ᠠᠯᠠᠱᠠ ᠵᠡᠭᠦᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠤᠯᠠᠮ ᠴᠢᠨᠠᠭᠰᠢᠳᠠ ᠰᠤᠷᠤᠯᠴᠠᠨ ᠤᠬᠠᠭᠤᠯᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠨᠠᠮ ᠤᠨ ᠬᠤᠷᠢᠶᠠᠨ ᠤ ᠪᠠᠶᠢᠭᠤᠯᠭ᠎ᠠ ᠶᠢᠨ ᠤᠳᠤᠷᠢᠳᠬᠤ ᠪᠠᠭ ᠤᠨ ᠭᠡᠰᠢᠭᠦᠨ ᠢᠶᠠᠷ ᠭᠤᠤᠯ ᠪᠣᠯᠭᠠᠭᠰᠠᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠳ ᠲᠤ ᠬᠠᠨᠳᠤᠭᠤᠯᠤᠨ ᠤᠬᠠᠭᠤᠯᠤᠨ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠲᠠᠨᠢᠬᠤ ᠲᠠᠯ᠎ᠠ ᠪᠠᠷ ᠨᠠᠩ ᠭᠦᠨᠵᠡᠭᠡᠶ᠂ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠬᠤ ᠲᠠᠯ᠎ᠠ ᠪᠠᠷ ᠨᠠᠩ ᠡᠷᠡᠰ ᠪᠠᠲᠤ᠂ ᠰᠤᠷᠤᠯᠴᠠᠬᠤ ᠲᠦᠷᠢᠮ ᠲᠣᠭᠲᠠᠭᠠᠯ ᠢ ᠰᠠᠬᠢᠬᠤ ᠲᠠᠯ᠎ᠠ ᠪᠠᠷ ᠨᠠᠩ ᠤᠬᠠᠮᠰᠠᠷ ᠲᠠᠢ ᠪᠣᠯᠬᠤ ᠶᠢ ᠳᠥᠯᠭᠢᠨ ᠠᠬᠢᠭᠤᠯᠪᠠ᠃      ᠤᠬᠠᠭᠤᠯᠤᠨ ᠲᠠᠶᠢᠯᠪᠤᠷᠢᠯᠠᠬᠤ ᠪᠦᠯᠬᠦᠮ ᠲᠣᠰ ᠲᠣᠰ ᠵᠢᠷᠠᠲᠠᠢ ᠪᠠᠯᠭᠠᠰᠤ᠂ ᠣᠯᠠᠨᠪᠤᠯᠠᠭ ᠪᠠᠯᠭᠠᠰᠤ᠂ ᠥᠯᠵᠡᠶ ᠰᠤᠮᠤ᠂ ᠢᠩᠭᠡᠨ ᠰᠤᠮᠤ ᠵᠡᠷᠭᠡ ᠭᠠᠵᠠᠷ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠰᠤᠷᠭᠠᠯᠲᠠ ᠶᠢ ᠬᠡᠷ ᠲᠤᠨᠢ ᠬᠦᠷᠭᠡᠬᠦ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 300 ᠭᠠᠷᠤᠶ ᠨᠠᠮ ᠤᠨ ᠭᠡᠰᠢᠭᠦᠨ ᠺᠠᠳ᠋ᠷᠴᠤᠳ ᠲᠤ ︽ᠲᠦᠷᠢᠮ︾᠎ ᠢ ᠲᠤᠰᠬᠠᠶ ᠰᠡᠳᠦᠪ ᠢᠶᠠᠷ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠵᠤ᠂ ︽ᠲᠦᠷᠢᠮ︾᠎ ᠳᠤ ᠵᠠᠰᠠᠪᠤᠷᠢ ᠣᠷᠣᠭᠤᠯᠤᠭᠰᠠᠨ ᠲᠡᠦᠬᠡ ᠶᠢᠨ ᠤᠯᠠᠷᠢᠯ ᠬᠤᠪᠢᠰᠤᠯ᠂ ︽ᠲᠦᠷᠢᠮ︾᠎ ᠳᠤ ᠵᠠᠰᠠᠪᠤᠷᠢ ᠣᠷᠣᠭᠤᠯᠤᠭᠰᠠᠨ ᠴᠢᠬᠤᠯᠠ ᠶᠡᠭᠡ ᠠᠴᠢ ᠬᠤᠯᠪᠣᠭᠳᠠᠯ᠂ ︽ᠲᠦᠷᠢᠮ︾᠎ ᠤᠨ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠬᠦ ᠵᠡᠷᠭᠡ ᠲᠠᠯ᠎ᠠ ᠪᠠᠷ ᠭᠦᠨᠵᠡᠭᠡᠶ ᠲᠠᠶᠢᠯᠤᠮᠵᠢ ᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠡᠷᠬᠡ ᠪᠠᠨ ᠬᠡᠷᠡᠭᠯᠡᠬᠦ᠂ ᠲᠣᠭᠲᠠᠭᠠᠯ ᠠᠴᠠ ᠵᠥᠷᠢᠴᠡᠭᠰᠡᠨ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠭᠰᠠᠨ᠂ ᠬᠠᠷᠢᠭᠤᠴᠠᠯᠭ᠎ᠠ ᠨᠡᠬᠡᠮᠵᠢᠯᠡᠭᠰᠡᠨ ᠵᠡᠷᠭᠡ ᠲᠠᠯ᠎ᠠ ᠶᠢᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ︽ᠲᠦᠷᠢᠮ︾᠎ ᠤᠨ ᠬᠡᠰᠡᠭ ᠭᠤᠤᠯᠳᠠᠯᠭ᠎ᠠ ᠲᠠᠢ ᠠᠭᠤᠯᠭ᠎ᠠ ᠪᠠ ᠬᠤᠯᠪᠣᠭᠳᠠᠯ ᠪᠥᠬᠦᠶ ᠲᠣᠭᠲᠠᠭᠠᠯ ᠤᠨ ᠲᠤᠬᠠᠶ ᠬᠠᠨᠳᠤᠯᠭᠠᠲᠤ ᠴᠢᠨᠠᠷᠲᠠᠶ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠨ ᠰᠤᠮᠤ ᠪᠠᠯᠭᠠᠰᠤᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠨᠠᠮ ᠤᠨ ᠭᠡᠰᠢᠭᠦᠨ ᠺᠠᠳ᠋ᠷ ᠪᠣᠯᠤᠨ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠢᠶᠠᠷ ᠬᠢᠯᠢ ᠬᠢᠵᠠᠭᠠᠷ ᠢ ᠪᠠᠲᠣᠯᠠᠵᠤ ᠬᠠᠮᠠᠭᠠᠯᠠᠭᠰᠠᠨ ᠡᠷᠦᠬᠡ ᠶᠢᠨ ᠨᠠᠮ ᠤᠨ ᠭᠡᠰᠢᠭᠦᠨ ᠳᠤ ᠠᠮᠢᠳᠤᠯᠢᠭ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠪᠠ᠃      ᠲᠣᠰ ᠤᠳᠠᠭᠠᠨ ᠤ ᠠᠵᠢᠯᠯᠠᠭ᠎ᠠ ᠨᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠨᠠᠮ ᠤᠨ ᠭᠡᠰᠢᠭᠦᠨ ᠺᠠᠳ᠋ᠷ ᠪᠣᠯᠤᠨ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠤ᠂ ᠣᠯᠠᠨ ᠢᠶᠠᠷ ᠢᠶᠠᠨ ︽ᠲᠦᠷᠢᠮ︾᠎ ᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠨᠠᠮᠴᠢ ᠴᠢᠨᠠᠷ ᠤᠨ ᠤᠬᠠᠮᠰᠠᠷ ᠪᠣᠯᠤᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠡᠷᠬᠡ ᠰᠦᠷ ᠢ ᠡᠷᠡᠰ ᠬᠠᠮᠠᠭᠠᠯᠠᠵᠤ᠂ ᠰᠠᠬᠢᠯᠭ᠎ᠠ ᠪᠠᠲᠤ ᠶᠢ ᠮᠡᠳᠡᠵᠦ ᠬᠠᠤᠯᠢ ᠴᠠᠭᠠᠵᠠ ᠶᠢ ᠰᠠᠬᠢᠬᠤ ᠶᠢ ᠪᠡᠶᠡᠯᠡᠭᠦᠯᠦᠨ᠎ᠡ ᠭᠡᠵᠦ ᠢᠯᠡᠳᠬᠡᠪᠡ᠃
         
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号