ᠠᠯᠠᠱᠠ ᠵᠡᠭᠦᠨ ᠬᠤᠰᠢᠭᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
            2024 ᠣᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤ ︽ᠰᠣᠶᠣᠯ ᠤᠨ ᠣᠷᠳᠣᠨ᠄ ᠠᠷᠠᠳ ᠲᠦᠮᠡᠨ ᠤ ᠨᠠᠰᠤᠨ ᠲᠤᠷᠰᠢᠳᠠ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠭᠤᠯᠢ︾᠎ ᠪᠠᠷ ᠭᠤᠤᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ ᠥᠷᠨᠢᠭᠦᠯᠪᠡ᠃
      ᠰᠢᠨᠬᠤᠸᠠ ᠵᠡᠭᠡᠯᠢ ᠭᠤᠳᠤᠮᠵᠢ ᠶᠢᠨ ᠦᠨᠳᠦᠰᠦᠲᠡᠨ ᠤ ᠵᠡᠭᠡᠯᠢ ᠨᠡᠶᠢᠭᠡᠮ ᠲᠣᠭᠤᠷᠢᠭ ᠲᠤ᠂ ᠬᠤᠱᠤᠳ ᠡᠮᠡᠭᠲᠡᠶᠢᠴᠦᠳ ᠤᠨ ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠯᠦᠸᠧ ᠵᠢᠨᠬᠤᠸᠠᠷ ᠰᠤᠷᠤᠭᠴᠢᠳ ᠲᠤ ᠤᠯᠠᠮᠵᠢᠯᠠᠯᠲᠤ ᠦᠨᠳᠦᠰᠦᠲᠡᠨ ᠤ ᠨᠠᠶᠢᠷᠠᠭᠤᠯᠤᠨ ᠲᠠᠷᠬᠠᠭᠠᠬᠤ ᠤᠷ᠎ᠠ ᠮᠡᠷᠭᠡᠵᠢᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠭᠡᠵᠢᠭᠡ ᠭᠦᠷᠦᠬᠦ ᠤᠯᠠᠮᠵᠢᠯᠠᠯᠲᠤ ᠶᠣᠰᠣ ᠵᠢᠷᠤᠮ ᠢ ᠵᠢᠭᠠᠵᠤ᠂ ᠰᠤᠷᠤᠯᠴᠠᠭᠰᠠᠳ ᠨᠠᠷᠢᠨ ᠬᠢᠨᠠᠮᠠᠭᠠᠶ ᠰᠤᠷᠤᠯᠴᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃       ᠣᠶᠢᠯᠠᠭᠠᠭᠰᠠᠨ ᠢᠶᠠᠷ᠂ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ ᠪᠠᠰᠠ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠣᠯᠭ᠎ᠠ ᠶᠢ ᠰᠤᠷᠭᠠᠭᠤᠯᠢ ᠳᠤ ᠣᠷᠣᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠷᠠᠨ ᠪᠢᠴᠢᠯᠭᠡ ᠶᠢᠨ ᠦᠵᠡᠰᠬᠦᠯᠡᠩ ᠵᠡᠷᠭᠡ ᠠᠵᠢᠯᠯᠠᠭ᠎ᠠ ᠥᠷᠨᠢᠭᠦᠯᠵᠦ᠂ ᠰᠣᠶᠣᠯ ᠤᠨ ᠣᠷᠳᠣᠨ ᠤ ᠰᠠᠭᠤᠷᠢᠨ ᠭᠠᠵᠠᠷ ᠵᠢᠴᠢ ᠦᠢᠯᠡᠴᠢᠯᠡᠭᠡᠨ ᠤ ᠲᠣᠤᠷ ᠰᠦᠯᠵᠢᠶ᠎ᠡ ᠶᠢ ᠭᠦᠢᠴᠡᠳ ᠠᠰᠢᠭᠯᠠᠨ᠂ ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠳᠤ ᠪᠠᠶᠠᠯᠢᠭ ᠰᠠᠶᠢᠬᠠᠨ ᠰᠣᠶᠣᠯ ᠤᠨ ᠦᠢᠯᠡᠴᠢᠯᠡᠭᠡ ᠬᠠᠩᠭᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号