| | 5 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠬᠤᠸᠠ ᠳ᠋ᠢᠶᠠᠨ ᠲᠡᠭᠷᠢ ᠪᠣᠬᠢᠷᠳᠤᠯ ᠦᠭᠡᠢ | ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠲᠩᠷᠢ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠤᠨ ᠳᠤᠮᠳᠠ ᠵᠠᠭᠤᠨ | ᠲᠦᠮᠡᠨ ᠺᠢᠯᠣᠸᠠᠲ ᠤᠨ ᠬᠡᠷᠡᠯ ᠴᠡᠨᠡᠭ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠠᠩᠬᠠᠨ ᠤ | ᠳᠤᠭᠤᠶᠢᠯᠠᠩ ᠬᠡᠷᠡᠯ ᠴᠡᠨᠡᠭ ᠲᠥᠬᠦᠭᠡᠷᠦᠮᠵᠢ ᠶᠢ ᠤᠷᠤᠭᠰᠢᠲᠠᠶ ᠤᠭᠰᠠᠷᠠᠭᠰᠠᠨ ᠨᠢ ᠲᠣᠰ ᠲᠥᠷᠥᠯ ᠵᠦᠢᠯ | ᠵᠢᠩᠬᠢᠨᠢ ᠪᠠᠷ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢ ᠤᠭᠰᠠᠷᠠᠬᠤ ᠱᠠᠲᠤᠨ ᠳᠤ ᠣᠷᠣᠭᠰᠠᠨ ᠢ ᠬᠠᠷᠠᠭᠤᠯᠵᠤ | ᠪᠠᠶᠢᠨ᠎ᠠ᠃ | | | | | | | ᠲᠣᠰ ᠲᠥᠷᠥᠯ ᠵᠦᠢᠯ ᠨᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠷᠠᠭᠤᠨ ᠬᠡᠰᠡᠭ ᠤᠨ | ᠪᠠᠷᠤᠭ 50km ᠭᠠᠵᠠᠷ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ ᠪᠠᠷᠤᠭ 26500 ᠮᠥ ᠪᠠᠶᠢᠵᠤ᠂ | ᠪᠠᠭᠲᠠᠭᠠᠮᠵᠢ ᠨᠢ 1206MWp ᠪᠠᠶᠢᠵᠤ᠂ ᠨᠡᠶᠢᠲᠡ 225 ᠬᠡᠰᠡᠭ᠂ 38 ᠬᠤᠷᠠᠮᠠᠯ ᠴᠠᠬᠢᠯᠭᠠᠨ ᠬᠡᠯᠬᠢᠶ᠎ᠡ ᠶᠢ | ᠨᠡᠪᠲᠡᠷᠡᠭᠦᠯᠵᠦ᠂ ᠲᠠᠩ ᠪᠤᠴᠠᠯ 220kV ᠱᠤᠭᠤᠮ ᠢᠶᠠᠷ ᠳᠠᠮᠵᠢᠭᠤᠯᠤᠨ ᠬᠤᠯᠠᠳᠠᠬᠢᠨ ᠢ ᠲᠣᠭᠲᠠᠭᠠᠭᠴᠢ | ᠡᠵᠡᠩᠨᠡᠯᠲᠡ ᠶᠢᠨ ᠬᠦᠴᠦᠳᠡᠯ ᠥᠭᠡᠷᠡᠴᠢᠯᠡᠬᠦ ᠥᠷᠲᠡᠭᠡ ᠳᠤ ᠨᠡᠪᠲᠡᠷᠡᠭᠦᠯᠦᠨ ᠣᠷᠣᠭᠤᠯᠪᠠ᠃ ᠲᠦᠷᠦᠯ ᠵᠦᠢᠯ ᠢ | ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠲᠤᠬᠠᠢ ᠶᠢᠨ ᠭᠠᠵᠠᠷ ᠤᠨ ᠡᠯᠪᠡᠭ ᠪᠠᠶᠠᠯᠢᠭ ᠨᠡᠷᠡᠨ ᠤ | ᠡᠨᠧᠷᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠤᠬᠠᠢ ᠶᠢᠨ ᠭᠠᠵᠠᠷ ᠤᠨ ᠡᠨᠧᠷᠭᠢ ᠶᠢᠨ ᠪᠦᠲᠦᠴᠡ ᠶᠢ | ᠰᠠᠶᠢᠵᠢᠷᠠᠭᠤᠯᠬᠤ᠂ ᠣᠷᠣᠨ ᠨᠤᠲᠤᠭ ᠤᠨ ᠠᠵᠤ ᠠᠬᠤᠢ ᠶᠢᠨ ᠦᠷᠭᠦᠯᠵᠢᠯᠡᠬᠦ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠬᠤ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠢ | ᠦᠢᠯᠡᠳᠦᠯ ᠦᠵᠡᠭᠦᠯᠬᠦ ᠪᠣᠯᠤᠨ᠎ᠠ᠃ | | | |