ᠥᠯᠵᠡᠶ ᠪᠣᠭᠤᠮᠲᠠ᠄ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠣᠭᠤᠮᠲᠠ ᠶᠢᠨ ᠵᠢᠩᠬᠢᠨᠢ ᠪᠠᠷ ᠨᠡᠭᠡᠭᠡᠯᠲᠡ ᠬᠢᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/5/24
                    ᠡᠨᠡ ᠵᠢᠯ᠂ ᠥᠯᠵᠡᠶ ᠪᠣᠭᠤᠮᠲᠠ ᠭᠤᠤᠯᠳᠠᠯᠭ᠎ᠠ ᠲᠠᠢ ᠲᠥᠷᠥᠯ ᠵᠦᠢᠯ ᠤᠨ ᠬᠤᠶᠠᠷ ᠶᠡᠭᠡ ᠲᠥᠷᠥᠯ ᠵᠦᠢᠯ ᠤᠨ 5 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 16.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 7560 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃
            ᠣᠳᠣᠬᠠᠨ ᠳᠤ᠂ ᠥᠯᠵᠡᠶ ᠪᠣᠭᠤᠮᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 100%᠎ ᠳᠤ ᠬᠥᠷᠪᠡ᠃ ᠡᠭᠦᠨ ᠳᠤ᠂ ᠥᠯᠵᠡᠶ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ ᠪᠡᠯᠡᠳᠬᠡᠮᠵᠢ ᠵᠢᠴᠢ ᠢᠵᠢ ᠪᠥᠷᠢᠳᠦᠭᠦᠯᠬᠦ ᠲᠥᠷᠥᠯ ᠵᠦᠢᠯ ᠳᠤ ᠨᠡᠶᠢᠲᠡ 4660 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠣᠳᠣᠬᠠᠨ ᠳᠤ᠂ ᠪᠣᠭᠤᠮᠲᠠ ᠶᠢᠨ ᠪᠠᠷᠠᠭᠠᠨ ᠤ ᠪᠠᠶᠢᠴᠠᠭᠠᠨ ᠰᠢᠯᠭᠠᠬᠤ ᠲᠥᠬᠦᠭᠡᠷᠦᠮᠵᠢ ᠶᠢᠨ ᠲᠥᠷᠥᠯ ᠵᠦᠢᠯ ᠨᠢᠭᠡᠨᠲᠡ ᠳᠠᠭᠤᠰᠴᠤ᠂ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ︵ᠨᠢᠭᠡᠳᠦᠭᠡᠷ ᠬᠤᠭᠤᠴᠠᠭ᠎ᠠ︶ ᠵᠡᠷᠭᠡ ᠲᠥᠷᠥᠯ ᠵᠦᠢᠯ ᠶᠠᠭ ᠡᠮᠬᠢ ᠵᠢᠷᠤᠮ ᠲᠠᠢ ᠠᠭᠢᠵᠤ ᠪᠠᠶᠢᠨ᠎ᠠ᠃ ᠥᠯᠵᠡᠶ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠲᠣᠭᠤᠷᠢᠭ ᠵᠢᠴᠢ ᠪᠠᠷᠠᠭᠠᠨ ᠤ ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠲᠡ 4.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠣᠳᠣᠬᠠᠨ ᠳᠤ᠂ ᠤᠭᠰᠠᠷᠠᠬᠤ ᠶᠢ ᠪᠡᠶᠡᠯᠡᠭᠦᠯᠵᠦ᠂ ᠶᠠᠭ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠤᠭᠰᠠᠷᠠᠬᠤ᠂ ᠲᠠᠯᠠᠪᠤᠷ ᠭᠠᠵᠠᠷ ᠢ ᠲᠡᠭᠰᠢᠯᠡᠬᠦ ᠠᠵᠢᠯ ᠢ ᠬᠢᠵᠦ ᠪᠠᠶᠢᠨ᠎ᠠ᠃             ᠥᠯᠵᠡᠶ ᠪᠣᠭᠤᠮᠲᠠ ᠨᠢ 2016 ᠣᠨ ᠳᠤ ᠪᠠᠷᠢᠯᠭ᠎ᠠ ᠡᠬᠢᠯᠡᠭᠰᠡᠨ ᠠᠴᠠ ᠨᠠᠰᠢ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠨᠡᠶᠢᠲᠡ 21 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 26.6 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 17.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠣᠳᠣᠬᠠᠨ ᠳᠤ᠂ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠪᠠ ᠬᠠᠮᠲᠤᠷᠠᠨ ᠪᠠᠶᠢᠴᠠᠭᠠᠬᠤ ᠠᠰᠠᠷ᠂ ᠬᠠᠮᠲᠤᠷᠠᠨ ᠪᠠᠶᠢᠴᠠᠭᠠᠬᠤ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠨᠢᠭᠡ ᠴᠣᠭᠴᠠᠵᠢᠭᠤᠯᠬᠤ᠂ ᠬᠢᠯᠢ ᠶᠢᠨ ᠪᠠᠶᠢᠴᠠᠭᠠᠯᠲᠠ ᠶᠢᠨ ᠴᠡᠷᠢᠭ ᠤᠨ ᠬᠤᠸᠠᠷᠠᠨ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠵᠡᠷᠭᠡ ᠬᠤᠯᠪᠣᠭᠠᠯᠠᠨ ᠪᠠᠶᠢᠴᠠᠭᠠᠬᠤ ᠪᠣᠭᠤᠮᠲᠠ ᠪᠠᠷ ᠥᠩᠭᠡᠷᠡᠬᠦ ᠲᠥᠬᠦᠭᠡᠷᠦᠮᠵᠢ ᠶᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠪᠣᠭᠤᠮᠲᠠ ᠪᠠᠷ ᠥᠩᠭᠡᠷᠡᠬᠦ ᠶᠢ ᠰᠢᠯᠭᠠᠨ ᠠᠪᠬᠤ ᠨᠥᠬᠦᠴᠡᠯ ᠢ ᠪᠦᠷᠢᠯᠳᠦᠭᠦᠯᠪᠡ᠃             ᠳᠠᠷᠠᠭᠠᠴᠢ ᠶᠢᠨ ᠠᠯᠬᠤᠮ ᠳᠤ᠂ ᠥᠯᠵᠡᠶ ᠪᠣᠭᠤᠮᠲᠠ ᠶᠢᠨ ᠬᠢᠨ ᠲᠥᠷᠥᠯ ᠵᠦᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号