ᠠᠯᠠᠱᠠ ᠵᠡᠭᠦᠨ ᠬᠤᠰᠢᠭᠤᠨ ᠤ ᠴᠡᠴᠡᠷᠯᠢᠭ ᠤᠨ ᠵᠦᠯᠭᠡ ᠭᠠᠵᠠᠷ ︽ᠲᠣᠮᠣ ᠬᠤᠪᠢᠷᠠᠯᠲᠠ︾᠎ ᠲᠠᠢ ᠪᠣᠯᠣᠨ᠎ᠠ
ᠨᠡᠶᠢᠲᠡᠯᠡᠭᠰᠡᠨ ᠴᠠᠭ᠄
2024/5/28
     ᠥᠨᠦ ᠵᠢᠯ ᠠᠯᠠᠱᠨ ᠵᠡᠭᠦᠨ ᠬᠤᠱᠢᠭᠤᠨ ᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ 6 ᠲᠣᠮᠣ ᠭᠤᠣᠯ ᠰᠡᠳᠦᠪᠲᠦ ᠫᠠᠷᠺ  ᠂ 1 ᠴᠡᠴᠡᠷᠯᠢᠭ ᠢ ᠳᠡᠰ ᠳᠡᠪᠱᠢᠭᠦᠯᠦᠨ ᠥᠭᠡᠷᠡᠴᠢᠯᠡᠬᠦ ᠂ 2 ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ 5 ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠤᠨ ᠵᠠᠩᠭᠢᠶᠠᠰᠤ᠂ ᠨᠣᠭᠤᠭᠠᠷᠠᠭᠤᠯᠤᠯᠲᠠ ᠶᠢᠨ ᠦᠵᠡᠮᠵᠢ ᠶᠢᠨ ᠲᠥᠷᠥᠯ ᠵᠦᠢᠯ᠂ ᠪᠤᠬᠢᠷᠳᠤᠯ ᠦᠭᠡᠢ ᠤᠯᠠᠨ ᠨᠡᠶᠢᠲᠡ ᠶᠢᠨ ᠤᠷᠤᠨ ᠵᠠᠢ ᠶᠢ ᠤᠯᠠᠮ ᠴᠢᠨᠠᠭᠰᠢᠳᠠ ᠦᠷᠭᠡᠳᠭᠡᠵᠤ᠂ ᠬᠤᠲᠠ ᠶᠢᠨ ᠨᠣᠭᠤᠭᠠᠨ ᠬᠥᠷᠥᠰᠥ ᠶᠢ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃      ᠥᠨᠦ ᠵᠢᠯ ᠠᠯᠠᠱᠠ ᠵᠡᠭᠦᠨ ᠬᠤᠰᠢᠭᠤ ᠪᠠᠶᠠᠨᠬᠤᠲᠠ ᠶᠢᠨ ᠡᠷᠡᠭᠦᠯ ᠡᠩᠬᠡ ᠨᠠᠭᠤᠷ ᠤᠨ ᠵᠤᠭᠠᠴᠠᠯ ᠤᠨ ᠬᠦᠷᠢᠶᠡᠯᠡᠩ᠂ ᠸᠠᠩ ᠤᠨ ᠣᠩᠭᠤᠨ ᠤ ᠬᠦᠷᠢᠶᠡᠯᠡᠩ᠂  ᠠᠭᠢᠷ ᠴᠡᠴᠡᠭ ᠤᠨ ᠬᠦᠷᠢᠶᠡᠯᠡᠩ᠂  ᠣᠪᠣᠭ᠎ᠠ ᠠᠮᠢ ᠠᠬᠤᠢ ᠶᠢᠨ ᠴᠡᠴᠡᠷᠯᠢᠭ᠂  ᠶᠢᠰᠦᠨ ᠯᠤᠤ ᠬᠦᠷᠢᠶᠡᠯᠡᠩ᠂ ᠬᠤᠸᠠᠷᠠᠨ ᠤ ᠰᠢᠯᠢ ᠦᠵᠡᠮᠵᠢ ᠶᠢᠨ ᠴᠡᠴᠡᠷᠯᠢᠭ᠂ ᠡᠯᠡᠰᠦᠨ ᠤ ᠤᠷᠭᠤᠮᠠᠯ ᠤᠨ ᠬᠦᠷᠢᠶᠡᠯᠡᠩ ᠢ ᠥᠭᠡᠷᠡᠴᠢᠯᠡᠨ ᠵᠠᠰᠠᠪᠠ᠃      ᠡᠷᠡᠭᠦᠯ ᠡᠩᠬᠡ ᠨᠠᠭᠤᠷ ᠤᠨ ᠵᠤᠭᠠᠴᠠᠯ ᠤᠨ ᠬᠦᠷᠢᠶᠡᠯᠡᠩ ᠨᠢ ᠣᠲᠣ ᠨᠢᠭᠡᠨᠲᠡ ᠤᠤᠯ ᠤᠨ 2000 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠢ ᠨᠤᠷᠠᠭᠠᠬᠤ ᠠᠵᠢᠯ ᠢ ᠪᠡᠶᠡᠯᠡᠭᠦᠯᠵᠦ᠂ ᠵᠢᠭᠠᠷᠲᠤ ᠨᠠᠷᠠᠰᠤ᠂ ᠭᠠᠴᠤᠷ᠎ᠠ ᠂ ᠳᠦᠷᠰᠦ ᠪᠦᠲᠦᠭᠡᠬᠦ ᠠᠯᠲᠠᠨ ᠨᠠᠪᠴᠢᠲᠤ ᠬᠠᠶᠢᠯᠠᠰᠤ ᠵᠡᠷᠭᠡ ᠤᠷᠭᠤᠮᠠᠯ ᠤᠨ ᠪᠦᠷᠬᠦᠴᠡ ᠶᠢ ᠪᠡᠶᠡᠯᠡᠭᠦᠯᠪᠡ᠃      ᠸᠠᠩ ᠤᠨ ᠣᠩᠭᠤᠨ ᠤ ᠬᠦᠷᠢᠶᠡᠯᠡᠩ ᠢ ᠥᠭᠡᠷᠡᠴᠢᠯᠡᠨ ᠰᠢᠨᠡᠴᠢᠯᠡᠬᠦ ᠠᠵᠢᠯ ᠨᠢ ᠭᠤᠣᠯᠳᠠᠭᠤ ᠴᠡᠴᠡᠷᠯᠢᠭ ᠤᠨ ᠣᠷᠣᠬᠤ ᠡᠭᠦᠳᠡᠨ ᠤ ᠲᠡᠮᠳᠡᠭ ᠫᠠᠶᠢᠰᠠ᠂ ᠬᠠᠭᠤᠷᠮᠠᠭ ᠠᠭᠤᠯᠠ ᠶᠢᠨ ᠣᠷᠣᠨ ᠪᠦᠰᠡ ᠶᠢ ᠥᠭᠡᠷᠡᠴᠢᠯᠡᠨ ᠰᠢᠨᠡᠴᠢᠯᠡᠵᠤ᠂ ᠴᠡᠴᠡᠷᠯᠢᠭ ᠤᠨ ᠭᠤᠤᠯ ᠵᠠᠮ ᠤᠨ ᠬᠤᠶᠠᠷ ᠬᠠᠵᠠᠭᠤ ᠪᠠᠷ ᠰᠠᠭᠤᠳᠠᠯ ᠨᠡᠮᠡᠬᠦ᠂ ᠲᠡᠮᠳᠡᠭ ᠤᠨ ᠤᠬᠠᠭᠤᠯᠭ᠎ᠠ ᠶᠢᠨ ᠫᠠᠶᠢᠰᠠ ᠶᠢ ᠳᠠᠬᠢᠨ ᠪᠠᠶᠢᠷᠢᠯᠠᠭᠤᠯᠬᠤ ᠶᠢᠨ ᠬᠠᠮᠲᠤ ᠣᠲᠣ ᠶᠢᠨ ᠪᠠᠶᠢᠭ᠎ᠠ ᠨᠣᠭᠤᠭᠠᠷᠠᠭᠤᠯᠤᠯᠲᠠ ᠶᠢᠨ ᠣᠷᠣᠨ ᠪᠦᠰᠡ ᠶᠢ ᠥᠭᠡᠷᠡᠴᠢᠯᠡᠨ ᠰᠢᠨᠡᠴᠢᠯᠡᠵᠦ᠂  ᠪᠥᠮᠪᠦᠭᠡᠨ ᠬᠡᠯᠪᠡᠷᠢᠲᠦ ᠠᠯᠲᠠᠨ ᠨᠠᠪᠴᠢᠲᠤ ᠬᠠᠶᠢᠯᠠᠰᠤ᠂ ᠳᠥᠷᠪᠡᠨ ᠤᠯᠠᠷᠢᠯ ᠤᠨ ᠰᠠᠷᠭᠠᠶ ᠴᠡᠴᠡᠭ᠂ ᠰᠢᠷ᠎ᠠ ᠰᠣᠯᠣᠩᠭ᠎ᠠ ᠴᠡᠴᠡᠭ ᠵᠡᠷᠭᠡ ᠶᠢ ᠳᠠᠷᠢᠬᠤ ᠵᠡᠷᠭᠡ ᠪᠠᠭᠲᠠᠨ᠎ᠠ᠃      ᠥᠭᠡᠷᠡᠴᠢᠯᠡᠨ ᠰᠢᠨᠡᠴᠢᠯᠡᠬᠦ ᠲᠥᠯᠥᠪᠯᠡᠭᠡ ᠶᠢ ᠦᠨᠳᠦᠰᠦᠯᠡᠪᠡᠯ᠂ ᠠᠭᠢᠷ ᠴᠡᠴᠡᠭ ᠤᠨ ᠬᠦᠷᠢᠶᠡᠯᠡᠩ ᠢ ᠠᠮᠢ ᠠᠬᠤᠶ ᠶᠢᠨ ᠰᠡᠯᠡᠭᠦᠴᠡᠯ ᠤᠨ ᠭᠤᠤᠯ ᠰᠡᠳᠦᠪᠲᠦ ᠴᠡᠴᠡᠷᠯᠢᠭ ᠪᠣᠯᠭᠠᠨ ᠪᠠᠶᠢᠭᠤᠯᠵᠤ᠂ ᠭᠤᠤᠯᠲᠤ ᠪᠣᠷᠣ᠂ ᠴᠠᠨ᠎ᠠ ᠴᠡᠴᠡᠭ ᠵᠡᠷᠭᠡ ᠦᠵᠡᠮᠦᠷᠢ ᠶᠢᠨ ᠴᠢᠨᠠᠷᠲᠠᠶ ᠨᠣᠭᠤᠭᠠᠨ ᠤᠷᠭᠤᠮᠠᠯ ᠴᠡᠴᠡᠭ ᠢ ᠨᠥᠬᠦᠵᠦ ᠲᠠᠷᠢᠨ᠎ᠠ︔ ᠣᠪᠣᠭ᠎ᠠ ᠠᠮᠢ ᠠᠬᠤᠶ ᠶᠢᠨ ᠴᠡᠴᠡᠷᠯᠢᠭ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ᠂ ᠬᠡᠰᠡᠭ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦᠯᠢ ᠴᠣᠭᠴᠠ ᠪᠠᠷ ᠨᠢ ︽ᠳᠥᠷᠪᠡᠨ ᠲᠣᠭᠤᠷᠢᠭ︾᠎ ᠢᠶᠠᠷ ᠲᠥᠯᠥᠪᠵᠢᠭᠦᠯᠦᠨ᠎ᠡ᠂ ᠲᠤᠬᠠᠶᠢᠯᠠᠪᠠᠯ ᠭᠡᠷᠲᠤ ᠲᠡᠷᠭᠡ ᠶᠢᠨ ᠡᠵᠡᠩᠨᠡᠯᠲᠡ ᠶᠢᠨ ᠭᠠᠵᠠᠷ ᠣᠷᠣᠨ᠂ ᠠᠮᠢᠲᠠᠨ ᠢ ᠰᠣᠨᠢᠷᠬᠠᠬᠤ ᠲᠣᠭᠤᠷᠢᠭ᠂ ᠬᠡᠭᠡᠷ᠎ᠡ ᠪᠠᠭᠤᠳᠠᠯᠯᠠᠬᠤ ᠲᠣᠭᠤᠷᠢᠭ ᠪᠠ ᠬᠡᠤᠬᠡᠳ ᠤᠨ ᠵᠤᠭ᠎ᠠ ᠴᠡᠩᠭᠡᠯ ᠤᠨ ᠲᠣᠭᠤᠷᠢᠭ᠂ ᠴᠡᠴᠡᠷᠯᠢᠭ ᠤᠨ ᠬᠡᠷᠡᠭᠯᠡᠯᠲᠡ ᠶᠢᠨ ᠨᠣᠷᠮ᠎ᠠ ᠵᠢᠴᠢ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠴᠡᠴᠡᠷᠯᠢᠭ ᠤᠨ ᠵᠦᠯᠭᠡ ᠭᠠᠵᠠᠷ ᠤᠨ ᠣᠷᠣᠨ ᠵᠠᠶ ᠶᠢᠨ ᠦᠷᠭᠦᠯᠵᠢᠯᠡᠬᠦ ᠬᠥᠭᠵᠢᠯᠲᠡ ᠶᠢ ᠪᠠᠲᠤᠯᠠᠨ᠎ᠠ︔ ᠶᠢᠰᠦᠨ ᠯᠤᠤ ᠬᠦᠷᠢᠶᠡᠯᠡᠩ ᠢ ᠬᠡᠤᠬᠡᠳ ᠤᠨ ᠵᠤᠭ᠎ᠠ ᠴᠡᠩᠭᠡᠯ ᠤᠨ ᠭᠤᠤᠯ ᠰᠡᠳᠦᠪᠲᠦ ᠴᠡᠴᠡᠷᠯᠢᠭ ᠪᠣᠯᠭᠠᠨ ᠪᠠᠶᠢᠭᠤᠯᠵᠤ᠂ ᠭᠡᠷ ᠤᠨ ᠲᠣᠳᠣᠷᠠᠬᠢ᠂ ᠭᠠᠳᠠᠨᠠᠬᠢ ᠰᠣᠨᠢᠷᠬᠠᠯᠲᠠᠶ ᠵᠤᠭ᠎ᠠ ᠴᠡᠩᠭᠡᠯ ᠤᠨ ᠲᠥᠬᠦᠭᠡᠷᠦᠮᠵᠢ ᠶᠢ ᠨᠡᠮᠡᠭᠳᠡᠭᠦᠯᠬᠦ ᠨᠢ ᠬᠡᠦᠬᠡᠳ ᠤᠨ ᠪᠠᠶᠢᠭᠠᠯᠢ ᠶᠢ ᠬᠠᠶᠢᠨ ᠰᠦᠪᠡᠭᠴᠢᠯᠡᠵᠦ᠂ ᠰᠤᠷᠤᠯᠴᠠᠬᠤ ᠪᠠᠶᠠᠷ ᠪᠠᠭ᠋ᠠᠳᠤᠯ ᠢ ᠳᠡᠭᠡᠭᠰᠢᠯᠡᠭᠦᠯᠬᠦ ᠳᠤ ᠠᠰᠢᠭᠲᠠᠶ ᠶᠤᠮ᠃      ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠮᠡᠷᠭᠡᠵᠢᠯ ᠤᠨ ᠲᠠᠰᠤᠭ ᠤᠨ ᠳᠡᠳ᠋ ᠡᠷᠬᠢᠯᠡᠭᠴᠢ ᠰᠢᠤᠢ ᠱᠣᠤ ᠲᠢᠩ ᠤᠨ ᠲᠠᠨᠢᠯᠴᠠᠭᠤᠯᠤᠭᠰᠠᠨ ᠢᠶᠠᠷ᠂ ᠣᠪᠣᠭ᠎ᠠ ᠠᠮᠢ ᠠᠬᠤᠶ ᠶᠢᠨ ᠴᠡᠴᠡᠷᠯᠢᠭ ᠤᠨ ᠣᠲᠣ ᠪᠠᠶᠢᠭ᠎ᠠ ᠤᠷᠭᠤᠯᠲᠠ ᠪᠠᠷ ᠮᠠᠭᠤ ᠵᠦᠯᠭᠡ ᠭᠠᠵᠠᠷ ᠲᠤ ᠴᠢᠭᠯᠡᠭᠦᠯᠦᠨ᠂ ᠭᠠᠵᠠᠷ ᠰᠢᠷᠣᠶ ᠶᠢᠨ ᠶᠠᠰᠤ ᠴᠢᠨᠠᠷ ᠢ ᠰᠠᠶᠢᠵᠢᠷᠠᠭᠤᠯᠵᠤ᠂ ᠲᠣᠣᠷᠯᠠᠭᠰᠠᠨ ᠬᠤᠭᠤᠯᠠᠶ ᠳᠡᠪᠢᠰᠴᠦ᠂ ᠤᠰᠤ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠬᠦ ᠥᠬᠡᠶ ᠤᠷᠢᠲᠠᠯ ᠳᠣᠤᠷ᠎ᠠ᠂ ᠨᠥᠬᠦᠵᠦ ᠨᠣᠭᠤᠭᠠᠷᠠᠭᠤᠯᠬᠤ᠂ ᠵᠣᠬᠢᠰᠲᠠᠶ ᠨᠢᠭᠲᠠ ᠳᠠᠷᠢᠬᠤ ᠠᠷᠭ᠎ᠠ ᠮᠠᠶ᠋ᠢᠭ ᠢ ᠠᠪᠴᠤ᠂ ᠠᠮᠢ ᠠᠬᠤᠶᠢᠵᠢᠭᠤᠯᠤᠭᠰᠠᠨ ᠴᠢᠬᠢ ᠪᠤᠶᠢᠵᠢᠭᠤᠯᠬᠤ᠂ ᠨᠥᠬᠦᠵᠦ ᠳᠠᠷᠢᠬᠤ ᠶᠢ ᠬᠡᠷᠡᠭᠵᠢᠭᠦᠯᠵᠦ᠂ ᠴᠢᠪᠠᠭ᠎ᠠ ᠶᠢᠨ ᠮᠣᠳᠣ ᠳᠠᠷᠢᠬᠤ ᠪᠠᠷ ᠭᠤᠤᠯ ᠪᠣᠯᠭᠠᠨ᠎ᠠ᠃      ᠡᠨᠡ ᠵᠢᠯ᠂ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠬᠤᠲᠠ ᠶᠢᠨ ᠲᠣᠭᠤᠷᠢᠭ ᠤᠨ ︽ᠥᠨᠴᠥᠭ ᠪᠤᠯᠤᠩ︾᠎ ᠤᠨ ᠣᠷᠣᠨ ᠵᠠᠶ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠪᠢᠴᠢᠯ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠣᠯᠠᠨ ᠨᠡᠶᠢᠲᠡ ᠶᠢᠨ ᠪᠣᠬᠢᠷᠲᠤᠯ ᠥᠬᠡᠶ ᠣᠷᠣᠨ ᠵᠠᠶ ᠶᠢ ᠤᠯᠠᠮ ᠴᠢᠨᠠᠭᠰᠢᠳᠠ ᠥᠷᠭᠡᠳᠬᠡᠨ ᠳᠡᠭᠡᠭᠰᠢᠯᠡᠭᠦᠯᠵᠦ᠂ ᠨᠠᠩ ᠣᠯᠠᠨ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠠᠷ ᠲᠥᠯᠥᠪᠯᠡᠵᠦ ᠪᠣᠶ᠃ ᠪᠢᠴᠢᠯ ᠴᠡᠴᠡᠷᠯᠢᠭ ᠪᠣᠯ ᠲᠣᠰ ᠲᠣᠰ ᠣᠷᠳᠣ ᠴᠠᠭᠠᠨ ᠬᠡᠷᠡᠮ ᠤᠨ B ᠲᠣᠭᠤᠷᠢᠭ ᠤᠨ ᠬᠤᠶᠢᠲᠤ ᠲᠠᠯ᠎ᠠ ᠪᠠ ᠦᠷᠡᠰ ᠵᠠᠮ ᠤᠨ ᠵᠡᠭᠦᠨ ᠲᠠᠯ᠎ᠠ ᠳᠤ ᠪᠠᠶᠢᠳᠠᠭ᠃      ︽ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠣᠷᠳᠣ ᠴᠠᠭᠠᠨ ᠬᠡᠷᠡᠮ ᠤᠨ B ᠲᠣᠭᠤᠷᠢᠭ ᠤᠨ ᠬᠤᠶᠢᠲᠤ ᠲᠠᠯ᠎ᠠ ᠶᠢᠨ ᠪᠢᠴᠢᠯ ᠴᠡᠴᠡᠷᠯᠢᠭ ᠨᠢ 5000 ᠲᠡᠭᠰᠢ ᠳᠥᠷᠪᠡᠯᠵᠢᠨ ᠮᠧᠲᠷ ᠭᠠᠵᠠᠷ ᠢ ᠡᠵᠡᠯᠡᠵᠦ᠂ ᠴᠢᠳᠠᠮᠵᠢ ᠶᠢᠨ ᠲᠠᠯ᠎ᠠ ᠪᠠᠷ ᠭᠤᠤᠯᠳᠠᠭᠤ ᠬᠡᠤᠬᠡᠳ ᠤᠨ ᠵᠤᠭ᠎ᠠ ᠴᠡᠩᠭᠡᠯ ᠤᠨ ᠲᠣᠭᠤᠷᠢᠭ ᠪᠠ ᠢᠳᠡᠷ ᠥᠲᠡᠯᠦᠭᠡ ᠨᠠᠰᠤᠨ ᠤ ᠠᠮᠠᠷᠠᠯᠲᠠ ᠶᠢᠨ ᠣᠷᠣᠨ ᠢ ᠳᠣᠭᠢᠷᠠᠭᠤᠯᠵᠤ᠂ ᠭᠠᠴᠤᠷ᠎ᠠ᠂ ᠴᠠᠭᠠᠨ ᠯᠠ᠂ ᠪᠦᠮᠪᠦᠭᠡᠨ ᠬᠡᠯᠪᠡᠷᠢ ᠲᠠᠢ ᠠᠯᠲᠠᠨ ᠨᠠᠪᠴᠢᠲᠤ ᠬᠠᠶᠢᠯᠠᠰᠤᠨ ᠵᠡᠷᠭᠡ ᠦᠵᠡᠮᠵᠢ ᠶᠢᠨ ᠮᠣᠳᠣᠨ ᠤ ᠲᠥᠷᠥᠯ ᠢ ᠳᠠᠷᠢᠬᠤ ᠪᠠᠷ ᠲᠥᠯᠥᠪᠯᠡᠵᠦ ᠪᠣᠶ᠃ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠦᠷᠡᠰ ᠵᠠᠮ ᠤᠨ ᠵᠡᠭᠦᠨ ᠲᠠᠯ᠎ᠠ ᠶᠢᠨ ᠪᠢᠴᠢᠯ ᠴᠡᠴᠡᠷᠯᠢᠭ ᠨᠢ 4500 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠤ᠂ ᠮᠣᠳᠣ ᠲᠠᠢ ᠴᠥᠭᠦᠷᠥᠮ ᠤᠨ ᠠᠭᠤᠳᠠᠮ ᠲᠠᠯᠠᠪᠠᠢ ᠪᠠ ᠰᠡᠶᠢᠷᠡᠭ ᠣᠢ ᠲᠠᠢ ᠵᠦᠯᠭᠡ᠂ ᠴᠣᠭᠤᠯᠪᠤᠷᠢ ᠦᠵᠡᠮᠵᠢ ᠶᠢᠨ ᠬᠡᠷᠡᠮ ᠢ ᠪᠠᠶᠢᠭᠤᠯᠵᠤ᠂ ᠠᠯᠲᠠᠨ ᠨᠠᠪᠴᠢᠲᠤ ᠬᠠᠶᠢᠯᠠᠰᠤ᠂ ᠬᠠᠶᠢᠲᠠᠩ ᠮᠣᠳᠣ᠂ ᠬᠤᠩᠭᠤᠷᠴᠠᠭᠲᠤ ᠮᠣᠳᠣ ᠵᠡᠷᠭᠡ ᠤᠷᠭᠤᠮᠠᠯ ᠤᠨ ᠬᠤᠴᠢᠯᠭ᠎ᠠ ᠶᠢ ᠳᠠᠷᠢᠬᠤ ᠪᠠᠷ ᠲᠥᠯᠥᠪᠯᠡᠵᠦ᠂ ᠴᠡᠴᠡᠷᠯᠢᠭ ᠤᠨ ᠤᠷᠠᠯᠢᠭ ᠤᠨ ᠵᠢᠵᠢᠭ ᠪᠦᠲᠦᠭᠡᠭᠳᠡᠬᠦᠨ᠂ ᠰᠠᠭᠤᠳᠠᠯ ᠵᠡᠷᠭᠡ ᠵᠤᠭ᠎ᠠ ᠴᠡᠩᠭᠡᠯ ᠤᠨ ᠲᠥᠬᠦᠭᠡᠷᠦᠮᠵᠢ ᠶᠢ ᠨᠡᠮᠡᠬᠦ ᠪᠠᠷ ᠲᠥᠯᠥᠪᠯᠡᠵᠦ ᠪᠠᠶᠢᠨ᠎ᠠ︾  ᠭᠡᠵᠦ ᠰᠢᠤᠢ ᠱᠤᠤ ᠲᠢᠩ ᠬᠡᠯᠡᠪᠡ᠃      ᠠᠯᠠᠱᠠ ᠵᠡᠭᠦᠨ ᠬᠤᠰᠢᠭᠤ ᠪᠠᠰᠠ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠤᠨ ᠵᠠᠩᠭᠢᠯᠠᠭ᠎ᠠ ᠶᠢᠨ ᠴᠡᠭ ᠤᠨ ᠦᠵᠡᠮᠵᠢ ᠶᠢ ᠪᠣᠶ ᠪᠣᠯᠭᠠᠵᠤ᠂ ᠡᠮᠦᠨ᠎ᠡ ᠤᠮᠠᠷ᠎ᠠ ᠵᠠᠮ ᠤᠨ ᠠᠭᠤᠯᠵᠠᠷ᠂ ᠡᠮᠦᠨ᠎ᠡ ᠤᠮᠠᠷ᠎ᠠ ᠶᠢᠨ ᠳᠣᠤᠷ᠎ᠠ ᠬᠤᠷᠳᠤᠴᠠᠲᠤ ᠵᠠᠮ ᠤᠨ ᠠᠭᠤᠯᠵᠠᠷ᠂ ᠨᠢᠰᠬᠡᠯ ᠤᠨ ᠪᠠᠭᠤᠳᠠᠯ ᠤᠨ ᠵᠠᠮ ᠤᠨ ᠡᠭᠦᠳᠡ ᠵᠡᠷᠭᠡ 5 ᠣᠷᠣᠵᠤ ᠭᠠᠷᠬᠤ ᠭᠠᠵᠠᠷ ᠲᠤ ᠵᠢᠭᠠᠷᠲᠤ ᠨᠠᠷᠠᠰᠤ᠂ ᠭᠠᠴᠤᠷ᠎ᠠ᠂ ᠪᠦᠮᠪᠦᠭᠡᠨ ᠬᠡᠯᠪᠡᠷᠢ ᠲᠠᠢ ᠦᠬᠡᠷ ᠠᠷᠴᠠ ᠵᠡᠷᠭᠡ ᠤᠷᠭᠤᠮᠠᠯ ᠤᠨ ᠬᠤᠴᠢᠯᠭ᠎ᠠ ᠶᠢ ᠳᠠᠷᠢᠵᠤ᠂ ᠨᠣᠭᠤᠭᠠᠷᠠᠭᠤᠯᠤᠯᠲᠠ ᠶᠢᠨ ᠦᠵᠡᠮᠵᠢ ᠶᠢ ᠳᠡᠭᠡᠭᠰᠢᠯᠡᠭᠦᠯᠦᠨ᠂ ᠬᠤᠲᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠤᠲᠠ ᠶᠢᠨ ᠨᠣᠭᠤᠭᠠᠷᠠᠭᠤᠯᠤᠯᠲᠠ ᠶᠢ ᠤᠯᠠᠮ ᠠᠴᠠ ᠢᠯᠡᠭᠦᠦ ᠭᠤᠶᠢᠳᠠ ᠰᠠᠶᠢᠬᠠᠨ ᠪᠣᠯᠭᠠᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号