| | ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠰᠡᠷᠭᠡᠶᠢᠯᠡᠬᠦ᠂ ᠴᠣᠬᠢᠯᠲᠠ ᠥᠭᠬᠦ᠂ ᠵᠠᠰᠠᠨ | ᠴᠡᠭᠴᠡᠯᠡᠬᠦ᠂ ᠬᠠᠮᠢᠶᠠᠷᠬᠤ᠂ ᠦᠢᠯᠡᠴᠢᠯᠡᠬᠦ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ | ᠠᠵᠤ ᠠᠬᠤᠶᠢᠯᠠᠯ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ᠂ ᠡᠷᠬᠡ | ᠲᠡᠭᠰᠢ ᠲᠥᠪ ᠭᠤᠤᠯᠴᠢ ᠬᠠᠤᠯᠢᠵᠢᠯ ᠤᠨ ᠣᠷᠴᠢᠨ ᠲᠣᠭᠤᠷᠢᠨ᠂ ᠥᠨᠳᠥᠷ ᠪᠦᠲᠦᠮᠵᠢᠲᠡᠶ ᠳᠥᠭᠦᠮ ᠳᠥᠲᠡ | ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠪᠠ᠃ | | | | | | | | | | ᠣᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠥᠭᠡᠯᠡᠳ ᠵᠠᠮ ᠤᠨ ᠲᠣᠮᠢᠯᠠᠭᠰᠠᠨ ᠰᠠᠯᠪᠤᠷᠢ ᠨᠢ ᠠᠷᠠᠳ᠂ ᠲᠤᠰᠠᠯᠠᠬᠤ ᠴᠠᠭᠳᠠᠭ᠎ᠠ ᠶᠢ ᠵᠣᠬᠢᠶᠠᠨ | ᠪᠠᠶᠢᠭᠤᠯᠤᠨ ᠬᠠᠷᠢᠶᠠᠲᠤ ᠣᠷᠣᠨ ᠤ ᠠᠵᠤ ᠠᠬᠤᠶᠢᠯᠠᠯ ᠳᠤ ᠬᠦᠷᠴᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ | ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠵᠢᠱᠢᠶ᠎ᠡ ᠦᠵᠡᠭᠦᠯᠦᠨ ᠬᠠᠤᠯᠢ ᠲᠦᠭᠡᠮᠡᠯᠵᠢᠭᠦᠯᠬᠦ᠂ ᠮᠠᠳᠠᠭ ᠲᠠᠢ | ᠠᠰᠠᠭᠤᠳᠠᠯ ᠢ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠬᠠᠤᠯᠢ ᠲᠦᠷᠢᠮ᠂ ᠮᠡᠬᠡᠯᠡᠯ ᠢ ᠡᠰᠡᠷᠭᠦᠴᠡᠬᠦ᠂ ᠬᠤᠤᠷ | ᠴᠠᠭᠠᠵᠠᠯᠠᠬᠤ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠬᠦᠷᠢᠶᠡᠨ ᠳᠠᠬᠢ ᠤᠬᠠᠭᠤᠯᠵᠤ ᠬᠥᠲᠥᠯᠦᠨ | ᠵᠢᠯᠣᠭᠤᠳᠬᠤ ᠶᠢ ᠰᠢᠰᠲ᠋ᠧᠮ ᠲᠠᠢ ᠥᠷᠨᠢᠭᠦᠯᠵᠦ᠂ ᠠᠳᠠᠯᠢ ᠪᠤᠰᠤ ᠠᠵᠤ ᠠᠬᠤᠶᠢᠯᠠᠯ ᠤᠨ ᠬᠠᠤᠯᠢ ᠲᠦᠭᠡᠮᠡᠯᠵᠢᠭᠦᠯᠬᠦ | ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ᠡᠭᠦᠨ ᠤ ᠬᠠᠮᠲᠤ ᠪᠠᠰᠠ ᠬᠠᠷᠢᠶ᠎ᠠ | ᠣᠷᠣᠨ ᠤ ᠳᠣᠲᠣᠷᠠᠬᠢ ᠵᠡᠭᠡᠯᠢ ᠳᠠᠭᠠᠤ ᠶᠢᠨ ᠳᠡᠯᠭᠡᠭᠦᠷ ᠵᠢᠴᠢ ᠣᠯᠠᠨ ᠡᠵᠡᠩᠨᠡᠯᠲᠡ ᠶᠢᠨ ᠬᠡᠯᠪᠡᠷᠢ ᠶᠢᠨ | ᠡᠵᠡᠩᠨᠡᠯᠲᠡ ᠶᠢᠨ ᠲᠠᠯᠠᠪᠤᠷ ᠭᠠᠵᠠᠷ ᠲᠤ ᠪᠠᠶᠢᠴᠠᠭᠠᠪᠠ᠃ ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠤᠷᠢ ᠶᠢᠨ | ᠦᠢᠯᠡᠳᠦᠯ ᠳᠡᠭᠡᠨ ᠰᠠᠭᠤᠷᠢᠯᠠᠨ᠂ ᠭᠤᠤᠯᠳᠠᠯᠭ᠎ᠠ ᠲᠠᠢ ᠲᠥᠷᠥᠯ ᠵᠦᠢᠯ ᠵᠢᠴᠢ ᠠᠵᠤ ᠠᠬᠤᠶᠢᠯᠠᠯ ᠤᠨ ᠡᠷᠬᠢᠨ | ᠲᠣᠭᠤᠷᠢᠨ ᠳᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ | ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠵᠠᠰᠠᠨ | ᠴᠡᠭᠴᠡᠯᠡᠬᠦ ᠡᠷᠴᠢᠮ ᠢᠶᠠᠨ ᠴᠢᠩᠭᠠᠷᠠᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠠᠵᠤ ᠠᠬᠤᠶᠢᠯᠠᠯ ᠢ ᠲᠤᠰᠠᠯᠠᠬᠤ ︽ᠰᠠᠭᠠᠳ ᠥᠬᠡᠶ ᠨᠡᠪᠲᠡᠷᠡᠬᠦ ᠵᠠᠮ︾ | ᠢ ᠨᠡᠭᠡᠭᠡᠵᠦ᠂ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠭᠦᠨᠵᠡᠭᠡᠶᠢᠷᠡᠭᠦᠯᠦᠨ᠂ ︽ᠴᠠᠭ ᠤᠨ | ᠬᠢᠵᠠᠭᠠᠷ ᠢ ᠪᠣᠭᠤᠨᠢᠰᠬᠠᠬᠤ︾᠂ ︽ᠮᠠᠲ᠋ᠧᠷᠢᠶᠠᠯ ᠢ ᠪᠠᠭᠠᠰᠬᠠᠬᠤ︾ ᠵᠡᠷᠭᠡ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠡᠵᠡᠩᠨᠡᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | | ᠠᠯᠠᠱᠠ ᠠᠶᠢᠮᠠᠭ ᠤᠨ ᠿᠢ ᠢ ᠳᠡᠯᠪᠡᠴᠢᠬᠦ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ | ᠵᠢᠷᠤᠭ ᠲᠥᠯᠥᠪᠯᠡᠭᠡ ᠶᠢᠨ ᠪᠠᠷᠢᠯᠭ᠎ᠠ ᠪᠠᠷᠢᠬᠤ᠂ ᠠᠮᠤᠷ ᠲᠦᠪᠰᠢᠨ ᠢ ᠦᠨᠡᠯᠡᠨ ᠵᠢᠱᠢᠬᠦ᠂ ᠠᠮᠤᠷ ᠲᠦᠪᠰᠢᠨ ᠢ ᠬᠢᠨᠠᠨ | ᠬᠠᠮᠢᠶᠠᠷᠬᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ᠎ᠠ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ | ᠾᠧ ᠵᠢᠶᠠᠨ ᠮᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠩᠭᠡᠷᠡᠭᠰᠡᠨ ᠳᠤ ᠠᠷᠠᠳ ᠤᠨ ᠬᠡᠷᠡᠭᠯᠡᠭᠡᠨ ᠤ ᠳᠡᠯᠪᠡᠷᠡᠬᠦ | ᠡᠳ᠋ ᠪᠣᠳᠠᠰ ᠢ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ | ᠪᠣᠳᠠᠰ ᠢ ᠲᠡᠭᠡᠭᠡᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠶᠠᠪᠤᠴᠠ ᠳᠤ᠂ ᠲᠣᠰ ᠲᠣᠰ ᠠᠭᠤᠷᠬᠠᠶ ᠶᠢᠨ | ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠪᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠬᠠᠮᠢᠶ᠎ᠠ | ᠪᠥᠬᠦᠶ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠵᠦ᠂ ᠵᠠᠮ ᠵᠠᠭᠤᠷ᠎ᠠ ᠪᠠᠨ ᠨᠠᠰᠢ ᠴᠠᠰᠢ ᠭᠦᠶᠦᠯᠭᠡᠵᠦ᠂ ᠴᠠᠭ | ᠪᠠ ᠬᠦᠴᠦᠨ ᠵᠠᠷᠤᠴᠠᠭᠤᠯᠳᠠᠭ ᠭᠡᠵᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠰᠬᠠᠢ APP ᠶᠢ | ᠭᠠᠷᠭᠠᠭᠰᠠᠨ ᠤ ᠳᠠᠷᠠᠭ᠎ᠠ ᠳᠠᠷᠤᠶ ᠴᠠᠬᠢᠮ ᠰᠦᠯᠵᠢᠶ᠎ᠡ + ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠬᠡᠵᠦ | ᠪᠣᠯᠤᠨ᠎ᠠ᠂ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠰᠠ ᠭᠦᠢᠴᠡᠳᠬᠡᠬᠦ ᠴᠠᠭ ᠤᠨ | ᠬᠢᠵᠠᠭᠠᠷ ᠢ 5 ᠠᠵᠢᠯᠯᠠᠬᠤ ᠡᠳᠦᠷ ᠠᠴᠠ 1 ᠠᠵᠢᠯᠯᠠᠬᠤ ᠡᠳᠦᠷ ᠪᠣᠯᠭᠠᠨ ᠪᠣᠭᠤᠨᠢᠰᠬᠠᠪᠡ᠃ ᠡᠨᠡ ᠵᠢᠯ ᠠᠴᠠ ᠨᠠᠰᠢ᠂ | ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ | ᠭᠦᠨᠵᠡᠭᠡᠶᠢᠷᠡᠬᠦ ᠶᠢ ᠳᠠᠭᠠᠯᠳᠤᠨ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ | ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ︾ ᠪᠣᠯᠬᠤ ᠶᠢ | ᠢᠮᠠᠭᠲᠠ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾᠂ ︽ᠴᠠᠬᠢᠮ ᠰᠦᠯᠵᠢᠶ᠎ᠡ + ᠭᠦᠢᠴᠡᠳᠭᠡᠬᠦ︾᠂ | ︽ᠣᠶᠢᠷ᠎ᠠ ᠬᠠᠪᠢ ᠳᠠᠭᠠᠨ ᠭᠦᠢᠴᠡᠳᠭᠡᠬᠦ︾ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ︽ᠹᠧᠩᠴᠢᠶᠤᠤ ᠶᠢᠨ ᠲᠤᠷᠰᠢᠯᠭ᠎ᠠ︾ ᠠᠷᠭ᠎ᠠ ᠬᠢᠳᠡᠯ ᠢ ᠪᠠᠳᠠᠷᠠᠭᠤᠯᠵᠤ᠂ ᠦᠢᠯᠡᠴᠢᠯᠡᠭᠡᠨ ᠤ | ᠬᠢᠷᠢ ᠲᠦᠪᠰᠢᠨ ᠢᠶᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠠᠬᠢᠭᠤᠯᠪᠠ᠃ | | |