ᠠᠯᠠᠱᠠ ᠵᠡᠭᠦᠨ ᠬᠤᠰᠢᠭᠤ᠄ ᠨᠠᠰᠤᠵᠢᠯ ᠤᠨ ᠠᠰᠠᠷᠠᠮᠵᠢ ᠶᠢᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠯ ᠢ ︽ᠬᠡᠷ ᠲᠤᠨᠢ ᠬᠦᠷᠭᠡᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠦᠵᠡᠭᠦᠯᠪᠡ
ᠨᠡᠶᠢᠲᠡᠯᠡᠭᠰᠡᠨ ᠴᠠᠭ᠄
2024/5/24
                    2024 ᠣᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠬᠦ ᠠᠵᠢᠯ ᠢ ᠦᠨᠡᠨ ᠬᠦ ᠠᠬᠢᠭᠤᠯᠬᠤ ᠶᠢᠨ ᠲᠥᠯᠥᠭᠡ᠂ ᠬᠠᠷᠢᠶ᠎ᠠ ᠣᠷᠣᠨ ᠤ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠡᠪ ᠤᠨ ᠶᠣᠰᠣᠭᠠᠷ ᠣᠯᠭᠤᠬᠤ ᠶᠢ ᠦᠨᠡᠨ ᠬᠦ ᠪᠠᠲᠤᠯᠠᠪᠠ᠃ ᠣᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠠᠷᠢᠶᠠᠲᠤ ᠣᠷᠣᠨ ᠳᠠᠭᠠᠨ ᠬᠦᠷᠴᠦ ᠰᠤᠷᠪᠤᠯᠵᠢᠯᠠᠨ᠂ ᠥᠪᠡᠰᠦᠪᠡᠨ ᠭᠡᠷᠡᠴᠢᠯᠡᠬᠦ ᠭᠡᠷᠡᠴᠢᠯᠡᠯ ᠢ ᠬᠡᠷ ᠲᠤᠨᠢ ᠬᠦᠷᠴᠦ ᠦᠢᠯᠡᠴᠢᠯᠡᠬᠦ ᠠᠷᠭ᠎ᠠ ᠮᠠᠶ᠋ᠢᠭ ᠢᠶᠠᠷ ᠨᠠᠰᠤᠲᠠᠶᠢᠴᠤᠳ ᠲᠤ ︽ᠬᠢᠷᠢ ᠬᠡᠮ ᠤᠨ ᠭᠡᠷᠡᠴᠢᠯᠡᠯ︾ ᠬᠢᠵᠦ᠂ ᠬᠠᠷᠠᠭᠠᠯᠵᠠᠯ ᠭᠥᠷᠳᠡᠭᠰᠡᠳ ᠲᠤ ᠲᠥᠬᠦᠮ ᠪᠥᠭᠡᠳ ᠲᠦᠷᠭᠡᠨ ᠭᠦᠢᠴᠡᠳᠬᠡᠵᠦ᠂ ᠭᠡᠷ ᠠᠴᠠ ᠪᠠᠨ ᠭᠠᠷᠬᠤ ᠥᠬᠡᠶ ᠪᠠᠷ ︽ᠠᠯᠠᠭᠠᠨ ᠳᠡᠭᠡᠷᠡᠬᠢ ᠭᠡᠷᠡᠴᠢᠯᠡᠯ︾᠎ ᠢ ᠪᠡᠶᠡᠯᠡᠭᠦᠯᠪᠡ᠃
      ᠠᠯᠠᠱᠠ ᠵᠡᠭᠦᠨ ᠬᠤᠰᠢᠭᠤᠨ ᠤ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠤᠨ ᠰᠢᠶᠤᠤ ᠰᠢᠨ ᠶᠤᠸᠠᠨ ᠡᠷᠡᠭᠦᠯᠵᠢᠯ ᠰᠤᠪᠢᠯᠠᠯᠲᠠ ᠶᠢᠨ ᠲᠥᠪ ᠲᠤ᠂ ᠠᠵᠢᠯᠲᠠᠳ 41 ᠨᠡᠷᠡᠰ ᠲᠠᠪᠤᠨ ᠪᠠᠲᠤᠯᠠᠭᠠᠲᠤ ᠨᠠᠰᠤᠲᠠᠨ ᠲᠠᠢ ︽ᠨᠢᠭᠤᠷᠳᠠᠨ ᠶᠠᠷᠢᠯᠴᠠᠬᠤ︾ ᠦᠢᠯᠡᠴᠢᠯᠡᠭᠡ ᠥᠷᠨᠢᠭᠦᠯᠵᠦ᠂ APP᠎ ᠶᠢᠨ ᠬᠡᠷᠡᠭᠯᠡᠬᠦ ᠠᠷᠭ᠎ᠠ ᠶᠢ ᠲᠤᠬᠠᠶ ᠶᠢᠨ ᠲᠠᠯᠠᠪᠤᠷ ᠲᠤ ᠵᠢᠱᠢᠶ᠎ᠡ ᠦᠵᠡᠭᠦᠯᠦᠨ ᠭᠡᠷᠡᠴᠢᠯᠡᠵᠦ᠂ ᠨᠠᠰᠤᠲᠠᠶᠢᠴᠤᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠬᠢᠵᠦ ᠥᠭᠪᠡ᠃ ᠬᠢᠷᠢ ᠬᠡᠮ ᠢ ᠭᠡᠷᠡᠴᠢᠯᠡᠬᠦ ᠴᠠᠭ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠵᠡᠷᠭᠡ ᠬᠠᠯᠠᠮᠰᠢᠯ ᠠᠰᠠᠭᠤᠳᠠᠯ ᠳᠤ ᠲᠠᠶᠢᠯᠤᠮᠵᠢ ᠬᠢᠵᠦ ᠂ ᠨᠠᠰᠤᠲᠠᠶᠢᠴᠤᠳ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠳᠡᠭᠡᠭᠰᠢᠯᠡᠭᠦᠯᠪᠡ᠃       ᠠᠯᠠᠱᠠ ᠵᠡᠭᠦᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠰᠦᠯᠵᠢᠶᠡᠨ ᠳᠡᠭᠡᠷᠡᠬᠢ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠢ ᠦᠷᠭᠦᠯᠵᠢᠯᠡᠨ ᠠᠬᠢᠭᠤᠯᠵᠤ᠂ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾᠎ ᠶᠢᠨ ᠭᠠᠷ ᠤᠲᠠᠰᠤᠨ ᠤ APP᠎ ᠶᠢ ᠬᠡᠷᠡᠭᠯᠡᠨ ᠪᠡᠶ᠎ᠡ ᠪᠠᠨ ᠳᠠᠭᠠᠭᠠᠵᠤ ᠭᠡᠷᠡᠴᠢᠯᠡᠬᠦ ᠶᠢ ᠰᠠᠨᠠᠭᠠᠴᠢᠯᠠᠬᠤ ᠶᠢᠨ ᠬᠠᠮᠲᠤ᠂ ᠰᠦᠯᠵᠢᠶᠡᠨ ᠳᠡᠭᠡᠷ᠎ᠡ ᠵᠢᠯᠣᠭᠤᠳᠬᠤ᠂ ᠭᠠᠷ ᠤᠲᠠᠰᠤ ᠪᠠᠷ ᠭᠡᠷᠡᠴᠢᠯᠡᠬᠦ᠂ ᠬᠡᠷ ᠲᠤᠨᠢ ᠬᠦᠷᠴᠦ ᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠯᠵᠦ ᠪᠠᠷᠢᠬᠤ ᠳᠤ ᠳᠥᠭᠦᠮ ᠦᠭᠡᠢ᠂ ᠣᠨᠳᠣᠤ ᠭᠠᠵᠠᠷ ᠲᠤ ᠭᠡᠷᠡᠴᠢᠯᠡᠬᠦ ᠳᠤ ᠵᠠᠮ ᠬᠤᠯᠠ ᠵᠡᠷᠭᠡ ᠲᠤᠬᠠᠶ ᠶᠢᠨ ᠲᠠᠯᠠᠪᠤᠷ ᠲᠤ ᠭᠦᠢᠴᠡᠳᠭᠡᠬᠦ ᠶᠢᠨ ᠠᠷᠭ᠎ᠠ ᠥᠬᠡᠶ ᠪᠤᠶᠤ ᠰᠦᠯᠵᠢᠶᠡᠨ ᠳᠡᠭᠡᠷ᠎ᠡ ᠭᠡᠷᠡᠴᠢᠯᠡᠬᠦ ᠶᠢᠨ ᠠᠷᠭ᠎ᠠ ᠥᠬᠡᠶ ᠠᠰᠠᠭᠤᠳᠠᠯ ᠢ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠣᠳᠣᠬᠠᠨ ᠳᠤ ᠨᠢᠭᠡᠨᠲᠡ 2.8 ᠲᠦᠮᠡ ᠭᠠᠷᠤᠶ ᠬᠥᠮᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠭᠡ ᠶᠢ ᠪᠡᠶᠡᠯᠡᠭᠦᠯᠵᠦ᠂ ᠡᠭᠦᠨ ᠳᠤ ᠭᠠᠷ ᠤᠲᠠᠰᠤ ᠪᠠᠷ ᠪᠡᠶ᠎ᠡ ᠪᠠᠨ ᠳᠠᠭᠠᠭᠠᠭᠰᠠᠨ ᠭᠡᠷᠡᠴᠢᠯᠡᠯᠲᠡ ᠶᠢᠨ ᠨᠣᠷᠮ᠎ᠠ 99.7%᠎ ᠳᠤ ᠬᠦᠷᠴᠡᠶ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号