ᠬᠤᠶᠠᠷᠬᠤᠳᠳᠤᠭ ᠤᠨ ᠬᠥᠳᠡᠭᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠡᠬᠢᠯᠡᠭᠦᠯᠦᠯ᠎ᠡ
ᠨᠡᠶᠢᠲᠡᠯᠡᠭᠰᠡᠨ ᠴᠠᠭ᠄
2024/5/28
      ︵ᠴᠢᠮᠡᠭᠡᠯᠡᠭᠴᠢ ᠶᠠᠩ ᠰᠢᠨ ᠢᠳᠡᠷ︶ ᠵᠢᠯ ᠤᠨ ᠠᠵᠢᠯ ᠬᠠᠪᠤᠷ ᠲᠠᠭᠠᠨ ᠭᠡᠭᠴᠢ ᠪᠠᠷ᠂ ᠬᠠᠪᠤᠷ ᠤᠨ ᠲᠠᠷᠢᠶᠠᠯᠠᠭ᠎ᠠ ᠶᠢᠨ ᠠᠵᠢᠯ ᠢᠶᠠᠨ ᠡᠬᠢᠯᠡᠭᠦᠯᠬᠦ ᠪᠠᠷ ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠣᠷᠣᠨ ᠡᠷᠲᠡ ᠠᠴᠠ ᠪᠡᠯᠡᠳᠬᠡᠬᠦ᠂ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠨᠠᠶᠢᠳᠠᠪᠤᠷᠢᠵᠢᠭᠤᠯᠬᠤ ᠶᠢ ᠴᠢᠬᠤᠯᠠᠴᠢᠯᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠭᠦ ᠬᠦᠴᠦᠨ ᠢᠶᠠᠷ ᠡᠮᠬᠢ ᠴᠡᠭᠴᠡ ᠲᠠᠢ ᠥᠷᠨᠢᠭᠦᠯᠵᠦ ᠡᠬᠢᠯᠡᠯ᠎ᠡ᠃      ᠲᠠᠷᠢᠶᠠᠨ ᠭᠠᠵᠠᠷ ᠲᠤ ᠪᠣᠷᠳᠣᠭᠤᠷ ᠵᠥᠭᠡᠭᠡᠪᠦᠷᠢᠯᠡᠬᠦ ᠲᠡᠷᠭᠡ ᠠᠳᠡ ᠲᠡᠨᠳᠡ ᠬᠠᠷᠠᠭᠳᠠᠨ᠂ ᠮᠠᠯ ᠤᠨ ᠢᠯᠭᠠᠳᠠᠰᠤ ᠨᠢ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠤᠨ ᠴᠢᠬᠤᠯᠠ ᠣᠷᠭᠠᠨᠢᠭ ᠪᠣᠷᠳᠣᠭᠤᠷ ᠪᠣᠯᠵᠤ᠂ ᠲᠠᠷᠢᠶᠠᠴᠢᠳ ᠤᠨ ᠬᠡᠷᠡᠭᠰᠡᠬᠦ ᠬᠠᠮᠤᠭ ᠤᠨ ᠴᠢᠬᠤᠯᠠ ᠵᠦᠢᠯ ᠨᠢ ᠪᠣᠯᠤᠭᠰᠠᠨ ᠪᠠᠶᠢᠯ᠎ᠠ᠃ ︽ᠲᠠᠷᠢᠶᠠᠯᠠᠩ ᠤᠨ ᠪᠣᠷᠳᠣᠭᠤᠷ ᠨᠢ ᠬᠠᠪᠤᠷ ᠤᠨ ᠲᠠᠷᠢᠶᠠᠯᠠᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠪᠠᠷ ᠪᠠᠷᠠᠬᠤ ᠦᠭᠡᠢ ᠪᠠᠰᠠ ᠬᠥᠷᠥᠰᠥ ᠰᠢᠷᠣᠢ ᠶᠢᠨ ᠪᠦᠲᠦᠴᠡ ᠶᠢ ᠰᠠᠶᠢᠵᠢᠷᠠᠭᠤᠯᠬᠤ᠂ ᠲᠠᠷᠢᠮᠠᠯ ᠳᠤ ᠠᠰᠢᠭᠲᠠᠢ ᠪᠠᠶᠢᠳᠠᠭ︾ ᠭᠡᠵᠦ ᠠᠳᠤᠭᠤᠨ ᠭᠤᠣᠯ ᠭᠠᠴᠠᠭ᠎ᠠ ᠶᠢᠨ ᠯᠢ ᠹᠠ ᠶᠢᠨ ᠶᠠᠷᠢᠨ᠎ᠠ᠃ ᠣᠶᠢᠷ᠎ᠠ ᠶᠢᠨ ᠡᠳᠦᠷ ᠲᠤ ᠲᠠᠷᠢᠶᠠᠴᠢᠳ ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠪᠠ ᠥᠭᠡᠷᠡᠴᠢᠯᠡᠨ ᠲᠣᠨᠣᠭᠯᠠᠬᠤ ᠠᠵᠢᠯ ᠢ ᠬᠢᠵᠦ ᠶᠠᠭᠠᠷᠠᠯᠳᠤᠨ᠎ᠠ᠃ ︽ᠬᠠᠪᠤᠷ ᠤᠨ ᠲᠠᠷᠢᠶᠠᠯᠠᠭ᠎ᠠ ᠶᠢᠨ ᠠᠵᠢᠯ ᠤᠳᠠᠯ ᠦᠭᠡᠢ ᠡᠬᠢᠯᠡᠬᠦ ᠪᠠᠷ ᠪᠠᠶᠢᠨ᠎ᠠ᠂ ᠲᠠᠷᠢᠶᠠᠯᠠᠩ ᠤᠨ ᠮᠠᠰᠢᠨ ᠢᠶᠠᠨ ᠰᠡᠯᠪᠢᠨ ᠵᠠᠰᠠᠵᠤ ᠠᠷᠠᠴᠢᠯᠠᠬᠤ ᠨᠢ ᠬᠠᠮᠤᠭ ᠤᠨ ᠴᠢᠬᠤᠯᠠ ᠠᠵᠢᠯ ᠪᠣᠯᠵᠤ ᠪᠠᠶᠢᠨ᠎ᠠ᠃ ᠬᠡᠰᠡᠭ ᠡᠷᠦᠭᠡ ᠤᠳ ᠭᠠᠵᠠᠷ ᠢᠶᠠᠨ ᠬᠠᠮᠲᠤ ᠪᠠᠷ ᠬᠠᠭᠠᠯᠪᠤᠷᠢᠯᠠᠬᠤ ᠪᠠᠷ ᠤᠷᠢᠳᠴᠢᠯᠠᠨ ᠪᠣᠯᠵᠣᠯ᠎ᠠ᠂ ᠪᠢᠳᠡ 3 ᠰᠠᠷ᠎ᠠ ᠶᠢᠨ 20᠎ ᠤ ᠣᠷᠴᠢᠮ ᠢᠶᠠᠷ ᠡᠬᠢᠯᠡᠭᠦᠯᠦᠨ᠎ᠡ︾ ᠭᠡᠵᠦ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠤᠨ ᠳᠠᠷᠤᠭ᠎ᠠ ᠴᠧᠨ ᠵᠦᠩ ᠶᠠᠷᠢᠨ᠎ᠠ᠃      ᠵᠢᠱᠢᠶ᠎ᠡ ᠦᠵᠡᠭᠦᠯᠭᠦ ᠣᠷᠣᠨ ᠤ ᠬᠢᠨ ᠬᠠᠪᠤᠷ ᠤᠨ ᠤᠯᠠᠷᠢᠯ ᠤᠨ ᠬᠦᠢᠲᠡᠨ ᠠᠭᠤᠷ ᠠᠮᠢᠰᠬᠤᠯ᠂ ᠰᠠᠯᠬᠢ ᠰᠢᠭᠤᠷᠭ᠎ᠠ ᠵᠡᠷᠭᠡ ᠴᠠᠭ ᠠᠭᠠᠷ ᠤᠨ ᠬᠤᠪᠢᠷᠠᠯᠲᠠ ᠳᠤ ᠴᠢᠭᠯᠡᠭᠦᠯᠦᠨ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠲᠠᠷᠢᠶᠠᠨ ᠭᠠᠵᠠᠷ ᠲᠤ ᠠᠪᠠᠴᠢᠨ᠂ ᠲᠠᠷᠢᠶᠠᠴᠢᠳ ᠲᠤ ᠬᠠᠪᠰᠤᠷᠴᠤ ᠬᠦᠢᠲᠡᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠠᠭ ᠠᠭᠠᠷ ᠤᠨ ᠲᠠᠷᠢᠶᠠᠯᠠᠩ ᠳᠤ ᠤᠴᠠᠷᠠᠭᠤᠯᠬᠤ ᠬᠤᠬᠢᠷᠠᠯ ᠢ ᠤᠷᠢᠳᠴᠢᠯᠠᠨ ᠰᠡᠷᠭᠡᠶᠢᠯᠡᠵᠡᠢ᠃ ᠡᠭᠦᠨ ᠤ ᠬᠠᠮᠲᠤ᠂ 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ︽ᠲᠠᠷᠢᠶᠠᠯᠠᠵᠤ ᠬᠤᠷᠢᠶᠠᠬᠤ︾ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠠᠷᠢᠶᠠᠴᠢᠨ ᠡᠷᠦᠭᠡ ᠶᠢᠨ ︽ᠲᠠᠷᠢᠶᠠᠯᠠᠵᠤ ᠬᠤᠷᠢᠶᠠᠬᠤ︾ ᠶᠠᠪᠤᠴᠠ ᠳᠤ ᠬᠢᠵᠦ ᠳᠡᠶᠢᠯᠭᠦ ᠦᠭᠡᠢ᠂ ᠰᠠᠶᠢᠨ ᠬᠢᠵᠦ ᠳᠡᠶᠢᠯᠭᠦ ᠦᠭᠡᠢ᠂ ᠬᠢᠬᠦ ᠳᠤ ᠠᠰᠢᠭ ᠦᠭᠡᠢ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠠᠷᠢᠶᠠᠴᠢᠨ ᠡᠷᠦᠭᠡ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃      ᠵᠢᠱᠢᠶ᠎ᠡ ᠦᠵᠡᠭᠦᠯᠭᠦ ᠣᠷᠣᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠡᠷᠭᠢᠯᠡᠭᠴᠢ ᠠᠯᠲᠠᠨᠪᠠᠭᠠᠨ᠎ᠠ᠄ ︽ᠬᠠᠪᠤᠷ ᠤᠨ ᠠᠭᠤᠷ ᠣᠷᠣᠭᠰᠠᠨ ᠠᠴᠠ ᠨᠠᠭᠠᠰᠢᠬᠢ ᠬᠡᠳᠦᠨ ᠤᠳᠠᠭᠠᠨ ᠤ ᠴᠠᠰᠤ ᠨᠢ ᠬᠥᠷᠥᠰᠥ ᠰᠢᠷᠣᠢ ᠶᠢᠨ ᠥᠩᠭᠡᠨ ᠳᠠᠪᠬᠤᠷᠭ᠎ᠠ ᠶᠢᠨ ᠤᠰᠤᠨ ᠤ ᠠᠭᠤᠯᠤᠭᠳᠠᠴᠠ ᠶᠢ ᠨᠡᠮᠡᠭᠳᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠠᠰᠢᠭᠲᠠᠢ ᠨᠥᠬᠦᠴᠡᠯ ᠬᠠᠩᠭᠠᠭᠰᠠᠨ ᠪᠠᠶᠢᠨ᠎ᠠ᠃ ᠪᠢᠳᠡ ᠲᠠᠷᠢᠶᠠᠴᠢᠳ ᠢ ᠴᠢᠭᠢᠭ ᠤᠨ ᠪᠠᠶᠢᠳᠠᠯ ᠢ ᠬᠠᠮᠤᠭ ᠤᠨ ᠲᠡᠷᠢᠭᠦᠨ ᠳᠤ ᠵᠠᠪᠳᠤᠨ ᠭᠠᠵᠠᠷ ᠲᠡᠭᠰᠢᠯᠡᠬᠦ ᠪᠠ ᠪᠣᠷᠳᠣᠭᠤᠷ ᠣᠷᠣᠭᠤᠯᠬᠤ ᠠᠵᠢᠯ ᠢ ᠭᠢᠯᠭᠢᠭᠦ ᠪᠠᠷ ᠤᠬᠠᠭᠤᠯᠤᠨ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ︾ ᠭᠡᠪᠡ᠃      ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠶᠠᠭ ᠡᠮᠬᠢ ᠳᠢᠭᠯᠢᠮ ᠲᠠᠢ ᠥᠷᠨᠢᠭᠦᠯᠵᠦ ᠂ ᠵᠢᠱᠢᠶ᠎ᠡ ᠦᠵᠡᠭᠦᠯᠭᠦ ᠣᠷᠣᠨ ᠤ ᠬᠢᠨ ᠲᠠᠷᠢᠶᠠᠴᠢᠨ ᠡᠷᠦᠭᠡ ᠶᠢ ᠬᠥᠲᠥᠯᠥᠨ ᠳᠠᠭᠠᠭᠤᠯᠵᠤ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠭᠡᠯᠪᠡᠷᠢ ᠶᠢᠨ ᠨᠡᠶᠢᠯᠡᠮᠡᠯ ᠲᠠᠷᠢᠮᠠᠯ᠂ ᠼᠠᠨᠳᠧᠦ ᠪᠤᠷᠴᠠᠭ᠂ ᠨᠡᠷᠡᠨ ᠬᠤᠸᠠᠷ ᠵᠡᠷᠭᠡ ᠲᠠᠷᠢᠮᠠᠯ ᠢ ᠳᠠᠷᠢᠬᠤ ᠪᠠᠷ ᠪᠡᠯᠡᠳᠬᠡᠨ᠂ ᠴᠢᠨᠠᠷ ᠴᠢᠨᠰᠠᠭ᠎ᠠ ᠰᠠᠶᠢᠨ᠂ ᠥᠷᠢᠰᠦᠯᠳᠦᠬᠦ ᠬᠦᠴᠦᠨ ᠲᠠᠢ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠬᠤ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠷᠴᠢᠮ ᠲᠠᠢ ᠶᠠᠪᠤᠭᠳᠠᠭᠤᠯᠵᠤ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号