ᠠᠯᠠᠱᠠ ᠠᠶᠢᠮᠠᠭ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠭᠠᠩ ᠬᠠᠭᠰᠠᠷᠠᠭᠠᠨ ᠲᠠᠢ ᠲᠡᠮᠡᠴᠡᠵᠦ ᠪᠠᠶᠢᠨ᠎ᠠ
ᠨᠡᠶᠢᠲᠡᠯᠡᠭᠰᠡᠨ ᠴᠠᠭ᠄
2024/5/28
                             ● ᠱᠢ ᠰᠢᠨ ᠶᠤᠸᠠᠨ ᠰᠤᠷᠪᠤᠯᠵᠢᠯᠠᠬᠴᠢ ᠲᠠᠢ ᠹᠠᠩ ᠱᠧᠨ ᠶᠠ ᠨᠠᠨ                            ᠡᠨᠡ ᠵᠢᠯ ᠤᠨ ᠬᠠᠪᠤᠷ ᠠᠴᠠ ᠨᠠᠭᠠᠰᠢ᠂ ᠶᠡᠭᠡ ᠰᠠᠯᠬᠢ ᠪᠣᠯᠣᠨ ᠥᠨᠳᠥᠷ ᠬᠠᠯᠠᠭᠤᠨ ᠠᠭᠤᠷ ᠠᠮᠢᠰᠬᠤᠯ ᠤᠨ ᠨᠥᠯᠥᠭᠡᠯᠡᠯ ᠢᠶᠠᠷ᠂ ᠠᠯᠠᠱᠠ ᠠᠶᠢᠮᠠᠭ ᠬᠦᠨᠳᠦ ᠨᠣᠴᠢᠲᠠᠢ ᠭᠠᠩ ᠬᠠᠭᠰᠠᠷᠠᠭᠠᠨ ᠳᠤ ᠳᠠᠭᠠᠷᠢᠬᠳᠠᠵᠠᠢ᠃ 5 ᠰᠠᠷ᠎ᠠ ᠶᠢᠨ ᠡᠴᠦᠰ ᠪᠤᠯᠲᠠᠯᠡᠭᠢ ᠪᠦᠷᠢᠳᠬᠡᠯ ᠢ ᠦᠨᠳᠦᠰᠦᠯᠡᠪᠡᠯ᠂ ᠠᠯᠠᠱᠠ ᠠᠶᠢᠮᠠᠭ ᠤᠨ 3 ᠬᠤᠰᠢᠭᠤ 2 ᠣᠷᠣᠨ ᠤ 26 ᠰᠤᠮᠤ ᠪᠠᠯᠭᠠᠰᠤᠨ ᠤ 129 ᠭᠠᠴᠠᠭ᠎ᠠ ᠲᠣᠰᠬᠤᠨ ᠭᠠᠩ ᠬᠠᠭᠰᠠᠷᠠᠭᠠᠨ ᠳᠤ ᠲᠠᠭᠠᠷᠢᠠᠠᠳᠠᠵᠦ᠂ 6400 ᠡᠷᠦᠭᠡ ᠶᠢᠨ 17896 ᠬᠥᠮᠥᠨ ᠪᠠ 44.8 ᠲᠦᠮᠡᠨ ᠮᠠᠯ ᠠᠳᠤᠭᠤᠰᠤ ᠭᠠᠮᠰᠢᠭᠳᠠᠭᠰᠠᠨ ᠪᠠᠶᠢᠨ᠎ᠠ᠃              ᠡᠨᠡ ᠬᠦ ᠪᠠᠶᠢᠳᠠᠯ ᠳᠤ ᠴᠢᠭᠯᠡᠭᠦᠯᠦᠨ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠬᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠳᠤ ᠬᠠᠷᠢᠭᠤ ᠮᠡᠳᠡᠭᠦᠯᠵᠦ ᠪᠡᠯᠡ ᠮᠥᠩᠭᠦ ᠭᠤᠶᠤᠴᠢᠯᠠᠬᠤ ᠶᠢᠨ ᠬᠠᠮᠲᠤ ᠂ ᠰᠤᠮᠤ ᠪᠠᠯᠭᠠᠰᠤ ᠪᠠᠷ ᠭᠦᠨᠵᠡᠭᠡᠶᠢᠷᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠵᠢᠯᠣᠭᠤᠳᠤᠨ ᠥᠷᠨᠢᠭᠦᠯᠵᠡᠢ᠃ 5 ᠰᠠᠷ᠎ᠠ ᠶᠢᠨ ᠰᠡᠭᠦᠯᠴᠢ ᠪᠤᠯᠲᠠᠯ᠎ᠠ᠂ ᠲᠡᠵᠢᠭᠡᠯ ᠡᠪᠡᠰᠦ ᠨᠥᠭᠡᠴᠡᠯᠡᠬᠦ 53 ᠬᠥᠮᠥᠷᠭᠡ ᠶᠢ ᠪᠠᠶᠢᠭᠤᠯᠵᠤ᠂ 23.27 ᠲᠦᠮᠡᠨ ᠲᠣᠨ ᠲᠡᠵᠢᠭᠡᠯ ᠡᠪᠡᠰᠦ ᠪᠣᠷᠳᠤᠭ᠎ᠠ ᠶᠢ ᠨᠥᠭᠡᠴᠡᠯᠡᠪᠡ᠃ ᠡᠭᠦᠨ ᠎ ᠠᠴᠠ ᠭᠠᠳᠠᠨ᠎ᠠ᠂ ᠠᠯᠠᠱᠠ ᠠᠶᠢᠮᠠᠭ ᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠤᠪᠢ ᠡᠵᠡᠮᠳᠡᠭᠰᠡᠨ ᠡᠪᠡᠰᠦᠨ ᠤ ᠦᠢᠯᠡᠰ ᠤᠨ ᠺᠤᠮᠫᠠᠨᠢ ᠶᠢᠨ ᠬᠢᠨ ᠠᠯᠠᠱᠠ ᠵᠡᠭᠦᠨ ᠬᠤᠰᠢᠭᠤᠨ ᠤ ᠭᠠᠮᠰᠢᠭᠳᠠᠭᠰᠠᠨ ᠮᠠᠯᠴᠢᠳ ᠲᠤ 654.81 ᠲᠣᠨ ᠡᠪᠡᠰᠦ ᠪᠣᠷᠳᠤᠭ᠎ᠠ ᠬᠠᠨᠳᠢᠪᠯᠠᠵᠠᠢ;ᠠᠯᠠᠱᠠ ᠪᠠᠷᠠᠭᠤᠨ ᠬᠤᠰᠢᠭᠤᠨ ᠤ ᠲᠦᠸᠧ ᠵᠢᠶᠠᠨ ᠲᠠᠷᠢᠶᠠᠯᠠᠩ ᠮᠠᠯ ᠠᠵᠤ ᠠᠬᠤᠢ ᠶᠢᠨ ᠺᠤᠮᠫᠠᠨᠢ ᠶᠢᠨ ᠬᠢᠨ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ 30 ᠲᠥᠭᠦᠷᠢᠭ ᠤᠨ ᠪᠠᠷᠢᠮᠵᠢᠶ᠎ᠠ ᠎ ᠪᠠᠷ ᠠᠯᠠᠱᠠ ᠪᠠᠷᠠᠭᠤᠨ ᠬᠤᠰᠢᠭᠤᠨ ᠤ ᠭᠠᠮᠰᠢᠭᠳᠠᠭᠰᠠᠨ ᠮᠠᠯᠴᠢᠳ ᠲᠤ ᠡᠪᠡᠰᠦ ᠪᠣᠷᠳᠤᠭ᠎ᠠ ᠬᠠᠩᠭᠠᠭᠰᠠᠨ ᠪᠠᠶᠢᠨ᠎ᠠ᠃               ᠠᠯᠠᠱᠠ ᠠᠶᠢᠮᠠᠭ ᠤᠨ ᠶᠡᠬᠡᠩᠬᠢ ᠭᠠᠵᠠᠷ ᠣᠷᠣᠨ ᠳᠤ ᠬᠤᠷ᠎ᠠ ᠪᠣᠷᠣᠭᠠᠨ ᠪᠠᠭᠤᠵᠤ᠂ ᠠᠯᠠᠱᠠ ᠠᠶᠢᠮᠠᠭ ᠤᠨ ᠵᠡᠭᠦᠨ ᠪᠡᠶ᠎ᠡ ᠪᠠ ᠡᠮᠦᠨ᠎ᠡ ᠪᠡᠶ᠎ᠡ ᠶᠢᠨ ᠭᠠᠵᠠᠷ ᠣᠷᠣᠨ ᠤ ᠭᠠᠩ ᠤᠨ ᠪᠠᠶᠢᠳᠠᠯ ᠢᠯᠡᠳᠲᠡ ᠨᠠᠮᠳᠠᠵᠠᠢ᠃ ᠠᠶᠢᠮᠠᠭ ᠤᠨ ᠴᠠᠭ ᠠᠭᠤᠷ ᠤᠨ ᠲᠣᠪᠴᠢᠶᠠᠨ ᠤ ᠵᠢᠱᠢᠯᠲᠡ ᠶᠢ ᠦᠨᠳᠦᠰᠦᠯᠡᠪᠡᠯ᠂ 6 ᠰᠠᠷ᠎ᠠ ᠶᠢᠨ ᠳᠤᠮᠳᠠᠴᠢ ᠪᠠᠷ ᠠᠯᠠᠱᠠ ᠠᠶᠢᠮᠠᠭ ᠭᠤᠣᠯᠳᠠᠭᠤ ᠥᠨᠳᠥᠷ ᠬᠠᠯᠠᠭᠤᠨ ᠠᠭᠤᠷ ᠠᠮᠢᠰᠬᠤᠯ ᠢᠶᠠᠷ ᠭᠤᠣᠯᠯᠠᠵᠤ ᠪᠠᠶᠢᠭᠰᠠᠨ ᠢᠶᠠᠨ ᠨᠢᠭᠡ ᠤᠳᠠᠭᠠᠨ ᠤ ᠪᠣᠷᠣᠭᠠᠨ ᠤ ᠬᠤᠭᠤᠴᠠᠭ᠎ᠠ ᠶᠢ ᠤᠭᠲᠤᠬᠤ ᠪᠤᠯᠪᠠᠴᠤ᠂ ᠶᠡᠬᠡᠩᠬᠢ ᠭᠠᠵᠠᠷ ᠣᠷᠣᠨ ᠳᠤ ᠭᠠᠩ ᠬᠠᠭᠰᠠᠷᠠᠭᠠᠨ ᠦᠷᠭᠦᠯᠵᠢᠯᠡᠵᠦ᠂ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠬᠡᠴᠡᠭᠦᠳᠡᠬᠦ ᠬᠠᠨᠳᠤᠰᠢ ᠲᠠᠢ᠃               ᠠᠯᠠᠱᠠ ᠠᠶᠢᠮᠠᠭ ᠤᠨ ᠤᠯᠠᠨ ᠰᠠᠯᠠᠭ᠎ᠠ ᠮᠥᠴᠢᠷ ᠬᠠᠮᠵᠢᠯᠴᠠᠨ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠦᠯ ᠢ ᠴᠠᠭ ᠲᠤᠬᠠᠢ ᠳᠤᠨᠢ ᠨᠡᠶᠢᠲᠡᠯᠡᠵᠦ᠂ ᠮᠠᠯᠴᠢᠨ ᠲᠦᠮᠡᠨ ᠢ ᠵᠢᠯᠣᠭᠤᠳᠤᠨ ᠮᠠᠯ ᠰᠦᠷᠦᠭ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠪᠦᠲᠦᠮᠵᠢᠳᠡᠢ ᠥᠷᠨᠢᠭᠦᠯᠵᠡᠢ᠃ ᠣᠳᠣᠬᠠᠨ ᠳᠤ᠂ ᠪᠠᠶᠢᠭᠠᠯᠢ ᠶᠢᠨ ᠬᠤᠷ᠎ᠠ ᠲᠤᠨᠤᠳᠠᠰᠤ ᠪᠠ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠬᠠᠮᠲᠤ ᠶᠢᠨ ᠦᠢᠯᠡᠳᠦᠯ ᠳᠣᠣᠷ᠎ᠠ᠂ ᠠᠯᠠᠱᠠ ᠵᠡᠭᠦᠨ ᠬᠤᠰᠢᠭᠤᠨ ᠤ ᠡᠮᠦᠨ᠎ᠡ ᠪᠡᠶ᠎ᠡ ᠶᠢᠨ ᠭᠠᠩ ᠤᠨ ᠪᠠᠶᠢᠳᠠᠯ ᠢᠯᠡᠳᠲᠡ ᠨᠠᠮᠳᠠᠵᠤ᠂ ᠠᠯᠠᠱᠠ ᠠᠶᠢᠮᠠᠭ ᠤᠨ ᠬᠦᠨᠳᠦ ᠬᠡᠴᠡᠭᠦᠦ ᠭᠠᠩᠳᠠᠭᠰᠠᠨ ᠨᠤᠲᠤᠭ ᠪᠡᠯᠴᠢᠭᠡᠷ ᠤᠨ ᠲᠠᠯᠠᠪᠠᠶ 25%᠎ ᠪᠠᠷ ᠪᠠᠭᠠᠰᠤᠭᠰᠠᠨ ᠪᠠᠶᠢᠨ᠎ᠠ᠃          ᠁
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号