭᠤᠰ ᠤᠨ ᠤᠯᠠᠭᠠᠨ ᠪᠠᠭᠯᠠᠭ᠎ᠠ︾ ᠪᠤᠶᠤ ︽AA ᠤᠯᠠᠭᠠᠨ ᠪᠠᠭᠯᠠᠭ᠎ᠠ︾ | ︽ᠵᠣᠭᠤᠰ ᠥᠭᠬᠦ︾᠂ ︽ᠪᠡᠯᠡᠨ ᠵᠣᠭᠤᠰ ᠤᠨ ᠪᠡᠯᠡᠭ ᠤᠨ ᠪᠠᠭᠯᠠᠭ᠎ᠠ︾᠂ ︽AA ᠤᠯᠠᠭᠠᠨ ᠪᠠᠭᠯᠠᠭ᠎ᠠ︾ ᠵᠡᠷᠭᠡ | ᠦᠰᠦᠭ ᠪᠢᠴᠢᠭᠰᠡᠨ ᠤᠯᠠᠭᠠᠨ ᠪᠠᠭᠯᠠᠭ᠎ᠠ ᠶᠢᠨ ᠮᠡᠬᠡᠯᠡᠯ ᠢ ᠬᠢᠴᠢᠶᠡᠬᠦ ᠬᠡᠷᠡᠭᠲᠡᠢ᠃ |