● ᠰᠡᠴᠡᠨ᠂ ᠡᠷᠳᠡᠨᠢᠬᠦᠦ | | ︽ᠨᠠᠮ ᠪᠣᠯᠣᠨ ᠵᠠᠰᠠᠭ ᠤᠨ ᠣᠷᠳᠣᠨ ᠤ ᠰᠠᠶᠢᠨ ᠲᠥᠷᠥ ᠶᠢᠨ ᠪᠣᠳᠣᠯᠭ᠎ᠠ ᠳᠤ ᠮᠠᠰᠢ ᠲᠠᠯᠠᠷᠬᠠᠵᠤ | ᠪᠠᠶᠢᠨ᠎ᠠ᠂ ᠭᠠᠴᠠᠭᠠᠨ ᠠᠴᠠ ᠪᠢᠳᠡᠨ ᠳᠤ ᠶᠠᠳᠠᠭᠤ ᠬᠦᠴᠢᠷᠳᠡᠯᠲᠡᠢ ᠠᠷᠠᠳ ᠤᠨ ᠶᠠᠳᠠᠭᠤᠷᠠᠬᠤ ᠠᠴᠠ ᠰᠡᠷᠭᠡᠶᠢᠯᠡᠬᠦ | ᠳᠠᠭᠠᠳᠬᠠᠯ ᠬᠤᠳᠠᠯᠳᠤᠨ ᠠᠪᠴᠤ ᠥᠭᠭᠦᠭᠰᠡᠨ ᠠᠴᠠ ᠡᠨᠡ ᠬᠤᠶᠠᠷ ᠡᠳᠦᠷ 2023 ᠣᠨ ᠳᠤ ᠲᠥᠯᠥᠬᠦ ᠶᠣᠰᠣᠲᠠᠢ | 38644 ᠲᠥᠭᠦᠷᠢᠭ ᠢ ᠴᠠᠶᠢᠷᠠᠭᠤᠯᠵᠤ ᠦᠭᠭᠦᠯ᠎ᠡ᠂ ᠡᠨᠡ ᠵᠣᠭᠤᠰ ᠢᠶᠠᠷ ᠬᠦᠴᠢᠷᠳᠡᠯ ᠭᠠᠷᠬᠤ ᠦᠶᠡᠰ ᠵᠢᠭᠡᠯᠡᠭᠰᠡᠨ | ᠵᠣᠭᠤᠰ ᠢᠶᠠᠨ ᠲᠥᠯᠥᠵᠦ ᠳᠠᠭᠤᠰᠬᠠᠭᠰᠠᠨ ᠢᠶᠠᠷ ᠪᠠᠷᠠᠬᠤ ᠦᠭᠡᠢ ᠪᠠᠰᠠ 6000 ᠭᠠᠷᠤᠢ ᠲᠥᠭᠦᠷᠢᠭ ᠦᠯᠡᠳᠡᠵᠦ᠂ | ᠦᠨᠡᠬᠡᠷ ᠮᠠᠨᠠᠶᠢᠬᠢᠨ ᠤ ᠶᠡᠭᠡ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠰᠢᠤ︕︾ ᠭᠡᠵᠦ ᠠᠯᠠᠱᠠ ᠵᠡᠭᠦᠨ | ᠬᠤᠰᠢᠭᠤᠨ ᠤ ᠣᠨᠳᠣᠷᠣᠯᠲᠤ ᠪᠠᠯᠭᠠᠰᠤᠨ ᠤ ᠲᠡᠯ ᠤᠯᠠᠭᠠᠨ ᠭᠠᠴᠠᠭᠠᠨ ᠤ ᠠᠷᠠᠳ ᠮᠠ ᠬᠤᠩ ᠶᠢᠨ ᠰᠡᠳᠬᠢᠯ | ᠬᠥᠳᠡᠯᠦᠨ ᠶᠠᠷᠢᠨ᠎ᠠ᠃ | ᠣᠶᠢᠷ᠎ᠠ ᠶᠢᠨ ᠵᠢᠯ ᠤᠨ ᠲᠤᠷᠰᠢ᠂ ᠣᠨᠳᠣᠷᠣᠯᠲᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠶᠠᠳᠠᠭᠤ ᠬᠦᠴᠢᠷᠳᠡᠯᠲᠡᠢ | ᠠᠷᠠᠳ ᠤᠨ ᠳᠠᠭᠠᠳᠬᠠᠯ ᠳᠤ ᠣᠷᠣᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠶᠢ | ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠴᠢᠬᠤᠯᠠ ᠠᠷᠭ᠎ᠠ | ᠪᠠᠷᠢᠯ ᠤᠨ ᠨᠢᠭᠡ ᠪᠤᠯᠭᠠᠵᠤ᠂ ᠡᠷᠦᠭᠡ ᠳᠤ ᠭᠦᠨᠵᠡᠭᠡᠶᠢᠷᠡᠬᠦ᠂ ᠭᠠᠷ ᠤᠲᠠᠰᠤ ᠪᠠ ᠸᠢᠴᠠᠲ ᠢᠶᠠᠷ ᠬᠠᠷᠢᠯᠴᠠᠬᠤ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠶᠠᠳᠠᠭᠤ ᠬᠦᠴᠢᠷᠳᠡᠯᠲᠡᠢ ᠬᠥᠮᠥᠨ ᠠᠮᠠ ᠳᠤ ᠭᠡᠨᠡᠳᠲᠡ ᠶᠢᠨ ᠡ᠊ᠡᠳᠡᠯ ᠠᠴᠠ | ᠪᠣᠯᠵᠤ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ | ᠨᠢᠭᠡ ᠡᠷᠦᠭᠡ ᠶᠢ ᠴᠦ ᠣᠷᠬᠢᠭᠳᠠᠭᠤᠯᠬᠤ ᠦᠭᠡᠢ ᠪᠠᠷ 2023 ᠣᠨ ᠳᠤ ᠣᠨᠳᠣᠷᠣᠯᠲᠤ ᠪᠠᠯᠭᠠᠰᠤᠨ ᠤ ᠪᠠᠶᠢᠩᠭᠤ | ᠰᠠᠭᠤᠷᠢᠰᠢᠭ᠎ᠠ ᠡᠷᠦᠭᠡ ᠶᠢ 100% ᠪᠠᠷ ᠳᠠᠭᠠᠳᠬᠠᠯ ᠳᠤ ᠣᠷᠣᠭᠤᠯᠵᠤ᠂ ᠮᠠᠯᠴᠢᠨ ᠲᠠᠷᠢᠶᠠᠴᠢᠳ ᠢ ᠭᠡᠨᠡᠳᠲᠡ ᠶᠢᠨ | ᠤᠴᠢᠷ ᠠᠴᠠ ᠪᠣᠯᠵᠤ ᠲᠠᠭᠢᠨ ᠥᠷᠢ ᠰᠢᠷᠢ ᠳᠤ ᠤᠨᠠᠨ ᠶᠠᠳᠠᠭᠤᠷᠠᠬᠤ ᠭᠡᠨᠡᠳᠡᠯ ᠠᠴᠠ ᠵᠠᠶᠢᠯᠠᠭᠤᠯᠪᠠ᠃ | ᠦᠨᠳᠦᠰᠦᠨ ᠱᠠᠲᠤᠨ ᠤ ᠮᠠᠯᠴᠢᠨ ᠲᠠᠷᠢᠶᠠᠴᠢᠳ ᠲᠤ ᠬᠦᠨᠳᠦ ᠡᠪᠡᠳᠴᠢᠨ᠂ ᠭᠠᠮᠰᠢᠭ᠂ | ᠰᠤᠷᠤᠯᠭ᠎ᠠ ᠶᠢᠨ ᠮᠥᠩᠭᠦ᠂ ᠭᠡᠨᠡᠳᠲᠡ ᠶᠢᠨ ᠡ᠊ᠡᠳᠡᠯ ᠵᠡᠷᠭᠡ ᠰᠢᠯᠲᠠᠭᠠᠨ ᠨᠢ ᠳᠠᠭᠢᠨ ᠶᠠᠳᠠᠭᠤᠷᠠᠭᠤᠯᠬᠤ ᠲᠦᠭᠰᠢᠭᠦᠷᠢ ᠶᠢ | ᠪᠤᠢ ᠪᠣᠯᠭᠠᠳᠠᠭ᠃ ᠣᠨᠳᠣᠷᠣᠯᠲᠤ ᠪᠠᠯᠭᠠᠰᠤᠨ ᠤ ᠡᠯ᠎ᠡ ᠭᠠᠴᠠᠭᠠᠨ ᠤ ︽ᠬᠤᠶᠠᠷ ᠵᠥᠪᠯᠡᠯ︾ ᠴᠠᠭ ᠲᠤᠬᠠᠢ ᠳᠤᠨᠢ | ᠲᠦᠭᠰᠢᠭᠦᠷᠢ ᠶᠢᠨ ᠪᠠᠶᠢᠴᠠᠭᠠᠯᠲᠠ ᠬᠢᠵᠦ᠂ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠤᠨ ᠪᠠᠯᠭᠠᠰᠤᠨ ᠤ | ᠠᠵᠢᠯᠲᠠᠨ ᠳᠤ ᠲᠤᠰᠢᠶᠠᠵᠤ᠂ ᠪᠠᠯᠭᠠᠰᠤᠨ ᠠᠴᠠ ᠳᠠᠭᠠᠳᠬᠠᠯ ᠤᠨ ᠺᠤᠮᠫᠠᠨᠢ ᠳᠤ ᠲᠥᠯᠥᠪᠦᠷᠢ ᠮᠡᠳᠡᠭᠦᠯᠦᠨ᠂ 2023 | ᠣᠨ ᠳᠤ ᠣᠯᠠᠨ ᠲᠦᠮᠡᠨ ᠳᠤ 203387.56 ᠲᠥᠭᠦᠷᠢᠭ ᠤᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠤᠨ | ᠲᠥᠯᠥᠪᠦᠷᠢ ᠶᠢᠨ ᠪᠡᠯᠡ ᠮᠥᠩᠭᠦ ᠭᠤᠶᠤᠴᠢᠯᠠᠵᠠᠢ᠃ | ᠣᠨᠳᠣᠷᠣᠯᠲᠤ ᠪᠠᠯᠭᠠᠰᠤᠨ ᠤ ᠰᠠᠶᠢᠬᠠᠨᠲᠠᠯ᠎ᠠ ᠭᠠᠴᠠᠭᠠᠨ ᠤ ᠸᠠᠩ ᠴᠤᠤ ᠽᠦ ᠶᠢᠨ ᠭᠡᠷ ᠲᠤ | ᠣᠶᠢᠷ᠎ᠠ ᠶᠢᠨ ᠡᠳᠦᠷ ᠢᠨᠢᠶᠡᠳᠦ ᠪᠠᠶᠠᠷ ᠢᠶᠠᠷ ᠳᠦᠭᠦᠷᠴᠦ᠂ ᠨᠠᠮ ᠪᠣᠯᠣᠨ ᠵᠠᠰᠠᠭ ᠤᠨ ᠣᠷᠳᠣᠨ ᠤ ᠰᠠᠶᠢᠨ ᠲᠦᠷᠦ ᠶᠢᠨ | ᠪᠣᠳᠣᠯᠭ᠎ᠠ ᠶᠢ ᠬᠥᠷᠰᠢ ᠵᠡᠷᠭᠡᠯᠡᠳᠡᠭᠡ ᠳᠡᠭᠡᠨ ᠠᠮᠠ ᠬᠠᠮᠬᠢᠯ ᠦᠭᠡᠢ ᠮᠠᠭᠲᠠᠨ᠎ᠠ᠃ ᠣᠶᠢᠯᠠᠭᠠᠭᠰᠠᠨ ᠢᠶᠠᠷ᠂ 3 ᠠᠮᠠ | ᠪᠦᠯᠢ ᠲᠠᠢ ᠡᠳᠡᠨᠡᠶᠢᠭᠢᠨ ᠪᠣᠯ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠰᠠᠨ ᠡᠷᠦᠭᠡ ᠶᠤᠮ᠃ ᠭᠡᠪᠡᠴᠦ | ᠭᠦᠳᠡᠯᠮᠦᠷᠢ ᠬᠦᠴᠦᠨ ᠳᠤᠲᠠᠮᠠᠭ ᠪᠣᠯᠬᠤᠷ ᠲᠠᠭᠢᠨ ᠶᠠᠳᠠᠭᠤᠷᠠᠬᠤ ᠪᠣᠯᠣᠯᠴᠠᠭ᠎ᠠ ᠮᠠᠰᠢ ᠥᠨᠳᠥᠷ᠃ ᠪᠠᠯᠭᠠᠰᠤᠨ ᠠᠴᠠ | ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠠ ᠵᠡᠮᠳᠡᠭᠴᠦᠳ ᠤᠨ ᠬᠤᠯᠪᠤᠭ᠎ᠠ ᠲᠠᠢ ᠬᠠᠷᠢᠯᠴᠠᠵᠤ ᠪᠠᠶᠢᠭᠠᠳ | ᠂ ᠲᠡᠳᠡᠨᠡᠶᠢᠬᠢᠨ ᠳᠤ 32762.56 ᠲᠥᠭᠦᠷᠢᠭ ᠤᠨ ᠨᠢᠭᠡ ᠵᠢᠯ ᠤᠨ ᠣᠷᠣᠯᠭ᠎ᠠ ᠶᠢᠨ ᠲᠥᠯᠥᠪᠦᠷᠢ᠂ 1976 | ᠲᠥᠭᠦᠷᠢᠭ ᠤᠨ ᠰᠤᠷᠭᠠᠨ ᠬᠥᠮᠦᠵᠢᠯ ᠤᠨ ᠲᠥᠯᠥᠪᠦᠷᠢ ᠣᠯᠭᠤᠵᠤ ᠥᠭᠴᠡᠢ᠃ ᠡᠨᠡ ᠨᠢ ᠬᠠᠮᠤᠭ ᠳᠣᠣᠷ᠎ᠠ | ᠠᠮᠢᠳᠤᠷᠠᠯ ᠤᠨ ᠪᠠᠲᠤᠯᠠᠭ᠎ᠠ ᠪᠠ ᠭᠠᠴᠠᠭᠠᠨ ᠠᠴᠠ ᠬᠤᠪᠢᠶᠠᠷᠢᠯᠠᠬᠤ ᠠᠰᠢᠭ ᠤᠷᠤᠯᠭ᠎ᠠ ᠳᠤ ᠲᠦᠰᠢᠭᠯᠡᠨ ᠠᠮᠢᠳᠤᠷᠠᠵᠤ | ᠪᠠᠶᠢᠭ᠎ᠠ ᠲᠡᠳᠡᠨᠡᠷ ᠲᠤ ᠮᠠᠰᠢ ᠶᠡᠭᠡ ᠳᠡᠮᠵᠢᠯᠭᠡ ᠪᠣᠯᠵᠤ᠂ ᠡᠮᠴᠢᠯᠡᠭᠡ ᠪᠠ ᠰᠤᠷᠭᠠᠨ ᠬᠥᠮᠦᠵᠢᠯ ᠤᠨ ᠳᠠᠷᠤᠭᠠᠰᠤ ᠶᠢ | ᠶᠡᠭᠡ ᠬᠡᠮᠵᠢᠶ᠎ᠡ ᠪᠠᠷ ᠬᠥᠩᠭᠡᠷᠡᠭᠦᠯᠦᠭᠰᠡᠨ ᠪᠠᠶᠢᠨ᠎ᠠ᠃ | ᠮᠥᠨ ᠲᠤᠰ ᠪᠠᠯᠭᠠᠰᠤᠨ ᠤ ᠤᠩᠭᠤᠴᠠᠳᠠᠢ ᠭᠠᠴᠠᠭᠠᠨ ᠤ ᠵᠠᠩ ᠶᠦᠩ ᠱᠧᠩ ᠮᠡᠰᠡ ᠵᠠᠰᠠᠯ | ᠬᠢᠯᠭᠡᠭᠰᠡᠨ ᠠᠴᠠ ᠪᠣᠯᠵᠤ ᠲᠠᠯ᠎ᠠ ᠪᠡᠶ᠎ᠡ ᠨᠢ ᠲᠠᠮᠪᠠᠷᠠᠵᠠᠢ᠃ ᠡᠵᠢ ᠨᠢ ᠴᠦ ᠤᠳᠠᠭᠠᠨ ᠵᠢᠯ ᠤᠨ ᠡᠪᠡᠳᠴᠢᠨ ᠡᠮᠭᠡᠭ ᠠᠴᠠ | ᠪᠣᠯᠵᠤ ᠶᠡᠭᠡ ᠬᠡᠮᠵᠢᠶᠡᠨ ᠤ ᠡᠮ ᠡᠮᠨᠡᠯᠭᠡ ᠶᠢᠨ ᠵᠠᠷᠤᠳᠠᠯ ᠬᠡᠷᠡᠭᠰᠡᠵᠦ᠂ ᠪᠦᠭᠦ ᠭᠡᠷ ᠢᠶᠠᠷ ᠢᠶᠠᠨ ᠡᠬᠡᠨᠡᠷ ᠴᠢᠦ ᠰᠢᠤ | ᠶᠠᠨ ᠤ ᠵᠢᠵᠢᠭ ᠬᠤᠭᠤᠯᠠᠨ ᠭᠡᠷ ᠲᠤ ᠲᠦᠰᠢᠭᠯᠡᠨ ᠠᠮᠢᠳᠤᠷᠠᠳᠠᠭ᠃ ᠬᠤᠭᠤᠯᠠᠨ ᠭᠡᠷ ᠤᠨ ᠡᠵᠡᠩᠨᠡᠯᠲᠡ ᠶᠢᠨ ᠵᠠᠷᠤᠯᠭ᠎ᠠ | ᠨᠢ ᠤᠷᠤᠯᠭ᠎ᠠ ᠳᠠᠭᠠᠨ ᠬᠦᠷᠬᠦ ᠦᠭᠡᠢ ᠪᠠᠶᠢᠭ᠎ᠠ ᠶᠢ ᠣᠶᠢᠯᠠᠭᠠᠭᠰᠠᠨ ᠤ ᠳᠠᠷᠠᠭ᠎ᠠ᠂ ᠪᠠᠯᠭᠠᠰᠤᠨ ᠤ ᠨᠠᠮ ᠤᠨ ᠬᠤᠷᠢᠶ᠎ᠠ | ᠴᠠᠭ ᠲᠤᠬᠠᠢ ᠳᠤᠨᠢ ᠲᠥᠯᠥᠪᠦᠷᠢ ᠭᠤᠶᠤᠴᠢᠯᠠᠵᠤ᠂ ᠵᠠᠩ ᠶᠦᠩ ᠱᠧᠩ ᠳᠤ ᠬᠦᠨᠳᠦ ᠡᠪᠡᠳᠴᠢᠨ ᠤ 15615 | ᠲᠥᠭᠦᠷᠢᠭ ᠤᠨ ᠲᠥᠯᠥᠪᠦᠷᠢ᠂ ᠬᠡᠦᠬᠡᠳ ᠤᠨ 3000 ᠲᠥᠭᠦᠷᠢᠭ ᠤᠨ ᠰᠤᠷᠭᠠᠨ ᠬᠥᠮᠦᠵᠢᠯ ᠤᠨ ᠲᠥᠯᠥᠪᠦᠷᠢ ᠶᠢ | ᠣᠯᠭᠤᠵᠤ ᠥᠭᠴᠡᠢ᠃ ᠪᠠᠩᠬᠢ ᠶᠢᠨ ᠳᠠᠩᠰᠠᠨ ᠳᠡᠭᠡᠷ᠎ᠡ ᠨᠡᠮᠡᠭᠳᠡᠭᠰᠡᠨ 18615 ᠲᠥᠭᠦᠷᠢᠭ ᠢ ᠦᠵᠡᠭᠡᠳ ᠮᠥᠩᠭᠦ | ᠵᠣᠭᠤᠰ ᠬᠡᠮᠡᠨ ᠭᠠᠴᠢᠭᠳᠠᠵᠤ ᠪᠠᠶᠢᠭᠰᠠᠨ ᠲᠡᠳᠡᠨᠡᠶᠢᠬᠢᠨ ᠰᠡᠳᠬᠢᠯ ᠠᠭᠤᠵᠢᠷᠠᠯ᠎ᠠ᠃ | ᠮᠠᠯᠴᠢᠨ ᠲᠠᠷᠢᠶᠠᠴᠢᠳ ᠤᠨ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠤᠨ ᠠᠰᠢᠭ ᠲᠤᠰᠠ ᠨᠢ | ᠣᠨᠳᠣᠷᠣᠯᠲᠤ ᠪᠠᠯᠭᠠᠰᠤᠨ ᠤ 57 ᠡᠷᠦᠭᠡ ᠳᠤ ᠠᠰᠢᠭ ᠬᠦᠷᠲᠡᠭᠡᠵᠡᠢ᠃ ᠣᠨᠳᠣᠷᠣᠯᠲᠤ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠰᠢᠦᠢ ᠮᠢᠨ ᠸᠧᠨ᠄ ︽ᠲᠠᠷᠠᠭ᠎ᠠ ᠠᠯᠬᠤᠮ ᠳᠤ ᠮᠠᠯᠴᠢᠨ ᠲᠠᠷᠢᠶᠠᠴᠢᠳ ᠤᠨ ᠶᠠᠳᠠᠭᠤᠷᠠᠬᠤ ᠠᠴᠠ | ᠰᠡᠷᠭᠡᠶᠢᠯᠡᠬᠦ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠪᠠ ᠤᠬᠠᠭᠤᠯᠭ᠎ᠠ ᠰᠤᠷᠳᠠᠯᠴᠢᠯᠠᠭ᠎ᠠ ᠪᠠᠨ | ᠴᠢᠩᠭᠠᠳᠬᠠᠨ᠂ ᠭᠠᠴᠠᠭ᠎ᠠ ᠪᠠ ᠨᠡᠶᠢᠭᠡᠮ ᠲᠣᠭᠤᠷᠢᠭ ᠲᠠᠢ ᠦᠷᠭᠦᠯᠵᠢᠯᠡᠨ ᠨᠢᠭᠲᠠ ᠬᠠᠷᠢᠯᠴᠠᠵᠤ᠂ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠲᠥᠯᠥᠪᠦᠷᠢ ᠶᠢᠨ ᠮᠠᠲ᠋ᠧᠷᠢᠶᠠᠯ ᠢ ᠴᠤᠭᠯᠠᠭᠤᠯᠵᠤ᠂ ᠡᠮᠬᠢᠳᠬᠡᠨ᠂ ᠳᠡᠭᠡᠭᠰᠢ | ᠮᠡᠳᠡᠭᠦᠯᠵᠦ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦ ᠨᠡᠮᠡᠷᠢᠯᠡᠵᠦ᠂ ᠨᠡᠩ ᠤᠯᠠᠨ ᠭᠡᠷ | ᠪᠦᠯᠢ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠬᠦ ᠪᠠᠷ ᠴᠢᠷᠮᠠᠶᠢᠨ᠎ᠠ︾ ᠭᠡᠵᠦ ᠶᠠᠷᠢᠯ᠎ᠠ᠃ | | |