ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠵᠦ ᠪᠦᠭᠦ ᠲᠠᠯ᠎ᠠ ᠶᠢ ᠲᠥᠯᠥᠪᠵᠢᠭᠦᠯᠦᠨ ᠦᠵᠡᠯ  ᠰᠠᠨᠠᠭ᠎ᠠ ᠪᠠᠷ ᠬᠥᠲᠥᠯᠥᠨ ᠵᠢᠯᠤᠭᠤᠳᠴᠤ ᠰᠡᠷᠭᠦᠨ ᠮᠠᠨᠳᠤᠯᠲᠠ ᠲᠡᠶᠢᠰᠢ ᠤᠷᠤᠭᠰᠢᠯᠠᠨ᠎ᠠ
ᠨᠡᠶᠢᠲᠡᠯᠡᠭᠰᠡᠨ ᠴᠠᠭ᠄
2024/5/28
                          - ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠦᠭᠰᠡᠨ ᠲᠤᠬᠠᠢ ᠪᠣᠳᠠᠲᠤ ᠲᠡᠮᠳᠡᠭᠯᠡᠯ       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠰᠢᠶᠣᠣ ᠰᠢ ᠸᠠᠩ ᠴᠢ ᠭᠤᠤ ᠯᠧᠢ      ᠡᠨᠡ ᠪᠣᠯ ᠨᠢᠭᠡ ᠤᠳᠠᠭᠠᠨ ᠤ ᠦᠵᠡᠯ ᠰᠠᠨᠠᠭ᠎ᠠ ᠶᠢ ᠰᠡᠬᠡᠭᠡᠷᠡᠭᠦᠯᠵᠦ᠂ ᠰᠦᠭ ᠰᠦᠨᠡᠰᠦ ᠶᠢ ᠱᠤᠭᠤᠭᠰᠠᠨ ᠶᠡᠭᠡ ᠰᠤᠷᠤᠯᠴᠠᠯᠭ᠎ᠠ ᠮᠥᠨ -      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠥᠷᠭᠡᠨ ᠶᠡᠭᠡ ᠪᠠᠶᠢᠯᠳᠤᠬᠤ ᠪᠣᠳᠣᠯᠭ᠎ᠠ ᠶᠢᠨ ᠬᠠᠷᠠᠴᠠ᠂ ᠡᠷᠡᠰ ᠪᠠᠲᠤ ᠤᠨᠤᠯ ᠤᠨ ᠤᠬᠠᠮᠰᠠᠷ᠂ ᠡᠷᠡᠰ ᠴᠢᠩᠭ᠎ᠠ ᠲᠡᠦᠬᠡ ᠶᠢᠨ ᠡᠭᠦᠷᠭᠡᠯᠡᠯ ᠢᠶᠠᠷ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠴᠤ ᠡᠷᠡᠰ ᠭᠤᠶᠢᠪᠢᠰᠢ ᠦᠭᠡᠢ ᠪᠠᠷ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠪᠠ᠃      ᠡᠨᠡ ᠪᠣᠯ ᠨᠢᠭᠡ ᠤᠳᠠᠭᠠᠨ ᠤ ᠠᠰᠠᠭᠤᠳᠠᠯ ᠳᠤ ᠰᠢᠭᠤᠳ ᠬᠠᠨᠳᠤᠵᠤ᠂ ᠠᠰᠠᠭᠤᠳᠠᠯ ᠢ ᠰᠢᠢᠳᠪᠦᠷᠢᠯᠡᠭᠰᠡᠨ ᠶᠡᠭᠡ ᠠᠷᠢᠭᠤᠰᠬᠠᠯ ᠮᠥᠨ -      ᠶᠡᠷᠦᠩᠬᠡᠢ ᠱᠦᠵᠢ ᠰᠢ ᠶᠢᠨ ᠫᠢᠩ ᠪᠦᠭᠦ ᠨᠠᠮ ᠢ ᠬᠥᠲᠥᠯᠥᠨ ᠳᠠᠭᠠᠭᠤᠯᠵᠤ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ ᠪᠠᠶᠢᠭᠤᠯᠤᠯᠲᠠ ᠴᠡᠪᠡᠷ ᠪᠤᠰᠤ᠂ ᠰᠤᠷᠲᠠᠯ ᠴᠡᠪᠡᠷ ᠪᠤᠰᠤ ᠪᠠᠶᠢᠬᠤ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠨ᠂ ᠤᠬᠳᠤ ᠭᠤᠶᠢᠪᠢᠰᠢ ᠦᠭᠡᠢ ᠪᠠᠷ ᠨᠠᠮ ᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ᠂ ᠮᠠᠨ ᠤ ᠨᠠᠮ ᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠪᠠ ᠬᠦᠴᠦᠷᠬᠡᠭ ᠶᠡᠭᠡ ᠲᠠᠶᠢᠴᠢᠨ ᠬᠦᠴᠦᠨ ᠢᠶᠠᠨ ᠡᠭᠦᠷᠢᠳᠡ ᠪᠠᠷᠢᠮᠲᠠᠯᠠᠬᠤ ᠶᠢ ᠦᠨᠡᠨ ᠬᠦ ᠪᠠᠲᠤᠯᠠᠪᠠ᠃      ᠡᠨᠡ ᠪᠣᠯ ᠨᠢᠭᠡ ᠤᠳᠠᠭᠠᠨ ᠤ ᠰᠢᠨ᠎ᠡ ᠠᠶᠠᠨ ᠢ ᠳᠠᠬᠢᠨᠲᠠ ᠡᠬᠢᠯᠡᠭᠦᠯᠵᠦ᠂ ᠠᠭᠤᠤ ᠦᠢᠯᠡᠰ ᠢ ᠳᠠᠬᠢᠨᠲᠠ ᠴᠣᠭᠴᠠᠯᠠᠭᠰᠠᠨ ᠶᠡᠭᠡ ᠳᠠᠶᠢᠴᠢᠯᠠᠯᠲᠠ ᠮᠥᠨ -      ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠪᠦᠭᠦ ᠨᠠᠮ ᠳᠤ ᠤᠷᠢᠶᠠᠯᠠᠭ᠎ᠠ ᠭᠠᠷᠭᠠᠪᠠ᠄       ︽ᠪᠢᠳᠡ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠦᠭᠦ ᠨᠠᠮ ᠤᠨ ᠮᠠᠷᠺᠰ ᠤᠨ ᠦᠵᠡᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠮ ᠤᠨ ᠲᠥᠷᠥ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ︕︾᠃      ᠥᠨᠳᠥᠷ ᠲᠤ ᠵᠣᠭᠰᠣᠨ ᠠᠯᠤᠰ ᠢ ᠪᠠᠷᠠᠯᠠᠵᠤ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠪᠡ - ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠶᠠᠨ ᠳᠠᠬᠢ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠪᠦᠭᠦ ᠨᠠᠮ ᠢ ᠵᠡᠪᠰᠡᠭᠯᠡᠬᠦ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠪᠠ      ᠭᠤᠸᠠᠩᠰᠢ ᠶᠢᠨ ᠨᠠᠨᠨᠢᠩ ᠬᠤᠲᠠ ᠳᠤ ᠪᠠᠶᠢᠷᠢᠯᠠᠭ᠎ᠠ ᠫᠠᠨᠯᠦ᠋ᠩ ᠨᠡᠶᠢᠭᠡᠮ ᠲᠣᠭᠤᠷᠢᠭ ᠲᠤ᠂ ᠬᠢᠲᠠᠳ᠂ ᠵᠤᠸᠠᠩ᠂ ᠶᠣᠣ᠂ ᠮᠢᠶᠣᠣ᠂ ᠳ᠋ᠦᠩ ᠵᠡᠷᠭᠡ ᠦᠨᠳᠦᠰᠦᠲᠡᠨ ᠨᠦᠭᠦᠳ ᠤᠨ ᠣᠯᠠᠨ ᠲᠦᠮᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠷᠢᠯᠴᠠᠨ ᠠᠭᠤᠰᠤᠯᠴᠠᠨ᠂ ᠨᠢᠭᠡ ᠭᠡᠷ ᠤᠨ ᠬᠥᠮᠥᠨ ᠰᠢᠭ ᠳᠣᠲᠣᠨᠣ ᠪᠣᠯᠪᠠ᠃      2023 ᠣᠨ ᠤ 12 ᠰᠠᠷ᠎ᠠ ᠶᠢᠨ 14᠎ ᠤ ᠡᠳᠦᠷ᠂ ᠶᠠᠭ ᠭᠤᠸᠠᠩᠰᠢ ᠳᠤ ᠰᠢᠨᠵᠢᠯᠡᠨ ᠪᠠᠶᠢᠴᠠᠭᠠᠵᠤ ᠪᠠᠶᠢᠭᠰᠠᠨ ᠶᠡᠷᠦᠩᠬᠡᠢ ᠱᠦᠵᠢ ᠰᠢ ᠶᠢᠨ ᠫᠢᠩ ᠫᠠᠨᠯᠦ᠋ᠩ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠲᠤᠬᠠᠢ ᠶᠢᠨ ᠲᠠᠯᠠᠪᠠᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠨ᠂ ᠲᠤᠬᠠᠢ ᠶᠢᠨ ᠭᠠᠵᠠᠷ ᠤᠨ ᠨᠠᠮ ᠤᠨ ᠪᠠᠶᠢᠭᠤᠯᠤᠯᠲᠠ ᠪᠠᠷ ᠬᠥᠲᠥᠯᠥᠨ ᠵᠢᠯᠤᠭᠤᠳᠴᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠦᠢᠯᠡᠴᠢᠯᠡᠭᠡ ᠪᠠᠷ ᠦᠨᠳᠦᠰᠦ ᠪᠤᠯᠭᠠᠵᠤ ᠬᠥᠭᠵᠢᠯᠲᠡ ᠶᠢ ᠠᠬᠢᠭᠤᠯᠵᠤ ᠪᠠᠶᠢᠭ᠎ᠠ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠬᠡᠪᠡ᠃       ︽ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠰᠢᠪᠲᠤᠷᠠᠭᠠᠨ ᠳᠠᠭᠠᠨ ᠣᠷᠣᠵᠤ᠂ ᠰᠠᠶᠢᠨ ᠎ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ ᠬᠡᠷᠡᠭᠲᠡᠢ︾᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠳᠤ᠂ ᠶᠡᠷᠦᠩᠬᠡᠢ ᠱᠦᠵᠢ ᠰᠢ ᠎ ᠶᠢᠨ ᠫᠢᠩ ᠴᠢᠩ ᠰᠡᠳᠬᠢᠯ ᠠᠴᠠ ᠪᠠᠨ ᠰᠠᠨᠠᠭᠤᠯᠪᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号