| | 2024 ᠣᠨ ᠤ ᠪᠦᠭᠦ ᠤᠯᠤᠰ ᠤᠨ ᠬᠠᠨᠳᠤᠯᠭ᠎ᠠ ᠲᠠᠢ ᠪᠠᠷ ᠴᠡᠷᠢᠭ ᠤᠨ ᠲᠦᠷᠦᠭᠦᠴᠢ ᠡᠯᠰᠡᠬᠦ ᠠᠵᠢᠯ | ᠣᠶᠢᠷ᠎ᠠ ᠳᠤ ᠡᠯ᠎ᠡ ᠭᠠᠵᠠᠷ ᠲᠤ ᠵᠠᠯᠭᠠᠭ᠎ᠠ ᠪᠠᠷ ᠡᠬᠢᠯᠡᠪᠡ᠃ ᠡᠨᠡ ᠵᠢᠯ ᠣᠷᠣᠨ ᠨᠤᠲᠤᠭ ᠤᠨ 27 ᠶᠡᠭᠡ ᠳᠡᠭᠡᠳᠦ | ᠰᠤᠷᠭᠠᠭᠤᠯᠢ ᠠᠩᠬ᠎ᠠ ᠤᠳᠠᠭ᠎ᠠ ᠮᠠᠨ ᠤ ᠣᠷᠣᠨ ᠠᠴᠠ ᠰᠣᠷᠣᠬᠴᠢ ᠡᠯᠰᠡᠬᠦ ᠪᠣᠯᠣᠨ᠎ᠠ᠃ | | 1. ᠶᠠᠭᠤ ᠶᠢ ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠭᠡᠬᠦ ᠪᠤᠢ︖ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠭᠡᠳᠡᠭ ᠨᠢ ᠪᠦᠭᠦ ᠤᠯᠤᠰ ᠤᠨ | ᠡ᠊ᠡᠭ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠨᠢᠭᠡᠳᠦᠯᠲᠡᠢ ᠰᠢᠯᠭᠠᠯᠲᠠ ᠪᠠᠷ ᠰᠢᠯᠢᠨ ᠰᠣᠩᠭᠤᠵᠤ᠂ | ᠡ᠊ᠡᠭ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠲᠦᠰᠢᠭᠯᠡᠨ ᠬᠠᠨᠳᠤᠯᠭ᠎ᠠ ᠲᠠᠢ ᠬᠥᠮᠥᠵᠢᠭᠦᠯᠵᠦ᠂ ᠲᠡᠭᠦᠰᠦᠭᠰᠡᠨ ᠤ | ᠳᠠᠷᠠᠭ᠎ᠠ ᠴᠡᠷᠢᠭ ᠠᠩᠭᠢ ᠶᠢᠨ ᠵᠣᠬᠢᠬᠤ ᠲᠤᠰᠬᠠᠢ ᠮᠡᠷᠭᠡᠵᠢᠯ ᠤᠨ ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ | ᠲᠦᠷᠦᠭᠦᠴᠢᠳ ᠤᠨ ᠠᠵᠢᠯ ᠤᠨ ᠪᠠᠶᠢᠷᠢ ᠳᠤ ᠰᠢᠭᠤᠳ ᠨᠥᠬᠦᠪᠦᠷᠢᠯᠡᠵᠦ ᠠᠯᠪᠠ ᠬᠠᠭᠠᠯᠭᠠᠬᠤ ᠪᠦᠬᠦᠯᠢ ᠡᠳᠦᠷ ᠤᠨ | ᠳᠦᠷᠢᠮᠲᠦ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠶᠢ ᠵᠢᠭᠠᠵᠤ ᠪᠤᠶ᠃ | | 2. ᠨᠡᠷ᠎ᠡ ᠮᠡᠳᠡᠭᠦᠯᠬᠦ ᠨᠥᠬᠦᠴᠡᠯ | ◆ 2024 ᠣᠨ ᠤ ᠡ᠊ᠡᠭ ᠤᠨ ᠶᠡᠭᠡ ᠳᠡᠭᠡᠳᠦ ᠰᠤᠷᠭᠠᠭᠤᠯᠢ ᠶᠢᠨ ᠪᠦᠭᠦ ᠤᠯᠤᠰ ᠤᠨ ᠨᠢᠭᠡᠳᠦᠯᠲᠡᠢ | ᠰᠢᠯᠭᠠᠯᠲᠠ ᠳᠤ ᠣᠷᠤᠯᠴᠠᠬᠤ ᠳᠡᠭᠡᠳᠦ ᠵᠡᠷᠭᠡ ᠶᠢᠨ ᠳᠤᠮᠳᠠᠳᠤ ᠵᠡᠷᠭᠡ ᠶᠢᠨ ᠰᠤᠷᠭᠠᠨ ᠬᠥᠮᠦᠵᠢᠯ ᠤᠨ | ᠰᠤᠷᠭᠠᠭᠤᠯᠢ ᠠᠴᠠ ᠲᠡᠭᠦᠰᠦᠭᠰᠡᠳ ᠢ ᠡᠯᠰᠡᠨ᠎ᠡ; | ◆ 20 ᠨᠠᠰᠤᠨ ᠠᠴᠠ ᠬᠡᠲᠦᠷᠡᠵᠦ ᠪᠤᠯᠬᠤ ᠦᠭᠡᠢ ( 2004 ᠣᠨ ᠤ 8 ᠰᠠᠷ᠎ᠠ ᠶᠢᠨ 31 ᠤ | ᠡᠳᠦᠷ ᠠᠴᠠ ᠰᠡᠭᠦᠯᠡᠷ ᠲᠦᠷᠦᠭᠰᠡᠨ ); | ◆ ᠤᠷᠤᠬᠯᠠᠭᠠᠳᠤᠢ; | ◆ ᠨᠠᠭᠠᠲᠤ ᠵᠠᠬ᠎ᠠ ᠳᠠᠭᠠᠨ ᠰᠠᠶᠢᠨ ᠳᠤᠷ᠎ᠠ ᠠᠴᠠ ᠪᠠᠨ ᠪᠦᠬᠦᠯᠢ 5 ᠵᠢᠯ ᠤᠨ ᠠᠯᠪᠠ ᠬᠠᠭᠠᠬᠤ | ᠭᠡᠷᠡᠭᠲᠡᠢ; | ◆ ᠤᠯᠤᠰ ᠲᠥᠷᠥ ᠪᠠ ᠪᠡᠶ᠎ᠡ ᠮᠠᠬᠠᠪᠤᠳ ᠤᠨ ᠨᠥᠬᠦᠴᠡᠯ ᠢ ᠠᠯᠪᠠᠨ ᠵᠢᠷᠤᠮ ᠤᠨ ᠴᠡᠷᠢᠭ ᠡᠯᠰᠡᠬᠦ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | 3. ᠰᠤᠷᠤᠬᠴᠢ ᠡᠯᠰᠡᠬᠦ ᠠᠷᠭ᠎ᠠ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠡᠯᠰᠡᠬᠦ ᠠᠵᠢᠯ ᠢ ᠡ᠊ᠡᠭ ᠤᠨ ᠶᠡᠭᠡ | ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠪᠦᠭᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠭᠤᠯᠤᠨ | ᠬᠡᠷᠡᠭᠵᠢᠭᠦᠯᠵᠦ᠂ ᠲᠤᠰᠬᠠᠢ ᠮᠡᠷᠭᠡᠵᠢᠯ ᠤᠨ ᠤᠷᠢᠳᠴᠢᠯᠠᠭᠰᠠᠨ ᠪᠦᠯᠦᠭ ᠤᠨ ᠡᠯᠰᠡᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ | ᠰᠢᠯᠭᠠᠨ ᠡᠯᠰᠡᠬᠦ ᠶᠠᠪᠤᠴᠠ᠄ | ᠡᠷᠡᠮᠡᠯᠵᠡᠯ ᠲᠠᠭᠯᠠᠨ᠎ᠠ → ᠡᠲᠡᠭᠡᠳ ᠢ ᠲᠣᠭᠲᠠᠭᠠᠨ᠎ᠠ → ᠪᠡᠶ᠎ᠡ ᠶᠢᠨ ᠪᠠᠶᠢᠴᠠᠭᠠᠯᠲᠠ ᠪᠠ ᠤᠯᠤᠰ | ᠲᠥᠷᠥ ᠶᠢᠨ ᠬᠢᠨᠠᠨ ᠰᠢᠯᠭᠠᠯᠲᠠ → ᠲᠠᠩᠰᠠ ᠡᠪᠬᠡᠮᠡᠯ ᠥᠭᠴᠦ ᠡᠯᠰᠡᠨ᠎ᠡ | | 4. ᠬᠥᠮᠥᠵᠢᠭᠦᠯᠬᠦ ᠠᠷᠭ᠎ᠠ | ᠬᠠᠮᠲᠤᠷᠠᠨ ᠬᠥᠮᠥᠵᠢᠭᠦᠯᠦᠨ᠎ᠡ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ 3 ᠵᠢᠯ ᠤᠨ ᠰᠤᠷᠤᠯᠭ᠎ᠠ ᠶᠢᠨ | ᠳᠦᠷᠢᠮ ᠲᠠᠢ᠂ ᠲᠡᠭᠦᠰᠦᠭᠰᠡᠨ ᠤ ᠳᠠᠷᠠᠭ᠎ᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ | ᠨᠠᠮᠲᠠᠷ ᠲᠠᠢ᠃ ᠲᠦᠷᠦᠭᠦᠦ 2.5 ᠰᠤᠷᠤᠯᠭ᠎ᠠ ᠶᠢᠨ ᠵᠢᠯ ᠤᠨ ᠬᠥᠮᠦᠵᠢᠯ ᠢ ᠬᠠᠨᠳᠤᠯᠭ᠎ᠠ ᠲᠠᠢ ᠪᠠᠷ ᠬᠥᠮᠥᠵᠢᠭᠦᠯᠬᠦ | ᠶᠡᠭᠡ ᠳᠡᠭᠡᠳᠦ ᠰᠤᠷᠭᠠᠭᠤᠯᠢ ᠠᠴᠠ ᠬᠠᠷᠢᠭᠤᠴᠠᠨ᠎ᠠ᠂ ᠴᠡᠷᠢᠭ ᠠᠩᠭᠢ ᠡᠯᠰᠡᠬᠦ ᠳᠡᠭᠡᠨ ᠲᠤᠰᠬᠠᠢ ᠮᠡᠷᠭᠡᠵᠢᠯ ᠤᠨ | ᠬᠢᠴᠢᠶᠡᠯ ᠤᠨ ᠵᠢᠭᠠᠨ ᠰᠤᠷᠭᠠᠯᠲᠠ ᠶᠢᠨ ᠠᠵᠢᠯ ᠢ ᠬᠠᠮᠵᠢᠨ ᠰᠠᠶᠢᠲᠤᠷ ᠬᠢᠬᠦ ᠭᠡᠷᠡᠭᠲᠡᠢ; ᠰᠡᠭᠦᠯ ᠤᠨ 0.5 | ᠰᠤᠷᠤᠯᠭ᠎ᠠ ᠶᠢᠨ ᠵᠢᠯ ᠳᠤ ᠴᠡᠷᠢᠭ ᠲᠤ ᠣᠷᠣᠬᠤ ᠳᠠᠳᠤᠯᠭ᠎ᠠ ᠶᠢ ᠵᠣᠬᠢᠶᠠᠨ ᠪᠠᠶᠢᠭᠤᠯᠵᠤ᠂ ᠡᠭᠦᠨ ᠳᠤ ᠴᠡᠷᠢᠭ ᠲᠤ | ᠣᠷᠣᠬᠤ ᠪᠣᠯᠪᠠᠰᠤᠷᠠᠯ ᠪᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠪᠠᠭᠲᠠᠭᠠᠵᠤ᠂ ᠡᠯᠰᠡᠬᠦ | ᠴᠡᠷᠢᠭ ᠠᠩᠭᠢ ᠠᠴᠠ ᠬᠠᠷᠢᠭᠤᠴᠠᠨ᠎ᠠ᠃ | | 5. ᠲᠣᠮᠢᠯᠠᠯᠲᠠ ᠪᠠ ᠬᠠᠷᠠᠭᠠᠯᠵᠠᠯ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠨᠢ ᠴᠡᠷᠢᠭ ᠲᠤ ᠣᠷᠣᠵᠤ ᠳᠠᠳᠤᠯᠭ᠎ᠠ | ᠬᠢᠵᠦ ᠳᠠᠭᠤᠰᠤᠭᠰᠠᠨ ᠤ ᠳᠠᠷᠠᠭ᠎ᠠ᠂ ᠪᠠᠶᠢᠭ᠎ᠠ ᠴᠡᠷᠢᠭ ᠠᠩᠭᠢ ᠨᠢ ᠴᠡᠷᠢᠭ ᠤᠨ ᠲᠦᠷᠦᠭᠦᠴᠢ ᠡᠯᠰᠡᠬᠦ ᠳᠤ ᠠᠩᠬ᠎ᠠ | ᠤᠳᠠᠭ᠎ᠠ ᠴᠡᠷᠢᠭ ᠤᠨ ᠲᠦᠷᠦᠭᠦᠴᠢ ᠶᠢᠨ ᠴᠡᠷᠢᠭ ᠤᠨ ᠴᠣᠯᠠ ( ᠴᠠᠭᠳᠠᠭ᠎ᠠ ᠶᠢᠨ ᠴᠣᠯᠠ ᠪᠠᠭᠲᠠᠨ᠎ᠠ᠂ ᠳᠣᠷᠣᠭᠰᠢ | ᠠᠳᠠᠯᠢ ) ᠣᠯᠭᠤᠬᠤ ᠵᠡᠷᠭᠡ ᠳᠡᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠡᠭᠦᠨ ᠤ ᠴᠡᠷᠢᠭ ᠤᠨ | ᠴᠣᠯᠠ ᠶᠢᠨ ᠵᠡᠷᠭᠡ ᠳᠡᠰ ᠢ ᠲᠣᠭᠲᠠᠭᠠᠵᠤ᠂ ᠴᠡᠷᠢᠭ ᠤᠨ ᠲᠦᠷᠦᠭᠦᠴᠢ ᠶᠢᠨ ᠴᠡᠷᠢᠭ ᠤᠨ ᠴᠣᠯᠠ ᠣᠯᠭᠤᠨ᠎ᠠ᠂ | ᠴᠡᠷᠢᠭ ᠤᠨ ᠴᠣᠯᠠ ᠶᠢᠨ ᠴᠠᠭ ᠬᠤᠭᠤᠴᠠᠭ᠎ᠠ ᠶᠢ ᠲᠡᠭᠦᠰᠦᠭᠰᠡᠨ ᠲᠤᠬᠠᠢ ᠶᠢᠨ ᠵᠢᠯ ᠤᠨ 9 ᠰᠠᠷ᠎ᠠ ᠶᠢᠨ 1 ᠤ | ᠡᠳᠦᠷ ᠠᠴᠠ ᠡᠬᠢᠯᠡᠵᠦ ᠪᠤᠳᠤᠨ᠎ᠠ᠃ ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠳᠤ ᠴᠡᠷᠢᠭ ᠲᠤ | ᠣᠷᠣᠬᠤ ᠶᠢ ᠵᠥᠪᠰᠢᠶᠡᠷᠡᠭᠰᠡᠨ ᠠᠴᠠ ᠠᠪᠤᠭᠠᠳ ᠠᠩᠬ᠎ᠠ ᠤᠳᠠᠭ᠎ᠠ ᠴᠡᠷᠢᠭ ᠤᠨ ᠴᠣᠯᠠ ᠣᠯᠭᠤᠬᠤ ᠬᠤᠭᠤᠴᠠᠭ᠎ᠠ | ᠭᠦᠷᠲᠡᠯ᠎ᠡ᠂ ᠨᠢᠭᠡᠳᠦᠭᠡᠷ ᠣᠨ ᠤ ᠠᠯᠪᠠᠨ ᠵᠢᠷᠤᠮ ᠤᠨ ᠴᠡᠷᠢᠭ ᠤᠨ ᠪᠠᠷᠢᠮᠵᠢᠶ᠎ᠠ ᠶᠣᠰᠣᠭᠠᠷ ᠨᠡᠮᠡᠭᠦᠷᠢ ᠣᠯᠭᠤᠵᠤ᠂ | ᠬᠤᠭᠤᠯᠠ ᠤᠮᠳᠠ ᠶᠢ ᠨᠢ ᠪᠠᠲᠤᠯᠠᠨ᠂ ᠵᠣᠬᠢᠬᠤ ᠡᠮ ᠡᠮᠨᠡᠯᠭᠡ᠂ ᠳᠠᠭᠠᠳᠬᠠᠯ ᠪᠣᠯᠣᠨ ᠠᠰᠠᠷᠠᠮᠵᠢ ᠵᠡᠷᠭᠡ | ᠣᠯᠭᠤᠮᠵᠢ ᠶᠢ ᠭᠦᠷᠲᠡᠭᠡᠨ᠎ᠡ; ᠴᠡᠷᠢᠭ ᠤᠨ ᠲᠦᠷᠦᠭᠦᠴᠢ ᠶᠢᠨ ᠴᠡᠷᠢᠭ ᠤᠨ ᠴᠣᠯᠠ ᠣᠯᠭᠤᠭᠰᠠᠨ ᠤ ᠳᠠᠷᠠᠭ᠎ᠠ᠂ | ᠴᠡᠷᠢᠭ ᠤᠨ ᠴᠣᠯᠠ ᠶᠢ ᠡᠬᠢᠯᠡᠨ ᠪᠤᠳᠤᠬᠰᠠᠨ ᠡᠳᠦᠷ ᠠᠴᠠ ᠡᠬᠢᠯᠡᠨ ᠴᠡᠷᠢᠭ ᠤᠨ ᠲᠦᠷᠦᠭᠦᠴᠢ ᠳᠤ ᠣᠯᠭᠤᠬᠤ ᠴᠠᠯᠢᠩ | ᠵᠢᠴᠢ ᠬᠤᠯᠪᠣᠭᠳᠠᠯ ᠪᠦᠬᠦᠢ ᠬᠠᠷᠠᠭᠠᠯᠵᠠᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ | | | |