ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠵᠠᠰᠠᠨ ᠴᠡᠭᠴᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
            5 ᠳ᠋ᠤᠭᠠᠷ ᠰᠠᠷ᠎ᠠ ᠶᠢᠨ 16᠎ ᠤ ᠡᠳᠦᠷ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠭᠤᠯᠢ ᠵᠢᠴᠢ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠵᠡᠷᠭᠡ ᠨᠢᠭᠡᠴᠡ ᠲᠠᠢ ᠬᠠᠮᠲᠤᠷᠠᠨ᠂ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠬᠤ ᠳᠤ ᠠᠮᠤᠷ ᠲᠦᠪᠰᠢᠨ ᠤ ᠳᠤᠭᠤᠯᠠᠭ᠎ᠠ ᠵᠢᠴᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠲᠤᠰᠬᠠᠶ ᠵᠠᠰᠠᠨ ᠴᠡᠭᠴᠡᠯᠡᠬᠦ ᠠᠵᠢᠯᠯᠠᠭ᠎ᠠ ᠥᠷᠨᠢᠭᠦᠯᠵᠦ᠂ ︽ᠰᠤᠷᠭᠠᠨ ᠬᠥᠮᠦᠵᠢᠭᠦᠯᠵᠦ ᠢᠳᠬᠠᠨ ᠴᠡᠭᠴᠡᠯᠡᠬᠦ︾᠎ ᠪᠠᠷ ᠳᠠᠮᠵᠢᠭᠤᠯᠤᠨ ᠬᠦᠴᠦ ᠪᠠᠨ ᠬᠠᠮᠲᠤᠳᠬᠠᠵᠤ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠤ ᠶᠠᠪᠤᠵᠤ ᠰᠠᠭᠤᠬᠤ ᠠᠮᠤᠷ ᠲᠦᠪᠰᠢᠨ ᠢ ᠰᠠᠬᠢᠨ ᠬᠠᠮᠠᠭᠠᠯᠠᠪᠠ᠃
      ᠲᠤᠰᠬᠠᠶ ᠵᠠᠰᠠᠨ ᠴᠡᠭᠴᠡᠯᠡᠬᠦ ᠠᠵᠢᠯᠯᠠᠭ᠎ᠠ ᠳᠤᠮᠳᠠ᠂ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠰᠤᠷᠭᠠᠭᠤᠯᠢ ᠶᠢᠨ ᠠᠵᠢᠯᠲᠠᠨ ᠴᠢᠭ ᠲᠣᠭᠲᠠᠭᠠᠨ ᠪᠠᠶᠢᠴᠠᠭᠠᠬᠤ᠂ ᠵᠠᠮ ᠳᠡᠭᠡᠷ᠎ᠡ ᠲᠣᠭᠤᠷᠢᠨ ᠪᠠᠶᠢᠴᠠᠭᠠᠬᠤ᠂ ᠬᠢᠨᠠᠨ ᠡᠵᠡᠮᠳᠡᠵᠦ ᠰᠡᠭᠦᠳᠡᠷᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠤᠷ ᠲᠦᠪᠰᠢᠨ ᠤ ᠳᠤᠭᠤᠯᠠᠭ᠎ᠠ ᠵᠡᠭᠦᠬᠦ᠂ ᠵᠠᠮ ᠬᠠᠷᠢᠯᠴᠠᠭᠠᠨ ᠤ ᠳᠦᠷᠢᠮ ᠢ ᠵᠢᠷᠤᠮᠯᠠᠭᠰᠠᠨ ᠰᠤᠷᠤᠭᠴᠢᠳ ᠢ ᠰᠠᠶᠢᠰᠢᠶᠠᠬᠤ ᠶᠢᠨ ᠬᠠᠮᠲᠤ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠠᠴᠠ ᠳᠡᠮᠵᠢᠭᠰᠡᠨ ᠵᠢᠵᠢᠭ ᠪᠡᠯᠡᠭ ᠲᠠᠷᠬᠠᠭᠠᠪᠠ᠃ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠭᠰᠠᠨ ᠪᠣᠯᠪᠠᠴᠤ ᠠᠮᠤᠷ ᠲᠦᠪᠰᠢᠨ ᠤ ᠳᠤᠭᠤᠯᠠᠭ᠎ᠠ ᠵᠡᠭᠦᠬᠦ᠂ ᠤᠯᠠᠭᠠᠨ ᠳ᠋ᠧᠩ ᠢ ᠵᠥᠷᠢᠴᠡᠬᠦ᠂ ᠰᠥᠷᠭᠡᠦ ᠶᠠᠪᠤᠵᠤ᠂ ᠲᠣᠭᠲᠠᠭᠠᠯ ᠶᠣᠰᠣᠭᠠᠷ ᠶᠠᠪᠤᠬᠤ ᠥᠬᠡᠶ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠢᠴᠢ ᠬᠡᠷ ᠤᠨ ᠠᠬᠠᠮᠠᠳ ᠢ ᠰᠤᠷᠭᠠᠨ ᠬᠥᠮᠥᠵᠢᠭᠦᠯᠪᠡ᠃ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠰᠣᠷᠣᠭᠴᠢ ᠪᠠ ᠬᠡᠷ ᠤᠨ ᠠᠬᠠᠮᠠᠳ ᠤᠨ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠮᠲᠤᠷᠠᠨ ᠢᠳᠬᠠᠨ ᠰᠤᠷᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠵᠤ ᠢᠯᠡᠴᠢᠯᠡᠬᠦ ᠲᠣᠭᠲᠠᠴᠠ ᠶᠢ ᠪᠠᠶᠢᠭᠤᠯᠵᠤ᠂ ᠰᠤᠷᠤᠭᠴᠢᠳ ᠢ ᠬᠠᠮᠲᠤ ᠪᠠᠷ ᠰᠢᠮᠳᠠᠭᠤᠯᠤᠨ ᠠᠮᠤᠷ ᠲᠦᠪᠰᠢᠨ ᠤ ᠳᠤᠭᠤᠯᠠᠭ᠎ᠠ ᠵᠡᠭᠦᠯᠭᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号