ᠠᠯᠠᠱᠠ ᠵᠡᠭᠦᠨ ᠬᠤᠰᠢᠭᠤᠨ ᠤ ᠭᠤᠴᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/24
                5 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ 2024 ᠠᠯᠠᠱᠠ ᠠᠶᠢᠮᠠᠭ ᠤᠨ ᠵᠡᠮᠳᠡᠭᠴᠦᠳ ᠤᠨ ᠤᠷᠠᠯᠢᠭ ᠤᠨ ᠨᠠᠶᠢᠷ ᠵᠢᠴᠢ 34 ᠳ᠋ᠦ᠋ᠭᠡᠷ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠠᠯᠠᠱᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠶᠠᠪᠤᠭᠳᠠᠪᠠ᠃
            ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠠᠯᠠᠱᠠ ᠠᠶᠢᠮᠠᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠳᠤ 460 ᠲᠦᠮᠡᠨ ᠲᠥᠭᠦᠷᠢᠭ ᠤᠨ ᠦᠨ᠎ᠡ ᠥᠷᠲᠡᠭ ᠲᠠᠢ ᠰᠣᠨᠣᠷ ᠲᠤᠳᠤᠤᠡᠬᠠᠭᠤᠷ᠂ ᠬᠦᠷᠳᠦᠲᠦ ᠰᠠᠨᠳᠠᠯᠢ᠂ ᠲᠤᠰᠠᠯᠠᠬᠤ ᠪᠠᠭᠠᠵᠢ ᠬᠡᠷᠡᠭᠰᠡᠯ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠪᠠ᠃             ᠠᠯᠠᠱᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠤᠬᠡᠳ ᠪᠣᠯᠤᠨ ᠪᠠᠭᠰᠢ ᠨᠠᠷ ᠭᠠᠷ ᠬᠤᠯᠪᠣᠯᠴᠠᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠵᠡᠮᠳᠡᠭᠴᠦᠳ ᠤᠨ ᠬᠦᠴᠦᠷᠬᠡᠭᠵᠢᠬᠦ᠂ ᠪᠠᠶᠠᠰᠤᠩᠭᠤᠶ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠳᠦᠭᠦᠷᠡᠩ ᠢᠳᠡᠪᠬᠢ ᠬᠦᠴᠦᠨ ᠢ ᠳᠠᠮᠵᠢᠭᠤᠯᠵᠠᠶ᠃       ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠪᠠᠰᠠ ᠵᠡᠮᠳᠡᠭ ᠬᠥᠮᠦᠨ ᠰᠣᠶᠣᠯ ᠤᠨ ᠡᠭᠦᠳᠦᠯᠲᠡ ᠶᠢᠨ ᠪᠦᠲᠦᠭᠡᠯ ᠤᠨ ᠦᠵᠡᠰᠬᠦᠯᠡᠩ᠂ ᠵᠡᠮᠳᠡᠭᠴᠦᠳ ᠤᠨ ᠡᠷᠡᠭᠦᠯ ᠮᠡᠨᠳᠦ ᠶᠢᠨ ᠠᠭᠤᠰᠤᠯᠴᠠᠯ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ︽ᠵᠡᠮᠳᠡᠭᠴᠦᠳ ᠤᠨ ᠡᠷᠡᠭᠦᠯ ᠴᠢᠭᠢᠷᠠᠭ ᠭᠠᠷ ᠬᠤᠯᠪᠣᠨ ᠰᠠᠶᠢᠨ ᠰᠠᠶᠢᠬᠠᠨ ᠢᠷᠡᠭᠡᠳᠦᠶ ᠪᠠᠨ ᠬᠠᠮᠲᠤ ᠪᠠᠷ ᠵᠢᠷᠤᠭᠯᠠᠶ᠎ᠠ︾ ᠭᠡᠮᠡᠬᠦ ᠵᠡᠮᠳᠡᠭᠴᠦᠳ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠵᠡᠮᠳᠡᠭᠴᠦᠳ ᠤᠨ ᠳᠡᠷᠭᠡᠳᠡ ᠬᠦᠷᠭᠡᠵᠦ᠂ ᠵᠡᠮᠳᠡᠭᠴᠦᠳ ᠢ ᠬᠦᠨᠳᠦᠳᠬᠡᠬᠦ᠂ ᠣᠶᠢᠯᠠᠭᠠᠬᠤ᠂ ᠬᠠᠯᠠᠮᠵᠢᠯᠠᠬᠤ᠂ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠪᠣᠶ ᠪᠣᠯᠭᠠᠵᠤ᠂ ᠵᠡᠮᠳᠡᠭᠴᠦᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠵᠦ᠂ ᠵᠣᠯ ᠵᠢᠷᠭᠠᠯᠲᠤ ᠢᠷᠡᠭᠡᠳᠦᠶ ᠶᠢ ᠬᠠᠮᠲᠤ ᠪᠠᠷ ᠴᠣᠭᠴᠠᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号