﹇ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ﹈ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/24
                 ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃            ᠬᠤᠷᠠᠯ ᠠᠴᠠ᠂ ︽ᠬᠤᠶᠠᠷ ᠢ ᠲᠣᠭᠲᠠᠭᠠᠭᠰᠠᠨ︾᠎ ᠎ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠎ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠡᠨᠡ ᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠰᠡᠳᠬᠢᠯ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠎ ᠎ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠦᠨᠡᠨ ᠬᠦ ᠬᠦᠴᠦ ᠣᠷᠣᠭᠤᠯᠵᠤ᠂ ᠪᠦᠯᠦᠭ ᠵᠦᠢᠯ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠤᠯᠬᠤ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ᠂ ᠶᠠᠮᠠᠷ ᠶᠠᠪᠤᠳᠠᠯ ᠢ ᠬᠢᠵᠦ ᠪᠤᠯᠬᠤ᠂ ᠶᠠᠮᠠᠷ ᠶᠠᠪᠤᠳᠠᠯ ᠢ ᠬᠢᠵᠦ ᠪᠤᠯᠬᠤ ᠦᠭᠡᠢ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ᠂ ︽ᠳᠦᠷᠢᠮ︾᠎ ᠎ ᠢ ᠡᠳᠦᠷ ᠲᠤᠳᠤᠮ ᠬᠡᠷᠡᠭᠯᠡᠵᠦ ᠪᠠᠶᠢᠲᠠᠯ᠎ᠠ ᠪᠠᠨ ᠦᠯᠦ ᠠᠩᠵᠠᠭᠠᠷᠠᠬᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠲᠦᠷᠦᠭᠦᠯᠡᠨ ᠰᠠᠶᠢᠲᠤᠷ ᠬᠢᠵᠦ᠂ ᠥᠪᠡᠷ ᠤᠨ ᠪᠡᠶ᠎ᠡ ᠪᠠᠷ ᠢᠶᠠᠨ ᠰᠠᠶᠢᠲᠤᠷ ᠠᠵᠢᠯᠯᠠᠵᠤ᠂ ᠠᠵᠢᠯ ᠢᠶᠠᠨ ᠰᠠᠶᠢᠲᠤᠷ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠪᠠᠶᠢᠴᠠᠭᠠᠨ ᠦᠵᠡᠵᠦ᠂ ᠲᠣᠭᠲᠠᠭᠰᠠᠨ ᠠᠵᠢᠯᠯᠠᠭ᠎ᠠ ᠪᠠᠨ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠢᠯᠭᠠᠬᠤ ︽ᠰᠢᠯᠭᠠᠭᠤᠷ︾᠎  ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠥᠪᠥᠷ ᠮᠣᠩᠭᠤᠯ ᠤᠨ ᠬᠠᠭᠤᠳᠠᠰᠤ︾᠎ ᠎ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠎  ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠪᠣᠳᠠᠲᠠᠢ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾᠎  ᠪᠠᠶᠢᠬᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ ᠂ ᠲᠣᠰ ᠪᠡᠶ᠎ᠡ ᠶᠢᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾᠎  ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃            
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号