ᠴᠡᠷᠢᠭ ᠠᠩᠭᠢ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠡᠵᠡᠨ᠎ᠡ ᠳᠤ ᠢᠷᠡᠯ᠎ᠡ
ᠨᠡᠶᠢᠲᠡᠯᠡᠭᠰᠡᠨ ᠴᠠᠭ᠄
2024/5/28
            ︵ᠶᠠᠨ ᠴᠧᠨ ᠴᠧᠨ ᠴᠢᠮᠡᠭᠡᠯᠡᠭᠴᠢ ᠨᠢᠦ ᠵᠢᠶᠠ ᠢᠩ ᠠᠶᠠᠰ︶ 61 ᠳ᠋ᠦ᠋ᠭᠡᠷ ︽ᠯᠧᠢ ᠹᠧᠩ ᠠᠴᠠ ᠰᠤᠷᠤᠯᠴᠠᠬᠤ ᠡᠳᠦᠷ︾ ᠬᠦᠷᠴᠦ ᠢᠷᠡᠬᠦ ᠲᠠᠰᠢᠷᠠᠮ ᠳᠤ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 63600 ᠴᠡᠷᠢᠭ ᠠᠩᠭᠢ ᠶᠢᠨ ᠡᠮᠨᠡᠯᠭᠡ ᠶᠢᠨ ᠬᠤᠷᠢᠶ᠎ᠠ ᠶᠢ ᠤᠷᠢᠵᠤ᠂ ︽ᠯᠧᠢ ᠹᠧᠩ ᠠᠴᠠ ᠰᠤᠷᠤᠯᠴᠠᠵᠤ ᠡᠷᠡᠭᠦᠯ ᠮᠡᠨᠳᠦ ᠶᠢ ᠬᠦᠷᠭᠡᠬᠦ︾ ᠠᠵᠢᠯᠯᠠᠭ᠎ᠠ ᠶᠢ ᠬᠠᠮᠲᠤᠷᠠᠨ ᠥᠷᠨᠢᠭᠦᠯᠵᠡᠢ᠃      ᠠᠯᠪᠠᠨ ᠵᠢᠷᠤᠮ ᠤᠨ ᠡᠮᠴᠢᠯᠡᠭᠡ ᠬᠢᠭᠰᠡᠨ ᠲᠤᠬᠠᠢ ᠶᠢᠨ ᠡᠳᠦᠷ᠂ ᠰᠠᠭᠤᠭᠠᠯᠢ ᠠᠷᠠᠳ ᠥᠷᠯᠥᠭᠡ ᠡᠷᠲᠡᠯᠡᠨ ᠡᠵᠡᠨ᠎ᠡ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠬᠦᠷᠴᠦ ᠮᠥᠷᠥᠯᠡᠵᠡᠭᠡᠨ᠎ᠡ᠃ 63600 ᠴᠡᠷᠢᠭ ᠠᠩᠭᠢ ᠶᠢᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠠᠮᠢᠰᠬᠤᠯ ᠤᠨ ᠳᠣᠲᠣᠷ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠬᠡᠦᠬᠡᠳ ᠤᠨ ᠰᠠᠯᠠᠭ᠎ᠠ ᠵᠡᠷᠭᠡ 12 ᠠᠳᠠᠯᠢ ᠪᠤᠰᠤ ᠰᠠᠯᠠᠭ᠎ᠠ ᠲᠠᠰᠤᠭ ᠤᠨ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠡᠢ᠃      ᠲᠤᠰᠬᠠᠢ ᠮᠡᠷᠭᠡᠵᠢᠯᠲᠡᠳ ᠬᠦᠯᠢᠴᠡᠩᠭᠦᠢ ᠪᠠᠷ᠂ ᠨᠠᠷᠢᠨ ᠨᠢᠮᠪᠠᠢ ᠪᠠᠷ ᠰᠠᠭᠤᠭᠠᠯᠢ ᠠᠷᠠᠳ ᠠᠴᠠ ᠠᠰᠠᠭᠤᠨ ᠯᠠᠪᠯᠠᠵᠤ᠂ ᠪᠡᠶ᠎ᠡ ᠶᠢᠨ ᠪᠠᠶᠢᠴᠠᠭᠠᠯᠲᠠ ᠬᠢᠵᠦ᠂ ᠠᠳᠠᠯᠢ ᠪᠤᠰᠤ ᠡᠪᠡᠳᠴᠢᠨ ᠤ ᠪᠠᠶᠢᠳᠠᠯ ᠪᠠ ᠪᠣᠳᠠᠭᠠᠯᠢ ᠪᠡᠶ᠎ᠡ ᠶᠢᠨ ᠵᠥᠷᠢᠶ᠎ᠡ ᠶᠢ ᠦᠨᠳᠦᠰᠦᠯᠡᠨ ᠵᠦᠢ ᠵᠣᠬᠢᠰᠲᠠᠢ ᠣᠨᠣᠰᠢᠯᠠᠨ ᠡᠮᠨᠡᠬᠦ ᠰᠠᠨᠠᠭᠤᠯᠭ᠎ᠠ ᠳᠤᠷᠠᠳᠴᠤ᠂ ᠡᠮ ᠨᠠᠶᠢᠷᠠᠭᠴᠢ ᠠᠴᠠ ᠡᠮ ᠬᠡᠷᠡᠭᠯᠡᠬᠦ ᠶᠢ ᠵᠢᠭᠠᠨ ᠵᠢᠯᠤᠭᠤᠳᠴᠤ᠂ ᠰᠠᠭᠤᠭᠠᠯᠢ ᠠᠷᠠᠳ ᠤᠨ ᠳᠤᠷᠠᠳᠤᠭᠰᠠᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠵᠡᠷᠭᠡ ᠬᠤᠯᠪᠣᠭᠳᠠᠯ ᠪᠦᠬᠦᠢ ᠠᠰᠠᠭᠤᠳᠠᠯ ᠳᠤ ᠴᠢᠭᠯᠡᠭᠦᠯᠦᠨ ᠬᠦᠯᠢᠴᠡᠩᠭᠦᠢ ᠪᠠᠷ ᠬᠠᠷᠢᠭᠤᠯᠲᠠ ᠥᠭᠬᠦ ᠶᠢᠨ ᠬᠠᠮᠲᠤ ᠡᠷᠡᠭᠦᠯ ᠢᠳᠡᠭᠡᠨ ᠤᠮᠳᠠᠭᠠᠨ᠂ ᠵᠦᠢ ᠵᠣᠬᠢᠰᠲᠠᠢ ᠬᠥᠳᠡᠯᠭᠡᠭᠡᠨ ᠵᠡᠷᠭᠡ ᠲᠠᠯ᠎ᠠ ᠪᠠᠷ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠳᠤᠮᠳᠠ ᠬᠡᠷᠬᠢᠨ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠤᠯᠬᠤ᠂ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠪᠠ ᠥᠪᠡᠷ ᠢ ᠪᠠᠨ ᠬᠠᠮᠢᠶᠠᠷᠬᠤ ᠠᠵᠢᠯ ᠢ ᠬᠡᠷᠬᠢᠨ ᠰᠠᠶᠢᠲᠤᠷ ᠬᠢᠬᠦ ᠵᠡᠷᠭᠡ ᠶᠢ ᠵᠢᠭᠠᠨ ᠵᠢᠯᠣᠭᠤᠳᠴᠠᠢ᠃ ᠲᠤᠰᠬᠠᠢ ᠮᠡᠷᠭᠡᠵᠢᠯᠲᠡᠳ ᠤᠨ ᠬᠠᠯᠠᠭᠤᠨ ᠦᠢᠯᠡᠴᠢᠯᠡᠭᠡ ᠨᠢ ᠥᠷᠭᠡᠨ ᠣᠯᠠᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ︽ᠲᠤᠰᠬᠠᠢ ᠮᠡᠷᠭᠡᠵᠢᠯᠲᠡᠨ ᠤ ᠬᠦᠷᠴᠦ ᠢᠷᠡᠭᠰᠡᠨ ᠨᠢ ᠪᠢᠳᠡᠨ ᠳᠤ ᠲᠤᠶᠢᠯ ᠤᠨ ᠶᠡᠭᠡ ᠲᠦᠭᠦᠮ ᠦᠵᠡᠭᠦᠯᠵᠡᠢ᠂ ᠬᠤᠶᠢᠰᠢᠳᠠ ᠡᠶᠢᠮᠦ ᠠᠵᠢᠯᠯᠠᠭ᠎ᠠ ᠶᠢ ᠢᠯᠡᠭᠦᠬᠡᠨ ᠬᠢᠬᠦ ᠶᠢ ᠬᠦᠰᠡᠵᠦ ᠪᠠᠶᠢᠨ᠎ᠠ︾ ᠭᠡᠵᠦ ᠰᠠᠭᠤᠭᠠᠯᠢ ᠠᠷᠠᠳ ᠭᠦᠰᠡᠯᠴᠡᠴᠡᠭ ᠶᠠᠷᠢᠨ᠎ᠠ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠨᠡᠶᠢᠲᠡ 500 ᠭᠠᠷᠤᠢ ᠬᠥᠮᠥᠨ ᠤᠳᠠᠭ᠎ᠠ ᠳᠤ ᠦᠢᠯᠡᠴᠢᠯᠡᠵᠦ᠂ ᠰᠦᠢᠳᠬᠡᠯ ᠬᠤᠷᠢᠶᠠᠬᠤ ᠦᠭᠡᠢ ᠪᠠᠷ ᠨᠡᠶᠢᠲᠡ 55 ᠵᠦᠢᠯ ᠤᠨ 600 ᠭᠠᠷᠤᠢ ᠬᠠᠶᠢᠷᠴᠠᠭ ᠡᠮ ᠤᠨ ᠵᠦᠢᠯ ᠢ ᠲᠦᠭᠡᠭᠡᠵᠡᠢ᠃ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠱᠦᠵᠢ ᠦ᠋ ᠪᠢᠶᠣᠣ᠄ ︽ᠲᠣᠰ ᠤᠳᠠᠭᠠᠨ ᠤ ᠬᠠᠮᠲᠤᠷᠠᠭᠰᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠡᠮᠴᠢᠯᠡᠭᠡᠨ ᠤ ᠬᠡᠷᠡᠭᠴᠡᠭᠡ ᠶᠢ ᠪᠦᠭᠦ ᠲᠠᠯ᠎ᠠ ᠪᠠᠷ ᠬᠠᠩᠭᠠᠬᠤ ᠪᠠᠷ ᠪᠠᠷᠠᠬᠤ ᠦᠭᠡᠢ᠂ ᠨᠠᠩ ᠴᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠭᠦᠨᠵᠡᠭᠡᠶᠢᠷᠡᠬᠦ ᠶᠢ ᠠᠬᠢᠭᠤᠯᠬᠤ ᠪᠣᠯᠣᠨ᠎ᠠ︾ ᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号