ᠪᠠᠷᠠᠭᠤᠨ ᠬᠥᠳᠡᠭᠡ ᠭᠠᠴᠠᠭ᠎ᠠ ᠶᠢᠨ ᠬᠤᠪᠢ ᠣᠷᠣᠭᠤᠯᠣᠭᠰᠠᠨ ᠠᠵᠣ ᠠᠬᠤᠢ ᠶᠢᠨ ᠬᠤᠷᠰᠢᠶᠠᠵᠢᠯ ᠠᠰᠢᠭ ᠬᠤᠪᠢᠶᠠᠵᠠᠢ
ᠨᠡᠶᠢᠲᠡᠯᠡᠭᠰᠡᠨ ᠴᠠᠭ᠄
2024/5/24
        5 ᠳ᠋ᠤᠭᠠᠷ ᠰᠠᠷ᠎ᠠ ᠶᠢᠨ 15᠎ ᠤ ᠡᠳᠦᠷ᠂ ᠠᠯᠠᠱᠠ ᠵᠡᠭᠦᠨ ᠬᠤᠰᠢᠭᠤᠨ ᠤ ᠤᠨᠳᠤᠷᠤᠯᠲᠤ ᠪᠠᠯᠭᠠᠰᠤᠨ ᠤ ᠪᠠᠷᠠᠭᠤᠨ ᠬᠥᠳᠡᠭᠡ ᠭᠠᠴᠠᠭ᠎ᠠ ᠪᠠᠷᠠᠭᠤᠨ ᠬᠥᠳᠡᠭᠡ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ 2024 ᠣᠨ ᠳᠤ ᠬᠤᠪᠢ ᠣᠷᠣᠭᠤᠯᠤᠭᠰᠠᠨ ᠶᠡᠭᠡ ᠬᠤᠷᠠᠯ ᠬᠤᠷᠠᠯᠳᠤᠭᠤᠯᠪᠠ᠃ ᠲᠣᠰᠬᠤᠨ ᠤ ᠠᠷᠠᠳ ᠨᠢᠭᠡ ᠲᠠᠩᠬᠢᠮ ᠳᠤ ᠴᠤᠭᠯᠠᠷᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠭᠡᠷᠡᠴᠢᠯᠡᠵᠦ᠂ ᠬᠥᠭᠵᠢᠯᠲᠡ ᠶᠢᠨ ᠠᠰᠢᠭ ᠲᠤᠰᠠ ᠶᠢ ᠬᠠᠮᠲᠤᠪᠠᠷ ᠡᠳ᠋ᠯᠡᠪᠡ᠃
      ᠠᠰᠢᠭ ᠬᠤᠪᠢᠶᠠᠬᠤ ᠲᠤᠬᠠᠶ ᠶᠢᠨ ᠲᠠᠯᠠᠪᠠᠶ ᠳᠤ᠂ ᠪᠠᠷᠠᠭᠤᠨ ᠬᠥᠳᠡᠭᠡ ᠭᠠᠴᠠᠭᠠᠨ ᠤ ᠨᠠᠮ ᠤᠨ ᠡᠭᠦᠷ ᠤᠨ ᠱᠦᠵᠢ ᠣᠶᠢᠷ᠎ᠠ ᠶᠢᠨ ᠬᠤᠶᠠᠷ ᠵᠢᠯ ᠤᠨ ᠲᠤᠷᠰᠢᠬᠢ ᠬᠠᠮᠲᠤ ᠶᠢᠨ ᠠᠵᠤ ᠠᠬᠤᠶ ᠶᠢᠨ ᠡᠯ᠎ᠡ ᠵᠦᠢᠯ ᠤᠨ ᠣᠷᠣᠯᠭ᠎ᠠ ᠵᠢᠴᠢ ᠵᠠᠷᠤᠯᠭ᠎ᠠ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠪᠢᠶᠠᠷᠢᠯᠠᠵᠤ ᠪᠣᠯᠬᠤ ᠠᠰᠢᠭ ᠣᠷᠣᠯᠭ᠎ᠠ ᠶᠢᠨ ᠵᠣᠭᠤᠰ ᠤᠨ ᠲᠤᠭ᠎ᠠ ᠶᠢ ᠨᠡᠶᠢᠲᠡᠯᠡᠪᠡ᠃ ᠲᠣᠰᠬᠤᠨ ᠤ ᠠᠷᠠᠳ ᠡᠮᠬᠢ ᠵᠢᠷᠤᠮ ᠲᠠᠢ ᠪᠠᠷ ᠨᠣᠮᠧᠷ ᠲᠠᠯᠪᠢᠬᠤ ᠤᠷᠲᠤ ᠰᠢᠷᠡᠭᠡᠨ ᠤ ᠡᠮᠦᠨ᠎ᠡ ᠬᠦᠷᠴᠦ᠂ ᠭᠠᠷ ᠤᠨ ᠦᠰᠦᠭ ᠵᠢᠷᠤᠵᠤ᠂ ᠮᠥᠩᠭᠦ ᠪᠠᠨ ᠠᠪᠤᠪᠠ᠃ ᠠᠰᠢᠭ ᠬᠤᠪᠢᠶᠠᠷᠢᠯᠠᠬᠤ ᠳᠤ ᠣᠷᠣᠯᠴᠠᠭᠰᠠᠨ ᠲᠣᠰᠬᠤᠨ ᠤ ᠠᠷᠠᠳ᠂ ᠴᠥᠮ ᠨᠠᠮ ᠤᠨ ᠰᠠᠶᠢᠨ ᠲᠦᠷᠦ ᠶᠢᠨ ᠪᠤᠳᠤᠯᠭ᠎ᠠ ᠪᠠᠷ ᠤᠯᠠᠨ ᠤ ᠠᠮᠢᠳᠤᠷᠠᠯ ᠳᠤ ᠰᠢᠨ᠎ᠡ ᠬᠤᠪᠢᠷᠠᠯᠲᠠ ᠠᠪᠴᠢᠷᠠᠵᠤ᠂ ᠬᠤᠷᠰᠢᠶ᠎ᠠ ᠳᠤ ᠬᠤᠪᠢ ᠣᠷᠣᠭᠤᠯᠤᠭᠰᠠᠨ ᠤ ᠳᠠᠷᠠᠭ᠎ᠠ ᠵᠢᠯ ᠪᠦᠷᠢ ᠠᠰᠢᠭ ᠬᠤᠪᠢᠶᠠᠷᠢᠯᠠᠳᠠᠭ᠂ ᠥᠪᠡᠷ ᠤᠨ ᠲᠠᠷᠢᠶ᠎ᠠ ᠲᠠᠷᠢᠬᠤ ᠲᠠᠢ ᠬᠠᠷᠢᠴᠠᠭᠤᠯᠪᠠᠯ ᠰᠡᠳᠬᠢᠯ ᠠᠮᠤᠷ ᠪᠠᠶᠢᠬᠤ ᠪᠠᠷ ᠪᠠᠷᠠᠬᠤ ᠦᠭᠡᠢ᠂ ᠣᠷᠣᠯᠭ᠎ᠠ ᠨᠢ ᠪᠠᠰᠠ ᠨᠡᠩ ᠥᠨᠳᠥᠷ ᠪᠠᠶᠢᠨ᠎ᠠ ᠭᠡᠵᠦ ᠢᠯᠡᠳᠬᠡᠵᠡᠭᠡᠪᠡ᠃       ᠣᠶᠢᠯᠠᠭᠠᠭᠰᠠᠨ ᠢᠶᠠᠷ᠂ 2020 ᠣᠨ ᠳᠤ ᠪᠠᠷᠠᠭᠤᠨ ᠬᠥᠳᠡᠭᠡ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠪᠠᠶᠢᠭᠤᠯᠤᠭᠳᠠᠭᠰᠠᠨ ᠠᠴᠠ ᠨᠠᠰᠢ᠂ ᠬᠤᠷᠰᠢᠶᠠᠵᠢᠯ ᠢ ᠭᠠᠴᠠᠭᠠᠨ ᠤ ᠨᠠᠮ ᠤᠨ ᠡᠭᠦᠷ ᠠᠴᠠ ᠲᠦᠷᠦᠭᠦᠯᠡᠨ ᠳᠠᠶᠢᠴᠢᠯᠠᠵᠤ᠂ ︽ᠭᠠᠴᠠᠭᠠᠨ ᠤ ᠨᠠᠮ ᠤᠨ ᠡᠭᠦᠷ ᠬᠤᠷᠰᠢᠶ᠎ᠠ ᠲᠣᠰᠬᠤᠨ ᠤ ᠠᠷᠠᠳ︾᠎ ᠤᠨ ᠵᠠᠭᠪᠤᠷ ᠢ ᠬᠡᠷᠡᠭᠯᠡᠬᠦ ᠪᠠᠷ ᠳᠠᠮᠵᠢᠨ᠂ ᠬᠠᠮᠲᠤ ᠶᠢᠨ ᠠᠵᠤ ᠠᠬᠤᠶ ᠶᠢ ᠬᠥᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠬᠥᠭᠵᠢᠯᠲᠡ ᠶᠢᠨ ᠬᠠᠷᠠᠯᠲᠠ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠶᠢ ᠬᠤᠷᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠭᠤᠳᠠᠯᠵᠤ᠂ ᠣᠨᠴᠠᠯᠢᠭᠲᠤ ᠲᠠᠷᠢᠮᠠᠯ ᠤᠨ ᠰᠠᠭᠤᠷᠢᠨ ᠭᠠᠵᠠᠷ ᠤᠨ ᠠᠵᠤ ᠦᠢᠯᠡᠰ ᠢ ᠰᠢᠯᠢᠳᠡᠭᠵᠢᠭᠦᠯᠵᠦ᠂ ᠬᠥᠳᠡᠭᠡ ᠠᠵᠤ ᠠᠬᠤᠢ ᠳᠤ ᠦᠢᠯᠡᠴᠢᠯᠡᠬᠦ ᠪᠠ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠨ ᠡᠷᠦᠬᠡ ᠶᠢᠨ ᠠᠰᠢᠭ ᠲᠤᠰᠠ ᠶᠢᠨ ᠬᠤᠯᠪᠣᠭ᠎ᠠ ᠶᠢ ᠨᠢᠭᠲᠠᠷᠠᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ᠂ ᠠᠭᠤᠰᠤᠯᠴᠠᠭᠰᠠᠨ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠣᠶᠢᠷ᠎ᠠ ᠶᠢᠨ ᠬᠤᠶᠠᠷ ᠵᠢᠯ ᠳᠤ᠂ ᠬᠤᠷᠰᠢᠶ᠎ᠠ ᠵᠢᠯ ᠪᠦᠷᠢ ᠳᠤᠮᠳᠠᠴᠢ ᠪᠠᠷ 400 ᠲᠦᠮᠡᠨ ᠲᠥᠭᠦᠷᠢᠭ ᠠᠴᠠ ᠳᠡᠭᠡᠭᠰᠢ ᠣᠷᠣᠯᠭ᠎ᠠ ᠣᠯᠵᠤ᠂ ᠣᠳᠣ ᠬᠠᠮᠲᠤ ᠶᠢᠨ ᠬᠤᠷᠠᠮᠳᠤᠭᠤᠯᠭ᠎ᠠ 1000 ᠲᠦᠮᠡᠨ ᠲᠥᠭᠦᠷᠢᠭ ᠢ ᠳᠠᠪᠠᠪᠠ᠃       ᠪᠠᠷᠠᠭᠤᠨ ᠬᠥᠳᠡᠭᠡ ᠲᠣᠰᠬᠤᠨ ᠤ ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠬᠢᠯᠡᠬᠦ ᠪᠣᠯ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠦᠲᠦᠮᠵᠢᠲᠡᠢ ᠠᠷᠭ᠎ᠠ ᠵᠠᠮ ᠮᠥᠨ᠂ ᠠᠷᠠᠳ ᠤᠨ ᠰᠡᠳᠬᠢᠯ ᠤᠨ ᠬᠠᠨᠳᠤᠰᠢ ᠮᠥᠨ᠂ ᠨᠠᠮ ᠤᠨ ᠡᠭᠦᠷ ᠤᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ᠂ ᠲᠣᠰᠬᠤᠨ ᠤ ᠠᠷᠠᠳ ᠢ ᠳᠠᠭᠠᠭᠤᠯᠤᠨ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠰᠠᠷᠠᠭᠤᠯ ᠳᠠᠷᠳᠠᠩ ᠵᠠᠮ ᠮᠥᠨ ᠭᠡᠳᠡᠭ ᠢ ᠦᠢᠯᠡᠳᠦᠯᠭᠡ ᠳᠠᠬᠢᠨᠲᠠ ᠭᠡᠷᠡᠴᠢᠯᠡᠪᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号