ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠎ ᠶᠢᠨ ᠬᠤᠶᠠᠳᠤᠭᠠᠷ ᠬᠤᠷᠠᠯ ᠤᠨ ᠵᠥᠪᠯᠡᠬᠦ ᠵᠦᠢᠯ
ᠨᠡᠶᠢᠲᠡᠯᠡᠭᠰᠡᠨ ᠴᠠᠭ᠄
2024/5/28
           3 ᠰᠠᠷ᠎ᠠ ᠶᠢᠨ 3᠎ ᠤ ᠡᠳᠦᠷ ᠤᠨ ᠦᠳᠡ ᠶᠢᠨ ᠬᠤᠶᠢᠨ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠶᠡᠭᠡ ᠬᠤᠷᠠᠯ ᠤᠨ ᠰᠣᠨᠢᠨ ᠮᠡᠳᠡᠭᠡᠨ ᠤ ᠥᠭᠦᠯᠡᠭᠴᠢ ᠯᠢᠦ ᠵᠢᠶᠧ ᠢ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ ᠲᠤᠰ ᠤᠳᠠᠭᠠᠨ ᠤ ᠶᠡᠭᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠵᠠᠢ᠃      ᠯᠢᠦ ᠵᠢᠶᠧ ᠢ ᠶᠢᠨ ᠲᠠᠨᠢᠯᠴᠠᠭᠤᠯᠤᠭᠰᠠᠨ ᠢᠶᠠᠷ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ 3 ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ ᠲᠤ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠵᠦ᠂ 3 ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ ᠲᠡᠭᠦᠰᠦᠨ᠎ᠡ᠂ ᠬᠤᠷᠠᠯ ᠤᠨ ᠬᠤᠭᠤᠴᠠᠭ᠎ᠠ ᠨᠢ 6 ᠡᠳᠦᠷ ᠪᠣᠯᠣᠨ᠎ᠠ᠃      ᠶᠡᠭᠡ ᠬᠤᠷᠠᠯ ᠤᠨ ᠭᠤᠣᠯ ᠵᠥᠪᠯᠡᠬᠦ ᠵᠦᠢᠯ ᠤᠳ ᠪᠣᠯ᠄      ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠰᠤᠯᠠ ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠪᠤᠰᠤᠳ ᠬᠤᠯᠪᠣᠭᠳᠠᠯ ᠪᠦᠬᠦᠢ ᠢᠯᠡᠳᠬᠡᠯ ᠢ ᠰᠣᠨᠣᠰᠴᠤ ᠶᠠᠷᠢᠯᠴᠠᠨ᠎ᠠ᠃      ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠎ ᠶᠢᠨ ᠬᠤᠶᠠᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ᠂ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢᠨ ᠰᠢᠢᠳᠪᠦᠷᠢ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠶᠠᠷᠢᠯᠴᠠᠵᠤ ᠪᠠᠲᠤᠯᠠᠨ᠎ᠠ᠃      ᠯᠢᠦ ᠵᠢᠶᠧ ᠢ ᠶᠢᠨ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠶᠡᠭᠡ ᠬᠤᠷᠠᠯ ᠤᠨ ᠬᠤᠭᠤᠴᠠᠭᠠᠨ ᠳᠤ᠂ ᠡᠬᠢᠯᠡᠬᠦ ᠬᠤᠷᠠᠯ᠂ ᠲᠡᠭᠦᠰᠬᠦ ᠬᠤᠷᠠᠯ ᠵᠢᠴᠢ 2 ᠤᠳᠠᠭᠠᠨ ᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ ᠶᠢ ᠲᠣᠬᠢᠷᠠᠭᠤᠯᠵᠤ᠂ ᠭᠡᠰᠢᠭᠦᠳ ᠲᠣᠰ ᠲᠣᠰ ᠡᠲᠡᠭᠡᠳ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠪᠠ ᠣᠯᠠᠨ ᠤᠳᠠᠭᠠᠨ ᠤ ᠭᠡᠰᠢᠭᠦᠳ ᠤᠨ ᠡᠲᠡᠭᠡᠳ ᠤᠨ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠬᠡᠰᠡᠭ ᠡᠲᠡᠭᠡᠳ ᠤᠨ ᠵᠥᠪᠳᠡᠯᠴᠡᠬᠦ ᠬᠤᠷᠠᠯ ᠢ 1 ᠤᠳᠠᠭ᠎ᠠ ᠬᠤᠷᠠᠯᠳᠤᠭᠤᠯᠤᠨ᠎ᠠ᠃ ᠡᠭᠢᠯᠡᠯᠲᠡ ᠶᠢᠨ ᠬᠤᠷᠠᠯ᠂ ᠲᠡᠭᠦᠰᠬᠦ ᠬᠤᠷᠠᠯ ᠳᠡᠭᠡᠷ᠎ᠡ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠢ ᠤᠷᠢᠵᠤ ᠰᠤᠯᠠ ᠰᠣᠨᠣᠰᠤᠭᠤᠯᠤᠨ᠎ᠠ᠃ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠢᠭᠡᠨᠲᠡ ᠪᠡᠯᠡᠳᠬᠡᠵᠦ ᠳᠠᠭᠤᠰᠬᠠᠪᠠ᠃      ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠦᠨᠳᠦᠰᠦᠯᠡᠪᠡᠯ᠂ ᠲᠤᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠭᠠᠳᠠᠨ᠎ᠠ᠂ ᠶᠡᠭᠡ ᠬᠤᠷᠠᠯ ᠠᠴᠠ ᠪᠠᠰᠠ ︽ᠭᠡᠰᠢᠭᠦᠳ ᠤᠨ ᠵᠠᠮ︾᠎ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢ 3 ᠤᠳᠠᠭ᠎ᠠ ᠡᠷᠭᠢᠯᠡᠭᠦ ᠪᠣᠯᠣᠨ᠎ᠠ᠃ ᠠᠩᠬᠠᠳᠠᠭᠴᠢ ᠤᠳᠠᠭᠠᠨ ᠤ ︽ᠭᠡᠰᠢᠭᠦᠳ ᠤᠨ ᠵᠠᠮ︾᠎ ᠤᠨ ᠬᠠᠮᠲᠤ ᠶᠢᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢ 3 ᠰᠠᠷ᠎ᠠ ᠶᠢᠨ 4᠎ ᠤ ᠡᠳᠦᠷ ᠥᠷᠨᠢᠭᠦᠯᠵᠡᠢ᠃       ︵ᠲᠤᠮᠳᠠᠲᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号