ᠮᠠᠨ ᠤ ᠠᠶᠢᠮᠠᠭ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠠᠶᠢᠨ ᠡᠭᠢᠯᠡᠯᠲᠡ︾ ᠎ ᠶᠢ ᠠᠪᠴᠢᠷᠠᠯ᠎ᠠ
ᠨᠡᠶᠢᠲᠡᠯᠡᠭᠰᠡᠨ ᠴᠠᠭ᠄
2024/5/28
            ︵ᠱᠧᠨ ᠶᠠ ᠨᠠᠨ︶ ᠵᠢᠯ ᠤᠨ ᠠᠵᠢᠯ ᠬᠠᠪᠤᠷ ᠲᠠᠭᠠᠨ ᠭᠡᠳᠡᠭ ᠢᠶᠠᠷ᠂ ᠴᠠᠭᠠᠨ ᠰᠠᠷ᠎ᠠ ᠥᠩᠭᠡᠷᠡᠮᠡᠭᠴᠡ᠂ ᠮᠠᠨ ᠎ ᠤ ᠠᠶᠢᠮᠠᠭ ᠤᠨ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠳᠤ ᠠᠵᠢᠯ ᠦᠢᠯᠡᠳᠪᠦᠷᠢᠯᠡᠯ ᠤᠨ ᠶᠠᠭᠠᠷᠠᠤ ᠪᠠᠶᠢᠳᠠᠯ ᠢᠯᠡᠷᠡᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠥᠭᠵᠢᠶᠡᠨᠲᠦ ᠪᠠᠶᠢᠳᠠᠯ ᠪᠢᠯᠬᠠᠯ᠎ᠠ᠃ ᠡᠨᠡ ᠵᠢᠯ ᠮᠠᠨ ᠤ ᠠᠶᠢᠮᠠᠭ 134 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠪᠡᠯᠡ ᠣᠷᠣᠭᠤᠯᠤᠯᠲᠠ ᠨᠢ 446 ᠳ᠋ᠦᠩᠰᠢᠭᠤᠷ ᠲᠥᠭᠦᠷᠢᠭ ᠬᠦᠷᠬᠦ ᠪᠣᠯᠣᠨ᠎ᠠ᠃ ᠣᠲᠣ ᠪᠤᠯᠲᠠᠯ᠎ᠠ᠂ 41ᠳᠦᠷᠦᠯ ᠵᠦᠢᠯ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ 30.6%᠎ ᠳᠤ ᠬᠦᠷᠴᠦ᠂ 8.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃      2 ᠰᠠᠷ᠎ᠠ ᠶᠢᠨ 24᠎ ᠤ ᠡᠳᠦᠷ᠂ ᠰᠤᠷᠪᠤᠯᠵᠢᠯᠠᠬᠴᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠪᠠᠶᠢᠭ᠎ᠠ ᠠᠯᠠᠱᠠ ᠠᠶᠢᠮᠠᠭ ᠤᠨ ᠳ᠋ᠦᠩ ᠬᠠᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠤᠮᠫᠠᠨᠢ ᠶᠢᠨ ᠵᠢᠯ ᠳᠤ 40 ᠲᠦᠮᠡᠨ ᠲᠣᠨ ᠮᠧᠲ᠋ᠢᠯ ᠠᠯᠺᠤᠣᠯ᠂ 10 ᠲᠦᠮᠡᠨ ᠲᠣᠨ ᠰᠢᠩᠭᠡᠨ ᠰᠢᠪᠲᠦᠷ ᠦᠢᠯᠡᠳᠪᠦᠷᠢᠯᠡᠬᠦ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ᠂ ᠮᠠᠰᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ᠂ ᠠᠵᠢᠯᠴᠢᠳ ᠦᠢᠯᠡᠳᠪᠦᠷᠢ ᠶᠢᠨ ᠲᠠᠰᠤᠭ ᠲᠤ ᠲᠣᠨᠤᠭ ᠲᠥᠬᠦᠭᠡᠷᠦᠮᠵᠢ ᠲᠤᠷᠰᠢᠨ ᠦᠢᠯᠡᠳᠪᠦᠷᠢᠯᠡᠵᠦ ᠪᠠᠶᠢᠭ᠎ᠠ ᠶᠠᠭᠠᠷᠠᠯᠲᠠᠢ ᠪᠠᠶᠢᠳᠠᠯ ᠢ ᠣᠯᠵᠤ ᠬᠠᠷᠠᠪᠠ᠃ ᠲᠣᠰ ᠺᠤᠮᠫᠠᠨᠢ ᠪᠣᠯ 2019 ᠣᠨ ᠤ 11 ᠰᠠᠷ᠎ᠠ ᠳᠤ ᠪᠠᠶᠢᠭᠤᠯᠤᠭᠳᠠᠭᠰᠠᠨ ᠠᠯᠠᠱᠠ ᠠᠶᠢᠮᠠᠭ ᠤᠨ ᠱᠠᠩᠬᠠᠢ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠪᠦᠷᠢᠨ ᠪᠡᠯᠡᠳᠦ ᠺᠤᠮᠫᠠᠨᠢ ᠮᠥᠨ᠂ ᠡᠨᠡ ᠵᠢᠯ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠳᠤ 40 ᠲᠦᠮᠡᠨ ᠲᠣᠨ ᠮᠧᠲ᠋ᠢᠯ ᠠᠯᠺᠤᠣᠯ᠂10 ᠲᠦᠮᠡᠨ ᠲᠣᠨ ᠰᠢᠩᠭᠡᠨ ᠰᠢᠪᠲᠦᠷ ᠦᠢᠯᠡᠳᠪᠦᠷᠢᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠬᠤ ᠪᠣᠯᠣᠨ᠎ᠠ᠃ ᠣᠳᠣᠬᠠᠨ ᠳᠤ ᠲᠣᠰ ᠲᠥᠷᠥᠯ ᠵᠦᠢᠯ ᠨᠢ ᠨᠢᠭᠡᠨᠲᠡ ᠪᠦᠭᠦ ᠲᠠᠯ᠎ᠠ ᠪᠠᠷ ᠠᠵᠢᠯ ᠢᠶᠠᠨ ᠰᠡᠷᠭᠦᠭᠡᠵᠦ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠵᠠᠢ᠃ ︽ᠲᠥᠷᠥᠯ ᠵᠦᠢᠯ ᠤᠨ ᠦᠢᠯᠡᠳᠬᠦᠨ ᠢ ᠭᠤᠣᠯᠳᠠᠭᠤ ᠨᠡᠭᠦᠷᠡᠰᠦᠲᠥ᠋ᠷᠥᠭᠴᠢ ᠪᠠᠷ ᠰᠠᠭᠤᠷᠢ ᠪᠤᠯᠭᠠᠬᠰᠠᠨ ᠳᠡᠭᠡᠳᠦ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠳᠤ ᠬᠡᠷᠡᠭᠯᠡᠵᠦ᠂ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠢ 12 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠠᠬᠤᠢ ᠶᠢ ᠬᠠᠮᠠᠭᠠᠯᠠᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ︾ ᠭᠡᠵᠦ ᠳᠤᠰ ᠪᠦᠯᠦᠭᠯᠡᠯ ᠤᠨ ᠮᠠᠰᠢᠨ ᠴᠠᠭᠢᠯᠭᠠᠨ ᠤ ᠬᠡᠮᠵᠢᠭᠦᠷᠯᠢᠭ ᠤᠨ ᠳᠡᠳ᠋ ᠶᠡᠷᠦᠩᠬᠡᠢ ᠳᠠᠭᠠᠭᠠᠮᠠᠯ ᠴᠧᠨ ᠼᠦᠩ ᠬᠡᠯᠡᠪᠡ᠃      ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠠᠶᠢᠮᠠᠭ ᠡᠷᠲᠡ ᠠᠴᠠ ᠠᠷᠭ᠎ᠠ ᠰᠦᠪᠡᠭᠴᠢᠯᠡᠨ᠂ ᠡᠷᠲᠡ ᠠᠴᠠ ᠰᠤᠳᠤᠯᠵᠤ᠂ ᠡᠷᠲᠡ ᠠᠴᠠ ᠲᠣᠬᠢᠷᠠᠭᠤᠯᠤᠨ᠂ ᠲᠥᠷᠥᠯ ᠵᠦᠢᠯ ᠤᠨ ᠭᠠᠷᠳᠠᠮ ᠢ ᠬᠢᠨᠠᠨ ᠵᠥᠪᠰᠢᠶᠡᠷᠡᠵᠦ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠠᠬᠢᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠪᠠᠷ ᠬᠦᠴᠦᠯᠡᠪᠡ᠃ ︽ᠺᠤᠮᠫᠠᠨᠢ ᠠᠴᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠤ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠷᠡ ᠳᠠᠷᠤᠢ ᠳᠤᠨᠢ ᠭᠠᠷ ᠭᠦᠢᠴᠡᠳᠬᠡᠯ ᠬᠢᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠬᠠᠮᠤᠭ ᠶᠡᠭᠡ ᠳᠡᠮᠵᠢᠯᠭᠡ ᠦᠵᠡᠭᠦᠯᠵᠦ᠂ ᠣᠳᠣᠬᠠᠨ ᠳᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ︾᠃ ᠥᠪᠥᠷ ᠮᠣᠩᠭᠤᠯ ᠤᠨ ᠷᠦᠢ ᠳ᠋ᠠ ᠶᠢᠨ ᠲᠠᠢ ᠹᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠭᠠᠵᠠᠷ ᠤᠨ ᠳᠠᠷᠤᠭ᠎ᠠ ᠬᠢᠨᠠᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢᠶᠠᠨ ᠬᠠᠷᠠᠭᠠᠳ ᠪᠠᠶᠠᠷᠲᠠᠢ ᠶᠠᠷᠢᠵᠤ ᠪᠠᠶᠢᠯ᠎ᠠ᠃ ᠲᠣᠰ ᠺᠤᠮᠫᠠᠨᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠪᠠᠶᠢᠷᠢᠯᠠᠵᠤ᠂ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠵᠢᠯ ᠳᠤ 15 ᠲᠦᠮᠡᠨ ᠲᠣᠨ ᠺᠠᠯᠢ ᠱᠦᠯᠲᠦ ᠦᠢᠯᠡᠳᠪᠦᠷᠢᠯᠡᠬᠦ ᠳᠦᠷᠤᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠦᠢᠯᠡᠳᠬᠦᠨ ᠢ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠬᠠᠩᠭᠠᠬᠤ ᠪᠣᠯᠣᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号