| | ᠨᠠᠷᠠᠨ᠎ᠠ᠂ ᠡᠷᠳᠡᠨᠢᠬᠦᠦ | | ᠦᠶ᠎ᠡ ᠦᠶ᠎ᠡ ᠶᠢᠨ ᠠᠯᠠᠱᠠᠴᠤᠳ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠡᠯᠡᠰᠦ ᠮᠠᠩᠬ᠎ᠠ | ᠨᠣᠭᠲᠣᠯᠠᠭᠳᠠᠵᠤ᠂ ᠨᠣᠭᠤᠭᠠᠨ ᠪᠦᠷᠢᠳᠦ ᠬᠥᠮᠥᠰ ᠤᠨ ᠬᠠᠷᠠᠭᠠᠨ ᠳᠤ ᠳᠡᠯᠭᠡᠭᠳᠡᠯ᠎ᠡ ᠁ ᠡᠨᠡ ᠪᠣᠯ 2023 | ᠣᠨ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠤ ᠲᠠᠷᠠᠭ᠎ᠠ᠂ ᠠᠯᠠᠱᠠ | ᠠᠶᠢᠮᠠᠭ ᠪᠣᠳᠠᠲᠤ ᠠᠵᠢᠯᠯᠠᠭ᠎ᠠ ᠪᠠᠷ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠭᠰᠡᠨ ᠠᠮᠢᠳᠤᠯᠢᠭ ᠦᠵᠡᠭᠳᠡᠯ ᠪᠣᠯᠣᠨ᠎ᠠ᠃ 2023 ᠣᠨ ᠤ 6 ᠰᠠᠷ᠎ᠠ ᠳᠤ᠂ ᠰᠢ ᠶᠢᠨ ᠫᠢᠩ | ᠶᠡᠷᠦᠩᠬᠡᠢ ᠱᠦᠵᠢ ᠥᠪᠥᠷ ᠮᠣᠩᠭᠤᠯ ᠳᠤ ᠠᠵᠢᠯ ᠪᠠᠶᠢᠴᠠᠭᠠᠬᠤ ᠳᠠᠭᠠᠨ᠂ ᠡᠯᠡᠰᠦᠷᠬᠡᠭᠵᠢᠯ ᠢ ᠶᠡᠷᠦᠩᠬᠡᠶᠢᠯᠡᠨ | ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠳᠠᠶᠢᠴᠢᠯᠠᠯᠲᠠ ᠶᠢᠨ ᠵᠠᠷᠯᠢᠭ ᠪᠠᠭᠤᠯᠭᠠᠭᠰᠠᠨ | ᠪᠥᠭᠡᠳ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠪᠤᠯᠬᠤ - ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠬᠤᠷᠴᠢᠨ ᠪᠣᠯᠣᠨ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠬᠠᠳᠤᠨ ᠭᠤᠣᠯ ᠤᠨ ᠪᠠᠷᠠᠭᠤᠨ ᠬᠤᠩᠭᠢᠯ - ᠲᠠᠺᠯᠢᠮᠠᠺᠠᠨ ᠡᠯᠡᠰᠦᠨ ᠤ ᠭᠦᠪᠡᠭᠡ | ᠳᠠᠭᠠᠤ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠡᠶ᠎ᠡ ᠪᠠᠷ ᠢᠶᠠᠨ ᠪᠠᠶᠢᠷᠢᠯᠠᠭᠤᠯᠪᠠ᠃ | ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ︽ᠬᠤᠶᠠᠷ ᠬᠠᠭᠠᠰ︾ ᠨᠢ ᠥᠪᠥᠷ | ᠮᠣᠩᠭᠤᠯ ᠳᠤ ᠪᠤᠢ᠂ ︽ᠨᠢᠭᠡ ᠬᠠᠭᠠᠰ︾ ᠨᠢ ᠠᠯᠠᠱᠠ ᠳᠤ ᠪᠤᠢ᠃ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠰᠠᠶᠢᠲᠤᠷ ᠬᠢᠬᠦ ᠪᠣᠯ ᠠᠯᠠᠱᠠ ᠶᠢᠨ ︽ᠤᠯᠤᠰ ᠤᠨ ᠲᠣᠮᠣ ᠶᠠᠪᠤᠳᠠᠯ︾ ᠢ ᠪᠠᠲᠤ ᠴᠡᠭᠡᠵᠢᠯᠡᠬᠦ | ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ | ᠵᠤᠨ ᠤ ᠳᠤᠮᠳᠠ ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ 100 | ᠲᠦᠮᠡᠨ ᠮᠦ ᠲᠠᠯᠠᠨ ᠬᠠᠯᠢᠰᠤ ᠶᠢᠨ ᠰᠠᠭᠤᠷᠢᠨ ᠳᠤ᠂ ᠭᠦᠪᠡᠭᠡ ᠬᠢᠵᠠᠭᠠᠷ ᠨᠢ ᠬᠠᠷᠠᠭᠳᠠᠬᠤ ᠦᠭᠡᠢ ᠡᠯᠡᠰᠦᠨ ᠳᠡᠭᠡᠷ᠎ᠡ | ᠦᠨᠳᠦᠰᠦᠯᠡᠭᠰᠡᠨ ᠲᠠᠯᠠᠨ ᠬᠠᠯᠢᠰᠤ ᠨᠣᠭᠤᠭᠠᠨ ᠥᠩᠭᠡ ᠪᠠᠷ ᠬᠠᠯᠢᠭᠤᠷᠠᠨ᠎ᠠ᠃ ᠪᠠᠰᠠ ᠨᠢᠭᠡ ᠬᠡᠰᠡᠭ ᠬᠤᠭᠤᠴᠠᠭ᠎ᠠ | ᠥᠩᠭᠡᠷᠡᠪᠡᠯ᠂ ᠲᠣᠰ ᠰᠤᠮᠤᠨ ᠤ ᠤᠷᠳᠤᠭᠦ᠋ᠯ ᠭᠠᠴᠠᠭᠠᠨ ᠤ ᠲᠠᠷᠢᠮᠠᠯ ᠤᠨ ᠡᠷᠦᠭᠡ ᠪᠠᠢ ᠶᠢᠨ ᠵᠢᠶᠦ᠋ᠨ ᠤ ᠳᠠᠷᠢᠭᠰᠠᠨ | 3 ᠲᠦᠮᠡᠨ ᠮᠦ ᠲᠠᠯᠠᠨ ᠬᠠᠯᠢᠰᠤ ᠣᠶ ᠰᠢᠭᠤᠢ ᠶᠢᠨ ᠰᠠᠯᠠᠭ᠎ᠠ ᠮᠥᠴᠢᠷ ᠤᠨ ᠰᠢᠯᠭᠠᠨ ᠬᠤᠷᠢᠶᠠᠯᠲᠠ ᠶᠢ ᠬᠦᠯᠢᠶᠡᠬᠦ | ᠪᠣᠯᠣᠨ᠎ᠠ᠃ ︽ᠰᠢᠯᠭᠠᠨ ᠬᠤᠷᠢᠶᠠᠯᠲᠠ ᠳᠤ ᠬᠢᠷᠢ ᠲᠡᠩᠴᠡᠪᠡᠯ ᠪᠠᠷᠤᠭ 500 ᠲᠦᠮᠡᠨ ᠲᠥᠭᠦᠷᠢᠭ ᠤᠨ | ᠣᠶᠢᠵᠢᠭᠤᠯᠤᠯᠲᠠ ᠶᠢᠨ ᠨᠥᠬᠦᠪᠦᠷᠢ ᠬᠦᠷᠲᠡᠵᠦ᠂ ᠥᠪᠡᠷ ᠤᠨ ᠥᠷᠲᠡᠭ ᠢ ᠭᠠᠷᠭᠠᠪᠠᠯ ᠪᠠᠷᠤᠭ 200 ᠭᠠᠷᠤᠢ | ᠲᠦᠮᠡᠨ ᠲᠥᠭᠦᠷᠢᠭ ᠤᠨ ᠣᠷᠣᠯᠭ᠎ᠠ ᠣᠯᠵᠤ ᠲᠠᠶᠢᠯᠤᠨ᠎ᠠ᠃ ᠲᠠᠷᠠᠭ᠎ᠠ ᠪᠠᠷ ᠨᠢ ᠲᠠᠯᠠᠨ ᠬᠠᠯᠢᠰᠤ ᠶᠢᠨ ᠦᠷ᠎ᠡ ᠶᠢ | ᠴᠤᠭᠯᠠᠭᠤᠯᠬᠤ ᠪᠠᠷ ᠲᠠᠮᠵᠢᠨ᠂ ᠵᠢᠯ ᠪᠦᠷᠢ ᠪᠠᠰᠠ 20 ᠲᠦᠮᠡᠨ ᠲᠥᠭᠦᠷᠢᠭ ᠤᠨ ᠣᠷᠣᠯᠭ᠎ᠠ ᠣᠯᠵᠤ ᠴᠢᠳᠠᠨ᠎ᠠ︾ | ᠬᠡᠮᠡᠨ ᠪᠠᠢ ᠶᠢᠨ ᠵᠢᠶᠦ᠋ᠨ ᠰᠤᠷᠪᠤᠯᠵᠢᠯᠠᠬᠴᠢ ᠳᠤ ᠥᠪᠡᠷ ᠤᠨ ᠲᠠᠩᠰᠠ ᠪᠠᠨ ᠨᠠᠷᠢᠨ ᠲᠣᠭᠠᠴᠢᠯ᠎ᠠ᠃ | ᠡᠷᠬᠡᠬᠠᠰᠢᠬ᠎ᠠ ᠰᠤᠮᠤᠨ ᠤ ᠡᠯᠡᠰᠦ ᠮᠠᠩᠬᠠᠨ ᠤ ᠲᠠᠯᠠᠪᠠᠶ 6696 ᠬᠠᠪᠲᠠᠭᠠᠢ ᠳᠥᠷᠪᠡᠯᠵᠢᠨ ᠺᠢᠯᠣᠮᠧᠲᠷ | ᠲᠤ ᠬᠦᠷᠴᠦ᠂ ᠰᠤᠮᠤᠨ ᠤ ᠶᠡᠷᠦᠩᠬᠡᠢ ᠲᠠᠯᠠᠪᠠᠶ ᠶᠢᠨ 83% ᠶᠢ ᠡᠵᠡᠯᠡᠵᠦ ᠪᠤᠢ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠠᠯᠬᠤᠭ᠎ᠠ ᠶᠢ ᠲᠦᠷᠭᠡᠳᠬᠡᠨ᠂ ᠡᠯᠡᠰᠦ ᠶᠢ ᠵᠠᠰᠠᠵᠤ ᠤᠯᠠᠨ ᠲᠦᠮᠡᠨ ᠤ ᠤᠷᠤᠯᠭ᠎ᠠ ᠶᠢ | ᠨᠡᠮᠡᠭᠳᠡᠭᠦᠯᠬᠦ ᠶᠢᠨ ᠲᠥᠯᠥᠭᠡ᠂ ᠠᠯᠠᠱᠠ ᠠᠶᠢᠮᠠᠭ ᠮᠠᠯᠴᠢᠨ ᠲᠠᠷᠢᠶᠠᠴᠢᠨ ᠤ ᠵᠠᠭ ᠪᠠ ᠲᠠᠯᠠᠨ ᠬᠠᠯᠢᠰᠤ ᠳᠠᠷᠢᠬᠤ ᠶᠢ | ᠵᠣᠷᠢᠭᠵᠢᠭᠤᠯᠬᠤ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠳᠠᠭ᠎ᠠ ᠳᠠᠷᠠᠭᠠᠯᠠᠨ ᠨᠡᠶᠢᠲᠡᠯᠡᠨ | ᠬᠡᠷᠡᠭᠵᠢᠭᠦᠯᠪᠡ᠃ ᠣᠶᠢᠷ᠎ᠠ ᠶᠢᠨ ᠵᠢᠯ ᠤᠳ ᠲᠤ᠂ ᠣᠶ ᠰᠢᠭᠤᠢ ᠶᠢᠨ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ | ᠤᠷᠳᠤᠭᠦ᠋ᠯ ᠭᠠᠴᠠᠭ᠎ᠠ ᠬᠠᠮᠲᠤ ᠶᠢᠨ ᠪᠡᠯᠴᠢᠭᠡᠷ ᠢᠶᠠᠨ ᠲᠦᠷᠢᠶᠡᠰᠦᠯᠡᠬᠦ᠂ ᠮᠠᠯᠴᠢᠳ ᠬᠤᠪᠢ ᠪᠠᠷ ᠢᠶᠠᠨ ᠳᠠᠭᠠᠭᠠᠴᠢᠯᠠᠬᠤ | ᠵᠡᠷᠭᠡ ᠠᠷᠭ᠎ᠠ ᠮᠠᠶ᠋ᠢᠭ ᠢᠶᠠᠷ ᠲᠠᠯᠠᠨ ᠬᠠᠯᠢᠰᠤ ᠶᠢᠨ ᠲᠠᠷᠢᠮᠠᠯ ᠤᠨ ᠠᠵᠤ ᠦᠢᠯᠡᠰ ᠢ ᠬᠥᠭᠵᠢᠭᠦᠯᠵᠦ᠂ ᠲᠠᠷᠢᠮᠠᠯ ᠤᠨ | ᠲᠠᠯᠠᠪᠠᠶ ᠨᠢ 69 ᠲᠦᠮᠡᠨ ᠮᠦ ᠳᠤ ᠬᠦᠷᠴᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠤᠷᠠᠮᠳᠤᠯᠭ᠎ᠠ | ᠥᠩᠭᠡᠷᠡᠭᠰᠡᠨ ᠤ 1 ᠲᠦᠮᠡᠨ ᠲᠥᠭᠦᠷᠢᠭ ᠬᠦᠷᠬᠦ ᠦᠭᠡᠢ ᠪᠠᠶᠢᠭᠰᠠᠨ ᠠᠴᠠ ᠪᠠᠨ ᠨᠡᠮᠡᠭᠳᠡᠭᠡᠳ ᠣᠲᠣ 320 ᠲᠦᠮᠡᠨ | ᠲᠥᠭᠦᠷᠢᠭ ᠪᠣᠯᠵᠠᠢ᠃ | ᠡᠨᠡ ᠵᠢᠯ ᠤᠨ ᠬᠠᠪᠤᠷ ᠤᠨ ᠡᠬᠢ ᠪᠠᠷ᠂ ᠠᠯᠠᠱᠠ ᠠᠶᠢᠮᠠᠭ 551.65 ᠲᠦᠮᠡᠨ ᠮᠦ ᠶᠢᠨ ᠥᠪᠥᠷ | ᠮᠣᠩᠭᠤᠯ ᠤᠨ ᠪᠠᠷᠠᠭᠤᠨ ᠬᠡᠰᠡᠭ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠪᠦᠭᠦ ᠲᠠᠯ᠎ᠠ ᠪᠠᠷ | ᠡᠬᠢᠯᠡᠭᠦᠯᠦᠨ᠂ 168 ᠠᠵᠢᠯᠯᠠᠬᠤ ᠲᠣᠭᠤᠷᠢᠭ ᠲᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠬᠠᠯᠠᠭᠤᠨ ᠥᠷᠨᠢᠯᠲᠡ | ᠭᠠᠷᠴᠤ᠂ ︽ᠲᠤᠷᠤᠭ ᠪᠤᠲᠠ ᠡᠪᠡᠰᠦ︾ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ︽ᠪᠢᠲᠡᠭᠦᠮᠵᠢᠯᠡᠬᠦ᠂ | ᠨᠢᠰᠬᠡᠯ ᠢᠶᠠᠷ ᠣᠶᠢᠵᠢᠭᠤᠯᠬᠤ᠂ ᠪᠦᠲᠦᠭᠡᠨ ᠪᠠᠶᠢᠭᠤᠯᠬᠤ︾ ᠶᠢ ᠣᠷᠭᠠᠨᠢᠭ ᠢᠶᠠᠷ ᠤᠶᠠᠯᠳᠤᠭᠤᠯᠵᠤ᠂ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠲᠦᠷᠭᠡᠳᠬᠡᠨ ᠠᠬᠢᠭᠤᠯᠤᠭᠰᠠᠨ ᠢᠶᠠᠷ᠂ ᠠᠯᠠᠱᠠ ᠣᠲᠣ ᠶᠠᠭ ᠪᠠᠶᠢᠭᠠᠯᠢ ᠶᠢᠨ ᠵᠢᠮ᠎ᠡ ᠶᠣᠰᠣᠨ ᠳᠤ | ᠨᠡᠶᠢᠴᠡᠭᠰᠡᠨ᠂ ᠭᠠᠵᠠᠷ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ︽ | ᠠᠯᠠᠱᠠ ᠶᠢᠨ ᠵᠠᠭᠪᠤᠷ︾ ᠢ ᠪᠦᠷᠢᠯᠳᠦᠭᠦᠯᠦᠭᠰᠡᠨ ᠪᠠᠶᠢᠨ᠎ᠠ᠃ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ᠂ | ᠶᠡᠷᠦᠩᠬᠡᠢ ᠲᠠᠯᠠᠪᠠᠢ ᠨᠢ 8000 ᠮᠦ ᠪᠦᠬᠦᠢ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ | ᠴᠠᠭᠢᠯᠭᠠᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠲᠦᠷᠦᠯ ᠵᠦᠢᠯ ᠪᠦᠭᠦ ᠲᠠᠯ᠎ᠠ ᠪᠠᠷ | ᠤᠷᠤᠭᠰᠢᠲᠠᠢ ᠶᠠᠪᠤᠭᠳᠠᠵᠤ᠂ ︽ᠪᠣᠬᠢᠷᠳᠤᠯ ᠦᠭᠡᠢ ᠴᠠᠭᠢᠯᠭᠠᠨ︾ ᠭᠠᠷᠭᠠᠬᠤ ᠶᠢᠨ ᠬᠠᠮᠲᠤ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ ᠠᠵᠢᠯ ᠳᠤ ᠴᠤ ᠪᠣᠳᠠᠲᠤ ᠦᠷ᠎ᠡ ᠪᠦᠲᠦᠮᠵᠢ ᠣᠯᠵᠠᠢ᠃ ᠨᠡᠭᠡᠭᠡᠯᠲᠡ ᠶᠢᠨ ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠯᠪᠠᠨ ᠭᠡᠷ ᠤᠨ ᠡᠷᠭᠢᠯᠡᠭᠴᠢ ᠵᠢᠶᠠᠩ ᠮᠢᠩ ᠵᠢᠢ᠂ ᠡᠨᠡ ᠵᠢᠯ | 28 ᠲᠦᠮᠡᠨ ᠮᠦ ᠤᠯᠠᠭᠠᠨᠪᠤᠬ᠎ᠠ ᠶᠢᠨ ᠡᠯᠡᠰᠦ ᠶᠢ ᠵᠠᠰᠠᠬᠤ ᠪᠠᠷ ᠲᠥᠯᠥᠪᠯᠡᠵᠦ᠂ ᠨᠡᠶᠢᠲᠡ 1.58 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠨ᠎ᠠ᠂ ᠲᠠᠷᠠᠭᠠᠴᠢ ᠪᠠᠷ ᠤᠯᠠᠭᠠᠨᠪᠤᠬ᠎ᠠ ᠶᠢᠨ ᠡᠯᠡᠰᠦ ᠬᠠᠳᠤᠨ ᠭᠤᠣᠯ ᠳᠤ ᠲᠦᠷᠢᠨ | ᠣᠷᠣᠬᠤ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠬᠥᠮᠥᠨ ᠤ ᠬᠦᠴᠦ ᠪᠠᠷ | ᠡᠪᠡᠰᠦ ᠳᠠᠷᠢᠬᠤ᠂ ᠪᠢᠲᠡᠭᠦᠮᠵᠢᠯᠡᠬᠦ᠂ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ | ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠪᠠᠨ ᠤᠯᠠᠮ ᠴᠢᠨᠠᠭᠰᠢᠳᠠ ᠪᠠᠲᠤᠳᠬᠠᠨ᠎ᠠ ᠭᠡᠵᠦ ᠪᠠᠶᠢᠪᠠ | ᠃ | ᠡᠭᠦᠨ ᠢᠶᠠᠷ ᠪᠠᠷᠠᠬᠤ ᠦᠭᠡᠢ᠂ ᠠᠯᠠᠱᠠ ᠠᠶᠢᠮᠠᠭ ᠪᠠᠰᠠ ᠣᠷᠣᠨ ᠪᠦᠰᠡ ᠬᠤᠯᠪᠤᠭᠠᠯᠠᠨ ᠰᠡᠷᠭᠡᠶᠢᠯᠡᠨ | ᠵᠠᠰᠠᠬᠤ ᠲᠣᠭᠲᠠᠴᠠ ᠶᠢ ᠪᠠᠶᠢᠭᠤᠯᠵᠤ᠂ ᠤᠯᠠᠮᠵᠢᠯᠠᠯᠲᠤ ᠠᠷᠭ᠎ᠠ ᠭᠡᠯᠪᠡᠷᠢ ᠶᠢ ᠡᠪᠳᠡᠨ᠂ ᠡᠯᠡᠰᠦᠷᠬᠡᠭᠵᠢᠯ ᠢ ᠰᠡᠷᠭᠡᠶᠢᠯᠡᠨ | ᠵᠠᠰᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠰᠢᠯᠢᠳᠡᠭᠵᠢᠭᠦᠯᠵᠦ᠂ ᠠᠯᠠᠱᠠ ᠶᠢᠨ ᠡᠯᠡᠰᠦᠷᠬᠡᠭᠵᠢᠯ ᠢ ᠰᠡᠷᠭᠡᠶᠢᠯᠡᠨ | ᠵᠠᠰᠠᠬᠤ ᠳᠤ ᠬᠤᠪᠢ ᠨᠡᠮᠡᠷᠢ ᠦᠵᠡᠭᠦᠯᠭᠦ ᠰᠠᠨᠠᠭ᠎ᠠ ᠲᠠᠢ ᠠᠵᠤ ᠠᠬᠤᠶᠢᠯᠠᠯ᠂ ᠨᠡᠶᠢᠭᠡᠮ ᠤᠨ ᠪᠦᠯᠭᠦᠮ ᠪᠣᠯᠣᠨ ᠮᠠᠯᠴᠢᠨ | ᠲᠠᠷᠢᠶᠠᠴᠢᠨ ᠳᠤ ᠠᠵᠠ ᠲᠣᠭᠢᠶᠠᠯ ᠡᠭᠦᠳᠴᠦ ᠥᠭᠴᠡᠢ᠃ | | ᠲᠡᠭᠷᠢ ᠡᠯᠡᠰᠦᠨ ᠤ 1220 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠤᠨ | ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠬᠦᠷᠬᠦ ᠳᠤ | ᠪᠠᠷᠢᠯᠭ᠎ᠠ ᠶᠢᠨ ᠠᠵᠢᠯᠲᠠᠳ ᠴᠠᠭ ᠢ ᠵᠠᠪᠳᠤᠨ ᠶᠠᠭᠠᠷᠠᠯᠲᠠᠢ ᠠᠵᠢᠯᠯᠠᠵᠤ ᠪᠠᠶᠢᠯ᠎ᠠ᠃ ︽ᠡᠨᠡ ᠵᠢᠯ ᠬᠤᠶᠠᠷ ᠬᠤᠭᠤᠴᠠᠭ᠎ᠠ | ᠬᠤᠪᠢᠶᠠᠨ 200 ᠲᠦᠮᠡᠨ ᠺᠢᠯᠣᠸᠠᠲ ᠤᠨ ᠭᠡᠷᠡᠯᠴᠢ ᠴᠡᠨᠡᠭ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ | ᠪᠤᠶ᠂ ᠡᠪᠡᠰᠦᠨ ᠳᠥᠷᠪᠡᠯᠵᠢ ᠳᠡᠪᠢᠰᠬᠦ᠂ ᠵᠠᠭ ᠳᠠᠷᠢᠬᠤ ᠵᠡᠷᠭᠡ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠰᠠᠭᠤᠷᠢᠨ | ᠭᠠᠵᠠᠷ ᠢ ᠪᠠᠶᠢᠭᠤᠯᠤᠭᠰᠠᠨ ᠤ ᠳᠠᠷᠠᠭ᠎ᠠ᠂ ᠵᠢᠯ ᠪᠦᠷᠢ ᠳ᠋ᠦᠩᠰᠢᠭᠤᠷ ᠭᠠᠷᠤᠢ ᠺᠢᠯᠣᠸᠠᠲ ᠴᠠᠭ ᠤᠨ ᠪᠣᠬᠢᠷᠳᠤᠯ ᠦᠭᠡᠢ | ᠡᠨᠧᠷᠭᠢ ᠶᠢ ᠭᠠᠳᠠᠭᠰᠢ ᠳᠠᠮᠵᠢᠭᠤᠯᠬᠤ ᠠᠴᠠ ᠭᠠᠳᠠᠨ᠎ᠠ ᠪᠠᠰᠠ 5 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠵᠤ | ᠴᠢᠳᠠᠨ᠎ᠠ︾ ᠭᠡᠵᠦ ᠥᠪᠥᠷ ᠮᠣᠩᠭᠤᠯ ᠤᠨ ᠬᠤᠸᠠ ᠳ᠋ᠢᠶᠠᠨ ᠲᠡᠭᠷᠢ ᠡᠨᠧᠷᠭᠢ ᠶᠢᠨ ᠺᠤᠮᠫᠠᠨᠢ ᠶᠢᠨ ᠳᠡᠳ᠋ ᠶᠡᠷᠦᠩᠬᠡᠢ | ᠳᠠᠭᠠᠭᠠᠮᠠᠯ ᠠᠨ ᠮᠦ ᠨᠢᠩ ᠰᠤᠷᠪᠤᠯᠵᠢᠯᠠᠬᠴᠢ ᠳᠤ ᠬᠡᠯᠡᠪᠡ᠃ | ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ | ᠬᠠᠲᠤᠨ ᠭᠤᠣᠯ ᠤᠨ ᠪᠠᠷᠠᠭᠤᠨ ᠬᠤᠩᠭᠢᠯ - ᠲᠠᠺᠯᠢᠮᠠᠺᠠᠨ ᠡᠯᠡᠰᠦᠨ ᠤ ᠭᠦᠪᠡᠭᠡ ᠳᠠᠭᠠᠤ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠠᠯᠠᠱᠠ ᠠᠶᠢᠮᠠᠭ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ | ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ 2024 ᠣᠨ ᠳᠤ 180 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ | ᠬᠡᠷᠡᠭᠵᠢᠭᠦᠯᠦᠨ᠂ 27.2 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠢᠵᠢ ᠪᠦᠷᠢᠳᠦᠭᠦᠯᠦᠨ ᠵᠠᠰᠠᠬᠤ ᠪᠠᠷ | ᠲᠥᠯᠥᠪᠯᠡᠵᠦ ᠪᠤᠶ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ ᠠᠯᠠᠱᠠ ᠠᠶᠢᠮᠠᠭ ᠤᠯᠤᠰ ᠤᠨ ᠴᠢᠬᠤᠯᠠ ᠶᠡᠭᠡ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠳᠤ ᠲᠦᠰᠢᠭᠯᠡᠨ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ | ᠳᠠᠶᠢᠯᠠᠯᠳᠤᠭᠠᠨ᠂ ᠬᠠᠲᠤᠨ ᠭᠤᠣᠯ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠠᠶᠢᠯᠠᠯᠳᠤᠭᠠᠨ᠂ | ᠬᠠᠲᠤᠨ ᠭᠤᠣᠯ ᠤᠨ ᠪᠠᠷᠠᠭᠤᠨ ᠬᠤᠩᠭᠢᠯ ᠤᠨ ᠨᠣᠭᠤᠭᠠᠨ ᠪᠦᠷᠢᠳᠦ ᠶᠢ ᠬᠠᠮᠠᠭᠠᠯᠠᠬᠤ ᠳᠠᠶᠢᠯᠠᠯᠳᠤᠭᠠᠨ᠂ ᠠᠯᠠᠱᠠ | ᠠᠭᠤᠯᠠ ᠶᠢᠨ ᠠᠮᠢ ᠠᠬᠤᠢ ᠶᠢ ᠬᠠᠮᠠᠭᠠᠯᠠᠬᠤ ᠳᠠᠶᠢᠯᠠᠯᠳᠤᠭᠠᠨ᠂ ᠡᠯᠡᠰᠦ ᠮᠠᠩᠬ᠎ᠠ ᠶᠢᠨ ᠬᠤᠳᠠ ᠪᠠᠯᠭᠠᠰᠤ ᠤᠷᠤᠭᠤ | ᠲᠦᠷᠢᠬᠦ ᠶᠢ ᠰᠡᠷᠭᠡᠶᠢᠯᠡᠬᠦ ᠳᠠᠶᠢᠯᠠᠯᠳᠤᠭᠠᠨ᠂ ᠡᠯᠡᠰᠦ ᠶᠢ ᠬᠤᠷᠢᠭᠯᠠᠵᠤ ᠵᠠᠮ ᠱᠤᠭᠤᠮ ᠢ ᠬᠠᠮᠠᠭᠠᠯᠠᠬᠤ ᠳᠠᠶᠢᠯᠠᠯᠳᠤᠭᠠᠨ᠂ | ᠴᠡᠷᠢᠭ ᠤᠨ ᠰᠠᠭᠤᠷᠢᠨ ᠭᠠᠵᠠᠷ ᠢ ᠬᠠᠮᠠᠭᠠᠯᠠᠬᠤ ᠳᠠᠶᠢᠯᠠᠯᠳᠤᠭᠠᠨ ᠵᠡᠷᠭᠡ ︽ᠳᠣᠯᠣᠭᠠᠨ ᠶᠡᠭᠡ ᠳᠠᠶᠢᠯᠠᠯᠳᠤᠭᠠᠨ︾ ᠢ | ᠪᠦᠭᠦ ᠬᠦᠴᠦᠨ ᠢᠶᠠᠷ ᠰᠠᠶᠢᠲᠤᠷ ᠬᠢᠵᠦ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠢ ᠪᠦᠲᠦᠭᠡᠨ ᠪᠠᠶᠢᠭᠤᠯᠵᠤ᠂ | ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠬᠠᠮᠠᠭᠠᠯᠠᠨ ᠵᠠᠰᠠᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠡᠯᠡᠰᠦ ᠶᠢ ᠵᠠᠰᠠᠭᠠᠳ ᠠᠰᠢᠭ ᠭᠦᠷᠳᠡᠭᠦ᠂ ᠡᠯᠡᠰᠦ ᠶᠢ ᠠᠰᠢᠭᠯᠠᠨ ᠬᠥᠭᠵᠢᠭᠦᠯᠬᠦ᠂ | ᠡᠯᠡᠰᠦ ᠶᠢ ᠲᠦᠰᠢᠭᠯᠡᠨ ᠴᠢᠨᠡᠭᠡᠯᠢᠭᠵᠢᠬᠦ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠢᠶᠠᠷ ᠵᠠᠮᠨᠠᠵᠤ | ᠡᠬᠢᠯᠡᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠠᠯᠠᠱᠠ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠰᠢ | ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠤᠨ᠂ ᠨᠠᠮ ᠵᠠᠰᠠᠭ ᠤᠨ ᠤᠳᠤᠷᠢᠳᠤᠯᠭ᠎ᠠ ᠲᠤᠬᠠᠢ ᠶᠢᠨ | ᠲᠠᠯᠠᠪᠠᠢ ᠳᠤ ᠱᠠᠯᠠᠪᠳᠠᠭᠤᠯᠤᠨ ᠵᠢᠯᠤᠭᠤᠳᠴᠤ᠂ ᠡᠯ᠎ᠡ ᠬᠤᠰᠢᠭᠤ ᠣᠷᠣᠨ ᠤ ᠬᠢᠨ ᠪᠦᠭᠦ ᠬᠦᠴᠦᠨ ᠢᠶᠠᠷ | ᠬᠥᠳᠡᠯᠦᠯᠴᠡᠨ᠂ ᠪᠦᠭᠦ ᠠᠶᠢᠮᠠᠭ ᠢᠶᠠᠷ ᠢᠶᠠᠨ ᠬᠦᠴᠦ ᠪᠠᠨ ᠬᠠᠮᠲᠤᠳᠬᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ︽ | ᠠᠯᠠᠱᠠ ᠶᠢᠨ ᠵᠠᠭᠪᠤᠷ︾ ᠢ ᠡᠭᠦᠳᠴᠦ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ | ᠤᠷᠳᠤ ᠴᠠᠭᠠᠨ ᠬᠡᠷᠡᠮ ᠢ ᠪᠦᠭᠦ ᠬᠦᠴᠦᠨ ᠢᠶᠠᠷ ᠴᠣᠭᠴᠠᠯᠠᠨ ᠪᠠᠶᠢᠭᠤᠯᠬᠤ ᠳᠤ ᠠᠯᠠᠱᠠ ᠶᠢᠨ ᠬᠦᠴᠦᠨ ᠴᠢᠳᠠᠯ ᠢᠶᠠᠨ | ᠡᠷᠭᠦᠵᠡᠢ᠃ | | | |