ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
       ︽ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠪᠢᠴᠢᠯ ᠵᠠᠯᠠᠭᠤᠷ︾ ᠸᠢᠴᠠᠲ ᠤᠨ ᠨᠡᠶᠢᠲᠡ ᠶᠢᠨ ᠳ᠋ᠤᠭᠠᠷ ᠲᠤ ᠵᠢᠩᠬᠢᠨᠢ ᠪᠠᠷ ᠨᠡᠪᠲᠡᠷᠡᠭᠦᠯᠪᠡ᠂ ᠡᠨᠡ ᠪᠣᠯ ᠨᠢᠭᠡᠨ ᠬᠠᠤᠯᠢ ᠴᠠᠭᠠᠵᠠ ᠶᠢᠨ ᠵᠦᠪᠯᠡᠯᠭᠡ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢᠴᠢ ᠶᠢᠨ ᠦᠢᠯᠡᠴᠢᠯᠡᠭᠡ ᠵᠡᠷᠭᠡ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠮᠥᠨ᠃ ᠣᠯᠠᠨ ᠲᠦᠮᠡᠨ ᠵᠥᠪᠬᠡᠨ ᠭᠠᠷ ᠤᠳᠠᠰᠣᠨ ᠲᠡᠭᠡᠷ᠎ᠡ  ᠪᠠᠨ ︽ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡ︾ ᠸᠢᠴᠠᠲ ᠤᠨ ᠣᠯᠠᠨ ᠨᠠᠶᠢᠳᠠ ᠶᠢᠨ ᠲᠠᠪᠴᠠᠩ ᠶᠢ ᠬᠠᠶᠢᠵᠤ ᠣᠯᠣᠭᠠᠳ᠂ ︽ᠪᠢᠴᠢᠯ ᠵᠠᠮᠴᠢ ︾᠎ ᠶᠢ ᠲᠣᠪᠰᠢᠭᠠᠳ ᠦᠪᠡᠷ ᠤᠨ ᠪᠠᠶᠢᠭ᠎ᠠ ᠰᠤᠮᠤ ᠪᠠᠯᠭᠠᠰᠤ᠂ ᠵᠡᠭᠡᠯᠢ ᠭᠤᠳᠤᠮᠵᠢ ᠪᠠᠨ ᠣᠯᠣᠭᠠᠳ ᠬᠠᠷᠢᠶ᠎ᠠ ᠤᠷᠤᠨ ᠤ ᠲᠤᠰᠬᠠᠢ ᠠᠰᠠᠭᠤᠨ ᠯᠠᠪᠯᠠᠬᠤ ᠬᠠᠤᠯᠢᠴᠢ᠂ ᠠᠯᠪᠠᠨ ᠭᠡᠷᠡᠴᠢᠯᠡᠭᠴᠢ ᠪᠣᠯᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠤᠯᠵᠤ ᠬᠠᠷᠠᠬᠤ ᠪᠣᠯᠣᠨ᠎ᠠ᠃       ᠣᠶᠢᠯᠠᠭᠠᠭᠰᠠᠨ ᠢᠶᠠᠷ᠂ ᠲᠤᠰᠬᠠᠶ ᠵᠥᠪᠯᠡᠯᠭᠡ ᠥᠭᠬᠦ ᠬᠠᠤᠯᠢᠴᠢ᠂ ᠠᠯᠪᠠᠨ ᠭᠡᠷᠡᠴᠢᠯᠡᠭᠴᠢ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠪᠣᠯ ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠢᠯᠡ ᠪᠠᠷ ᠡᠯᠰᠡᠬᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠭᠰᠠᠨ ᠭᠠᠴᠠᠭ᠎ᠠ ︵ᠲᠣᠰᠬᠤᠨ︶ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠦᠯᠬᠦᠮ ᠪᠣᠯᠤᠨ᠎ᠠ᠃ ᠡᠭᠦᠨ ᠳᠤ᠂ ᠠᠰᠠᠭᠤᠨ ᠯᠠᠪᠯᠠᠬᠤ ᠬᠠᠤᠯᠢᠴᠢ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ ᠲᠣᠰᠬᠤᠨ ᠤ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ᠂ ᠤᠲᠠᠰᠣ ᠪᠠᠷ ᠦᠢᠯᠡᠴᠢᠯᠡᠬᠦ ᠠᠷᠭ᠎ᠠ ᠮᠠᠶ᠋ᠢᠭ ᠢᠶᠠᠷ ᠭᠤᠤᠯ ᠪᠣᠯᠭᠠᠵᠤ᠂ ᠦᠨ᠎ᠡ ᠲᠦᠯᠪᠦᠷᠢ ᠥᠬᠡᠶ ᠪᠠᠷ ᠣᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠪᠣᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号