ᠠᠯᠠᠱᠠ ᠵᠡᠭᠦᠨ ᠬᠤᠰᠢᠭᠤ ᠪᠠᠶᠠᠨᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2024/5/24
            ᠠᠯᠠᠱᠠ ᠵᠡᠭᠦᠨ ᠬᠤᠰᠢᠭᠤ ᠤᠯᠤᠰ᠂ ᠥᠪᠡᠷᠲᠡᠭᠡᠨ ᠵᠠᠰᠠᠬᠤ ᠣᠷᠣᠨ ᠤ ︽ᠱᠠ ᠭᠧ ᠬᠤᠸᠠᠩ︾ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ᠂ ᠪᠠᠶᠠᠨᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠡᠷᠴᠢᠮ ᠪᠠ ᠡᠷᠴᠢᠮ ᠢᠶᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠢ ᠬᠠᠪᠰᠤᠷᠤᠨ ᠪᠥᠲᠥᠭᠡᠨ ᠪᠠᠶᠢᠭᠤᠯᠵᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠭᠤᠤᠯ ᠪᠣᠯᠭᠠᠭᠰᠠᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠠ ᠢᠵᠢ ᠪᠥᠷᠢᠳᠦᠭᠰᠡᠨ ᠠᠵᠤ ᠦᠢᠯᠡᠰ ᠤᠨ ᠲᠦᠷᠭᠡᠨ ᠠᠭᠤᠰᠤᠯᠴᠠᠨ ᠬᠥᠭᠵᠢᠬᠦ ᠶᠢ ᠠᠬᠢᠭᠤᠯᠪᠠ᠃
      ᠪᠠᠶᠠᠨᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ᠂ ᠠᠯᠠᠱᠠ ᠠᠶᠢᠮᠠᠭ ᠤᠨ ᠬᠥᠮᠦᠨ ᠪᠣᠯᠤᠨ ᠰᠢᠨ᠎ᠡ ᠡᠨᠧᠷᠭᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠲᠤᠬᠠᠶ ᠶᠢᠨ ᠲᠠᠯᠠᠪᠠᠶ ᠨᠢᠭᠡᠨᠲᠡ ᠦᠢᠯᠡᠳᠪᠦᠷᠢ ᠶᠢᠨ ᠬᠡᠷ ᠪᠠᠶᠢᠰᠢᠩ ᠪᠠᠶᠢᠵᠤ᠂ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠨᠢ ᠰᠢᠪᠲᠤᠷᠭᠠᠨ ᠳᠠᠭᠠᠨ ᠣᠷᠣᠵᠤ᠂ ᠤᠳᠠᠯ ᠥᠬᠡᠶ ᠲᠣᠨᠤᠭ ᠲᠥᠬᠦᠭᠡᠷᠦᠮᠵᠢ ᠤᠭᠰᠠᠷᠠᠵᠤ᠂ ᠵᠢᠱᠢᠯᠲᠡ ᠪᠠᠷ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠪᠠᠶᠢᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠳᠤ ᠪᠠᠷᠤᠭ 500 ᠰᠠᠭᠤᠷᠢ ︵ᠢᠵᠢ︶ ᠪᠠ ᠵᠢᠯ ᠤᠨ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ 200 ᠲᠦᠮᠡᠨ kwh ᠦᠢᠯᠡᠳᠪᠦᠷᠢᠯᠡᠨ᠎ᠡ᠃       ᠠᠯᠠᠱᠠ ᠵᠡᠭᠦᠨ ᠬᠤᠰᠢᠭᠤ ᠬᠤᠳᠠᠯᠳᠤᠭᠠᠴᠢᠨ ᠤᠷᠢᠬᠤ ᠠᠷᠭ᠎ᠠ ᠪᠣᠳᠣᠯᠭ᠎ᠠ ᠪᠠ ᠲᠥᠰᠦᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠬᠤᠳᠠᠯᠳᠤᠭᠠᠴᠢᠨ ᠤᠷᠢᠬᠤ ᠴᠢᠨᠠᠷ ᠰᠠᠶᠢᠲᠠᠶ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠨ ᠳᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠪᠡ᠃ ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠨᠢᠭᠡᠨᠲᠡ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠬᠥᠮᠦᠨ ᠠᠷᠠᠳ᠂ ᠮᠢᠩ ᠶᠠᠩ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠦᠢᠯᠡᠳᠬᠦ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠠᠯᠠ ᠣᠷᠣᠭᠤᠯᠤᠯᠲᠠ ᠶᠢᠨ ᠬᠡᠪᠴᠢᠶ᠎ᠡ ᠶᠢ 20 ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ ᠵᠢᠯ ᠤᠨ ᠦᠢᠯᠡᠳᠬᠦᠨ ᠤ ᠥᠷᠲᠡᠭ ᠢ 150 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠠᠰᠢᠭ ᠭᠠᠶᠢᠯᠢ ᠶᠢ 4.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1600 ᠬᠥᠮᠦᠨ ᠢ ᠳᠠᠶᠢᠴᠢᠯᠠᠵᠤ᠂ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠳᠠᠯᠳᠠ ᠴᠢᠳᠠᠪᠤᠷᠢ ᠪᠠ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠢ ᠪᠦᠲᠦᠮᠵᠢᠲᠡᠶ ᠬᠥᠭᠵᠢᠭᠡᠵᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠵᠢᠯ ᠣᠯᠭᠤᠯᠲᠠ ᠶᠢᠨ ᠳᠠᠷᠤᠯᠲᠠ ᠶᠢ ᠪᠦᠲᠦᠮᠵᠢᠲᠡᠶ ᠨᠠᠮᠳᠠᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号