ᠮᠠᠯᠴᠢᠨ ᠲᠦᠮᠡᠨ ᠤ ᠲᠠᠯᠠᠷᠬᠠᠯ ᠤᠨ ᠰᠡᠳᠬᠢᠯ ᠢᠶᠠᠨ ᠢᠯᠡᠳᠬᠡᠭᠰᠡᠨ ᠬᠡᠮᠡᠷᠯᠢᠭ ᠲᠤᠭ
ᠨᠡᠶᠢᠲᠡᠯᠡᠭᠰᠡᠨ ᠴᠠᠭ᠄
2024/5/28
                          ᠨᠠᠷᠠᠨ᠎ᠠ᠂ ᠡᠷᠳᠡᠨᠢᠬᠦᠦ                            ᠣᠶᠢᠷ᠎ᠠ ᠳᠤ᠂ ᠠᠯᠠᠱᠠ ᠠᠶᠢᠮᠠᠭ ᠤᠨ ᠷᠦᠡᠭ ᠶᠤᠸᠠᠨ ᠨᠣᠣᠯᠣᠭᠤᠷ ᠤᠨ ᠴᠠᠭᠠᠨ ᠢᠮᠠᠭ᠎ᠠ ᠬᠤᠣᠰ ᠪᠥᠬᠦᠲᠦ ᠲᠡᠮᠡᠭᠡᠨ ᠤ ᠲᠤᠰᠬᠠᠢ ᠬᠤᠷᠰᠢᠶ᠎ᠠ ᠶᠢᠨ ᠬᠢᠨ ︽ᠲᠠᠰ ᠳᠠᠷᠠᠭᠠᠯᠠᠯ ᠢ ᠰᠢᠯᠢᠳᠡᠭᠵᠢᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠦᠢᠯᠡᠴᠢᠯᠡᠨ ᠥᠯᠢᠭᠡᠷ ᠳᠠᠭᠤᠷᠢᠶᠠᠯ ᠦᠵᠡᠭᠦᠯᠦᠯ᠎ᠡ︾ ᠭᠡᠰᠡᠨ ᠦᠰᠦᠭ ᠲᠠᠢ ᠬᠡᠮᠡᠷᠯᠢᠭ ᠲᠤᠭ ᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠭᠡᠵᠦ᠂ ᠥᠨᠳᠥᠷ ᠪᠦᠲᠦᠮᠵᠢᠲᠡᠶ ᠪᠠᠷ ᠲᠡᠳᠡᠨ ᠤ ᠳᠠᠩᠰᠠᠯᠠᠯᠲᠠ ᠪᠠᠨ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠭᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠠᠶᠢᠨ᠎ᠠ᠃              ᠠᠯᠠᠱᠠ ᠠᠶᠢᠮᠠᠭ ᠤᠨ ᠷᠦᠡᠭ ᠶᠤᠸᠠᠨ ᠨᠣᠣᠯᠣᠭᠤᠷ ᠤᠨ ᠴᠠᠭᠠᠨ ᠢᠮᠠᠭ᠎ᠠ ᠬᠤᠣᠰ ᠪᠥᠬᠦᠲᠦ ᠲᠡᠮᠡᠭᠡᠨ ᠤ ᠲᠤᠰᠬᠠᠢ ᠬᠤᠷᠰᠢᠶ᠎ᠠ ᠳᠠᠩᠰᠠᠯᠠᠯᠲᠠ ᠪᠠᠨ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠪᠡᠯᠡᠳᠬᠡᠬᠦ ᠦᠶ᠎ᠡ ᠳᠤ᠂ ᠬᠤᠷᠰᠢᠶ᠎ᠠ ᠶᠢᠨ ᠪᠦᠷᠢᠯᠳᠦᠭᠦᠨ ᠴᠥᠮ ᠦᠨᠡᠨ ᠨᠡᠷ᠎ᠡ ᠪᠠᠷ ᠢᠶᠠᠨ ᠭᠡᠷᠡᠴᠢᠯᠡᠬᠦ ᠴᠢᠬᠤᠯᠠᠲᠠᠢ ᠪᠠᠶᠢᠪᠠ᠃ ᠭᠡᠪᠡᠴᠦ ᠳᠡᠳᠡᠨ ᠤ ᠬᠤᠷᠰᠢᠶ᠎ᠠ ᠶᠢᠨ ᠪᠦᠷᠢᠯᠳᠦᠭᠦᠨ ᠨᠢ 500 ᠬᠥᠮᠥᠨ ᠠᠴᠠ ᠳᠠᠪᠠᠵᠤ᠂ ᠣᠯᠠᠩᠬᠢ ᠨᠢ ᠮᠠᠯᠵᠢᠬᠤ ᠲᠠᠷᠢᠶᠠᠯᠠᠬᠤ ᠣᠷᠣᠨ ᠳᠤ ᠰᠠᠭᠤᠷᠢᠰᠢᠨ᠂ ᠨᠠᠰᠤ ᠠᠬᠢᠭᠰᠠᠨ ᠬᠥᠮᠥᠰ ᠪᠣᠯᠬᠤᠷ᠂ ᠭᠠᠷ ᠤᠲᠠᠰᠤ ᠪᠠᠷ ᠠᠵᠢᠯᠯᠠᠵᠤ ᠴᠢᠳᠠᠬᠤ ᠦᠭᠡᠢ ᠬᠦᠴᠢᠷᠳᠡᠯ ᠳᠤ ᠲᠤᠯᠭᠠᠷᠠᠵᠠᠢ᠃ ᠠᠯᠠᠱᠠ ᠵᠡᠭᠦᠨ ᠬᠤᠰᠢᠭᠤᠨ ᠪ᠊ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠡᠳᠡᠨ ᠢ ᠬᠠᠪᠰᠤᠷᠤᠨ᠂ ᠶᠡᠭᠡ ᠬᠤᠷᠠᠯ ᠤᠨ ᠲᠣᠪᠴᠢ ᠲᠡᠮᠳᠡᠭᠯᠡᠯ᠂ ᠳᠦᠷᠢᠮ ᠵᠡᠷᠭᠡ ᠭᠤᠶᠤᠴᠢᠯᠠᠯ ᠤᠨ ᠮᠠᠲ᠋ᠧᠷᠢᠶᠠᠯ ᠢ ᠪᠡᠯᠡᠳᠬᠡᠵᠦ᠂ ᠠᠵᠢᠯᠯᠠᠭᠤᠯᠬᠤ ᠰᠢᠰᠲ᠋ᠧᠮ ᠤᠨ ᠠᠷᠤ ᠲᠠᠪᠴᠠᠩ ᠲᠠᠢ ᠬᠠᠷᠢᠯᠴᠠᠨ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠡᠴᠦᠰ ᠲᠡᠭᠡᠨ ᠲᠤᠬᠠᠶᠢᠯᠠᠭᠰᠠᠨ ᠠᠵᠢᠯ ᠢ ᠨᠢ ᠤᠷᠤᠭᠰᠢᠲᠠᠢ ᠭᠦᠢᠴᠡᠳᠬᠡᠵᠦ ᠥᠭᠭᠦᠭᠰᠡᠨ ᠪᠠᠶᠢᠪᠠ᠃              ᠣᠶᠢᠷ᠎ᠠ ᠶᠢᠨ ᠵᠢᠯ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠢᠳᠡᠪᠬᠢᠲᠡᠢ ᠳᠤᠭᠤᠰᠢᠯᠠᠠᠭᠤᠯᠤᠨ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠂ ︽ᠨᠡᠷᠡᠶᠢᠳᠦᠯ ᠢᠶᠠᠨ ᠪᠡᠶ᠎ᠡ ᠪᠠᠨ ᠳᠠᠭᠠᠭᠠᠵᠤ ᠮᠡᠳᠡᠭᠦᠯᠬᠦ︾᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠵᠠᠰᠠᠭ ᠪᠠᠩᠬᠢ ᠬᠠᠮᠲᠤᠷᠠᠯᠴᠠᠬᠤ︾᠂ ᠠᠯᠪᠠᠨ ᠲᠠᠮᠠᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠬᠦᠷᠭᠡᠬᠦ ᠵᠡᠷᠭᠡ ᠠᠵᠢᠯ ᠤᠨ ᠲᠥᠭᠦᠮ ᠲᠣᠭᠲᠠᠴᠠ ᠶᠢ ᠠᠬᠢᠭᠤᠯᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠳᠡᠯᠭᠡᠷᠡᠭᠦᠯᠦᠭᠰᠡᠨ ᠪᠠᠶᠢᠨ᠎ᠠ᠃ ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠢᠳᠡᠪᠬᠢᠲᠡᠢ ᠪᠠᠷ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠪᠣᠳᠠᠲᠠᠢ ᠪᠠᠷ ᠠᠵᠢᠯᠯᠠᠵᠤ ᠪᠣᠳᠠᠲᠤ ᠦᠷ᠎ᠡ ᠪᠦᠲᠦᠮᠵᠢ ᠪᠠᠷ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠭᠦ ᠶᠢᠨ ᠬᠠᠮᠲᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠨ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠦᠢᠯᠡᠴᠢᠯᠡᠭᠡᠨ ᠤ ᠦᠵᠡᠯᠲᠡ ᠶᠢ ᠪᠠᠷᠢᠮᠲᠠᠯᠠᠵᠤ᠂ ᠠᠵᠤ ᠠᠬᠤᠶᠢᠯᠠᠯ ᠳᠤ ᠤᠷᠢᠳᠴᠢᠯᠠᠨ ᠪᠣᠯᠵᠣᠵᠤ ᠴᠠᠭ ᠢ ᠤᠷᠲᠤᠳᠬᠠᠬᠤ ᠦᠢᠯᠡᠴᠢᠯᠡᠭᠡ ᠪᠠ ᠬᠠᠪᠰᠤᠷᠤᠨ ᠪᠡᠶᠡᠯᠡᠭᠦᠯᠵᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠣᠯᠠᠨ ᠤᠳᠠᠭ᠎ᠠ ᠬᠠᠩᠭᠠᠨ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠭᠤᠶᠤᠴᠢᠯᠠᠬᠤ ᠮᠠᠲ᠋ᠧᠷᠢᠶᠠᠯ ᠢ ᠨᠢ ᠲᠡᠭᠦᠯᠳᠡᠷᠵᠢᠭᠦᠯᠵᠦ᠂ ᠠᠯᠬᠤᠮ ᠳᠠᠷᠠᠭ᠎ᠠ ᠶᠢ ᠨᠢ ᠰᠢᠯᠢᠳᠡᠭᠵᠢᠭᠦᠯᠦᠨ᠂ ︽ᠠᠵᠢᠯ ᠨᠢ ᠬᠤᠷᠳᠤᠨ᠂ ᠣᠪᠣᠷ ᠨᠢ ᠬᠠᠯᠠᠭᠤᠮᠰᠤᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠶ ᠪᠤᠯᠭᠠᠵᠦ ᠪᠠᠶᠢᠨ᠎ᠠ᠃              ︽ᠬᠡᠮᠡᠷᠯᠢᠭ ᠲᠤᠭ ᠨᠢ ᠮᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠲᠤᠬᠠᠢ ᠦᠨᠡᠯᠡᠯᠲᠡ ᠪᠤᠯᠬᠤ ᠪᠥᠭᠡᠳ ᠬᠤᠵᠢᠮ ᠤᠨ ᠠᠵᠢᠯ ᠳᠤ ᠵᠣᠷᠢᠭᠵᠢᠭᠤᠯᠤᠯ ᠪᠣᠯᠵᠤ ᠪᠠᠶᠢᠭ᠎ᠠ ᠶᠤᠮ᠃ ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ︽ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ︾᠎ ᠪᠠᠷ ᠭᠠᠷᠳᠠᠴᠠ ᠪᠣᠯᠭᠠᠨ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠳᠡᠩᠰᠡᠯᠡᠵᠦ ᠬᠢᠨᠠᠨ ᠵᠥᠪᠰᠢᠶᠡᠷᠡᠬᠦ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ᠤᠨ ᠡᠷᠭᠢᠯᠡᠭᠴᠢ ᠸᠠᠩ ᠰᠢᠶᠣᠣ ᠶᠠᠷᠢᠯ᠎ᠠ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号