ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠨᠢ ᠰᠤᠷᠤᠬᠴᠢᠳ ᠤᠨ ᠡᠷᠡᠭᠦᠯ ᠢᠶᠠᠷ ᠦᠰᠦᠨ ᠪᠣᠶᠢᠵᠢᠬᠤ ᠳᠤ ︽ᠭᠡᠷᠡᠯ ᠢᠯᠴᠢ︾ ᠬᠠᠩᠭᠠᠳᠠᠭ
ᠨᠡᠶᠢᠲᠡᠯᠡᠭᠰᠡᠨ ᠴᠠᠭ᠄
2024/5/28
     ᠲᠦᠷᠦᠭᠦᠬᠡᠨ᠂ ᠵᠠᠷᠢᠮ ᠰᠤᠷᠭᠠᠭᠤᠯᠢ ᠶᠢᠨ ᠬᠢᠨ ᠰᠣᠷᠣᠬᠴᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠶᠢᠨ ᠴᠠᠭ ᠢ ᠪᠣᠭᠤᠨᠢᠰᠬᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠤ ᠬᠡᠪᠴᠢᠶ᠎ᠡ ᠶᠢ ᠪᠠᠭᠠᠰᠬᠠᠭᠰᠠᠨ ᠶᠠᠪᠤᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠣᠷᠪᠤᠯᠵᠢᠯᠠᠭ᠎ᠠ ᠬᠦᠯᠢᠶᠡᠬᠦ ᠳᠡᠭᠡᠨ ︽ᠰᠣᠷᠣᠬᠴᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ︾ ᠰᠢᠯᠲᠠᠭ ᠢᠶᠠᠷ ᠰᠣᠷᠣᠬᠴᠢ ᠶᠢᠨ ᠴᠢᠬᠤᠯᠠ ᠪᠦᠬᠦᠢ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠪᠠ ᠬᠥᠳᠡᠯᠭᠡᠭᠡᠨ ᠢ ᠬᠢᠵᠠᠭᠠᠷᠯᠠᠬᠤ ᠠᠷᠭ᠎ᠠ ᠪᠠᠷᠢᠯ ᠢ ᠡᠷᠡᠰ ᠵᠠᠯᠠᠷᠠᠭᠤᠯᠤᠨ᠎ᠠ ᠭᠡᠵᠦ ᠢᠯᠡᠷᠬᠡᠶᠢᠯᠡᠵᠡᠢ᠃      ᠰᠤᠷᠤᠬᠴᠢᠳ ᠤᠨ ᠪᠦᠭᠦ ᠲᠠᠯ᠎ᠠ ᠪᠠᠷ ᠦᠰᠦᠨ ᠪᠣᠶᠢᠵᠢᠬᠤ ᠳᠤ ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ ᠨᠢ ᠴᠢᠬᠤᠯᠠ ᠦᠢᠯᠡᠳᠦᠯ ᠦᠵᠡᠭᠦᠯᠳᠡᠭ᠃ ᠰᠤᠷᠭᠠᠨ ᠬᠥᠮᠦᠵᠢᠯ ᠨᠢ ᠶᠡᠷᠦ ᠠᠴᠠ ᠰᠢᠯᠭᠠᠯᠲᠠ ᠶᠢᠨ ᠬᠤᠪᠢ ᠶᠢᠨ ᠬᠢᠷᠢ ᠪᠦᠲᠦᠮᠵᠢ ᠲᠠᠢ ᠯᠡ ᠬᠤᠯᠪᠣᠭᠳᠠᠳᠠᠭ ᠪᠢᠰᠢ᠂ ᠬᠠᠷᠢᠨ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠴᠢᠬᠤᠯᠠᠴᠢᠯᠠᠨ ᠪᠦᠭᠦ ᠲᠠᠯ᠎ᠠ ᠪᠠᠷ ᠬᠥᠭᠵᠢᠭᠦᠯᠪᠡᠯ ᠰᠠᠶ᠋ᠢ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠳᠤ ᠲᠣᠭᠠᠴᠠᠭᠳᠠᠨ᠎ᠠ᠃ ᠤᠯᠤᠰ ᠠᠴᠠ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠦᠵᠡᠬᠦ ᠳᠤ ᠶᠠᠯᠢᠮ ᠦᠭᠡᠢ ᠬᠤᠪᠢᠷᠠᠯᠲᠠ ᠨᠢᠭᠡᠪᠦᠷᠢ ᠎ ᠨᠢ ᠰᠤᠷᠤᠬᠴᠢᠳ ᠤᠨ ᠡᠷᠡᠭᠦᠯ ᠢᠶᠠᠷ ᠦᠰᠦᠨ ᠪᠣᠶᠢᠵᠢᠬᠤ ᠳᠤ ︽ᠭᠡᠷᠡᠯ ᠢᠯᠴᠢ︾ ᠎ ᠶᠢᠨ ᠨᠥᠬᠦᠴᠡᠯ ᠬᠠᠩᠭᠠᠵᠤ ᠪᠠᠶᠢᠳᠠᠭ᠃      ᠰᠤᠷᠤᠬᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠪᠠᠲᠤᠯᠠᠬᠤ ᠪᠣᠯ ᠰᠤᠷᠭᠠᠨ ᠬᠥᠮᠦᠵᠢᠯ ᠤᠨ ᠴᠢᠬᠤᠯᠠ ᠪᠦᠷᠢᠯᠳᠦᠭᠦᠨ ᠮᠥᠨ᠃ ᠪᠡᠭᠡᠵᠢᠩ ᠤᠨ ᠠᠨ ᠳ᠋ᠢᠩ ᠡᠮᠨᠡᠯᠭᠡ ᠶᠢᠨ ᠬᠤᠷᠢᠶᠠᠨ ᠤ ᠬᠡᠦᠬᠡᠳ ᠤᠨ ᠣᠶᠤᠨ ᠮᠡᠳᠡᠷᠡᠯ ᠤᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯᠲᠡᠨ ᠵᠧᠩ ᠢ᠄ ︽ᠰᠤᠷᠭᠠᠭᠤᠯᠢ ᠶᠢᠨ ᠠᠮᠢᠳᠤᠷᠠᠯ ᠪᠣᠯ ᠬᠡᠦᠬᠡᠳ ᠤᠨ ᠰᠡᠳᠬᠢᠴᠡ ᠶᠢᠨ ᠪᠠᠶᠢᠳᠠᠯ ᠢ ᠨᠥᠯᠥᠭᠡᠯᠡᠬᠦ‍ ᠨᠢᠭᠡ ᠶᠡᠭᠡ ᠬᠦᠴᠦᠨ ᠵᠦᠢᠯ ᠮᠥᠨ᠂ ᠰᠡᠳᠬᠢᠴᠡ ᠶᠢᠨ ᠠᠰᠠᠭᠤᠳᠠᠯ ᠭᠠᠷᠤᠭᠠᠳ ᠣᠨᠣᠰᠢᠯᠠᠨ ᠡᠮᠨᠡᠬᠦ ᠦᠭᠡᠢ ᠪᠣᠯ ᠰᠡᠳᠬᠢᠴᠡ ᠶᠢᠨ ᠡᠪᠡᠳᠴᠢᠨ ᠡᠮᠭᠡᠭ ᠲᠤ ᠨᠡᠷᠪᠡᠭᠳᠡᠬᠦ ᠪᠣᠯᠣᠮᠵᠢ ᠲᠠᠢ᠃ ᠢᠩᠭᠢᠬᠦ ᠳᠤ ᠭᠦᠷᠪᠡᠯ ᠬᠢᠷᠢ ᠪᠦᠲᠦᠮᠵᠢ ᠨᠢ ᠬᠡᠳᠦᠢ ᠰᠠᠶᠢᠨ ᠪᠠᠶᠢᠯ᠎ᠠ ᠴᠤ ᠭᠡᠰᠡᠨ ᠦᠨᠳᠦᠰᠦ ᠨᠢ ᠬᠤᠷᠣᠬᠠᠶᠢᠲᠤᠭᠰᠠᠨ ᠮᠣᠳᠣ ᠰᠢᠭ᠋ ᠪᠠᠶᠢᠳᠠᠭ᠃ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠤ ᠲᠠᠰᠤᠷᠠᠯᠲᠠ ᠦᠭᠡᠢ ᠲᠠᠰ ᠳᠡᠪᠰᠢᠬᠦ ᠶᠢ ᠳᠠᠭᠠᠯᠳᠤᠨ᠂ ᠤᠯᠤᠰ ᠠᠴᠠ ᠰᠤᠷᠤᠬᠴᠢᠳ ᠤᠨ ᠰᠡᠳᠬᠢᠴᠡ ᠶᠢᠨ ᠵᠢᠯᠣᠭᠤᠳᠤᠯᠭ᠎ᠠ ᠶᠢ ᠴᠢᠩᠭᠠᠳᠬᠠᠬᠤ ᠪᠠ ︿ᠬᠤᠶᠠᠷ ᠢ ᠬᠥᠩᠭᠡᠷᠡᠭᠦᠯᠬᠦ﹀ ᠵᠡᠷᠭᠡ ᠲᠠᠯ᠎ᠠ ᠪᠠᠷ ᠠᠯᠢ ᠣᠯᠠᠨ ᠠᠷᠭ᠎ᠠ ᠬᠡᠮᠵᠢᠶ᠎ᠡ ᠲᠣᠭᠲᠠᠭᠠᠵᠤ᠂ ᠬᠢᠴᠢᠶᠡᠯ ᠤᠨ ᠲᠠᠩᠬᠢᠮ ᠢ ᠨᠠᠩ ᠠᠭᠤᠵᠢᠭᠤ ᠲᠠᠯᠪᠢᠭᠤ ᠪᠤᠯᠭᠠᠵᠤ᠂ ᠪᠢᠴᠢᠭ ᠤᠨ ᠪᠣᠭᠴᠣ ᠶᠢ ᠬᠥᠩᠭᠡᠷᠡᠭᠦᠯᠦᠨ᠂ ᠤᠤᠯ ᠤᠨ ᠬᠢᠴᠢᠶᠡᠯ ᠰᠤᠷᠤᠯᠭ᠎ᠠ᠂ ᠰᠢᠯᠭᠠᠯᠲᠠ ᠶᠢᠨ ᠬᠢᠷᠢ ᠪᠦᠲᠦᠮᠵᠢ ᠠᠴᠠ ᠪᠣᠯᠤᠭᠰᠠᠨ ᠰᠡᠳᠬᠢᠯ ᠤᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠦᠭᠰᠡᠨ ᠪᠠᠶᠢᠨ᠎ᠠ᠃ ᠰᠢᠯᠭᠠᠯᠲᠠ ᠶᠢᠨ ᠬᠤᠪᠢ ᠲᠠᠢ ᠬᠠᠷᠢᠴᠠᠭᠤᠯᠪᠠᠯ ᠬᠡᠦᠬᠡᠳ ᠤᠨ ᠡᠷᠡᠭᠦᠯ ᠮᠡᠨᠳᠤ ᠨᠢ ᠦᠰᠦᠨ ᠪᠤᠶᠢᠵᠢᠯᠲᠠ ᠬᠥᠭᠵᠢᠯᠲᠡ ᠶᠢᠨ ᠳᠤᠮᠳᠠ ᠨᠠᠩ ᠭᠤᠣᠯᠯᠠᠬᠤ ᠪᠠᠶᠢᠷᠢ ᠶᠢ ᠡᠵᠡᠯᠡᠳᠡᠭ ᠠᠴᠠ ᠡᠭᠦᠨ ᠢ ᠡᠷᠬᠡᠪᠰᠢ ᠴᠢᠬᠤᠯᠠᠴᠢᠯᠠᠨ ᠦᠵᠡᠬᠦ ᠬᠡᠷᠡᠭᠲᠡᠢ︾ ᠭᠡᠵᠦ ᠵᠢᠭᠠᠪᠤᠷᠢᠯᠠᠵᠠᠢ᠃      ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠣᠯ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠠᠩᠬᠠᠷᠬᠤ ᠠᠭᠤᠯᠭ᠎ᠠ ᠶᠢᠨ ᠨᠢᠭᠡ ᠪᠣᠯᠣᠨ᠎ᠠ᠃ ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ ᠢᠶᠠᠷ ᠠᠪᠴᠤ ᠬᠡᠯᠡᠭᠰᠡᠨ ᠴᠦ᠂ ᠬᠤᠭᠤᠴᠠᠭ᠎ᠠ ᠨᠢ ᠣᠬᠤᠷ ᠪᠤᠯᠪᠠᠴᠤ ᠠᠴᠢ ᠬᠤᠯᠪᠣᠭᠳᠠᠯ ᠨᠢ ᠪᠠᠭ᠎ᠠ ᠪᠤᠰᠤ ᠶᠤᠮ᠃ ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ ᠨᠢ ᠳᠥᠴᠢᠨ ᠮᠢᠨᠦ᠋ᠲ ᠤᠨ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠶᠢᠨ ᠶᠠᠳᠠᠷᠠᠭ᠎ᠠ ᠶᠢ ᠲᠠᠶᠢᠯᠤᠨ ᠲᠠᠷᠢᠬᠢ ᠎ ᠶᠢᠨ ᠰᠡᠷᠭᠦᠯᠲᠡ ᠳᠤ ᠠᠰᠢᠭᠲᠠᠢ ᠪᠠᠶᠢᠵᠤ᠂ ᠶᠠᠭ ᠬᠠᠷᠢᠮᠠᠭ ᠨᠢ ᠲᠡᠯᠡᠯᠲᠡ ᠲᠠᠢ ᠰᠤᠯᠠᠷᠠᠯ ᠲᠠᠢ ᠪᠠᠶᠢᠮᠠᠨᠵᠢᠨ ᠰᠠᠶ᠋ᠢ ᠬᠠᠷᠢᠮᠠᠬᠠᠢ ᠴᠢᠨᠠᠷ ᠢᠶᠠᠨ ᠪᠠᠲᠤᠯᠠᠵᠤ ᠴᠢᠳᠠᠳᠠᠭ ᠲᠠᠢ ᠠᠳᠠᠯᠢ᠃ ᠭᠡᠪᠡᠴᠦ ᠰᠤᠷᠭᠠᠭᠤᠯᠢ ᠪᠣᠯᠣᠨ ᠪᠠᠭᠰᠢ ᠨᠠᠷ ᠰᠠᠨᠠᠭᠠᠨ ᠳᠤ ᠦᠭᠡᠢ ᠬᠡᠷᠡᠭ ᠭᠠᠷᠬᠤ ᠠᠴᠠ ᠠᠶᠤᠵᠤ᠂ ᠡᠰᠡᠬᠦᠯ᠎ᠡ ᠲᠥᠯᠥᠪᠯᠡᠭᠡ ᠶᠣᠰᠣᠭᠠᠷ ᠬᠢᠴᠢᠶᠡᠯᠯᠡᠬᠦ ᠠᠬᠢᠴᠠ ᠪᠠᠨ ᠪᠡᠶᠡᠯᠡᠭᠦᠯᠦᠭᠰᠡᠨ ᠦᠭᠡᠢ ᠠᠴᠠ ᠪᠣᠯᠵᠤ᠂ ᠬᠢᠴᠢᠶᠡᠯ ᠤᠨ ᠵᠠᠪᠰᠠᠷᠯᠠᠭ᠎ᠠ ᠳᠤ ᠬᠡᠦᠬᠡᠳ ᠢ ᠠᠩᠭᠢ ᠶᠢᠨ ᠭᠡᠷ ᠠᠴᠠ ᠭᠠᠷᠭᠠᠬᠤ ᠦᠭᠡᠢ ᠪᠤᠶᠤ ᠰᠢᠭᠤᠳ ᠲᠠᠷᠠᠭᠠᠴᠢ ᠶᠢᠨ ᠬᠢᠴᠢᠶᠡᠯ ᠢᠶᠠᠨ ᠣᠷᠣᠳᠠᠭ ᠠᠴᠠ ᠰᠣᠷᠣᠬᠴᠢᠳ ᠠᠮᠠᠷᠠᠬᠤ ᠴᠢᠯᠦᠭᠡ ᠦᠭᠡᠢ ᠪᠣᠯᠵᠤ᠂ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠨᠥᠯᠥᠭᠡᠯᠡᠬᠦ ᠪᠠᠷ ᠪᠠᠷᠠᠬᠤ ᠦᠭᠡᠢ᠂ ᠰᠤᠷᠤᠯᠭ᠎ᠠ ᠶᠢᠨ ᠦᠷ᠎ᠡ ᠪᠦᠲᠦᠮᠵᠢ ᠶᠢ ᠴᠦ ᠳᠣᠷᠣᠭᠰᠢᠯᠠᠭᠤᠯᠳᠠᠭ᠃ ᠡᠨᠡ ᠨᠢ ᠡᠬᠢ ᠠᠳᠠᠭ ᠢ ᠲᠣᠩᠭᠤᠷᠠᠭᠤᠯᠵᠤ᠂ ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ ᠢ ᠠᠰᠢᠭᠯᠠᠬᠤ ᠨᠢ ᠶᠠᠭ ᠯᠡ ᠯᠠᠩ ᠢᠶᠠᠷ ᠣᠯᠵᠤ᠂ ᠵᠢᠩ ᠢᠶᠠᠷ ᠠᠯᠳᠠᠵᠤ ᠪᠠᠶᠢᠭ᠎ᠠ ᠶᠠᠪᠤᠳᠠᠯ ᠪᠣᠯᠣᠨ᠎ᠠ᠃ ᠡᠶᠢᠮᠦ ᠠᠴᠠ ᠬᠡᠦᠬᠡᠳ ᠲᠤ ᠳᠤᠷ᠎ᠠ ᠲᠠᠪᠠ ᠪᠠᠷ ᠢᠶᠠᠨ ᠭᠦᠶᠦᠬᠦ᠂ ᠪᠠᠶᠠᠷ ᠭᠦᠷ ᠲᠠᠢ ᠪᠠᠷ ᠬᠥᠳᠡᠯᠭᠡᠭᠡᠨ ᠬᠢᠬᠦ ᠴᠠᠭ ᠢ ᠪᠤᠴᠠᠭᠠᠨ ᠥᠭᠴᠦ᠂ ᠰᠤᠷᠤᠯᠴᠠᠵᠤ ᠠᠮᠠᠷᠠᠬᠤ ᠶᠢ ᠤᠶᠠᠯᠳᠤᠭᠤᠯᠬᠤ᠂ ᠲᠠᠷᠢᠬᠢ ᠲᠣᠯᠣᠭᠠᠢ ᠪᠠᠨ ᠠᠮᠠᠷᠠᠭᠤᠯᠬᠤ ᠳᠤ ᠲᠣᠬᠢᠷᠠᠮᠵᠢᠲᠠᠢ ᠲᠣᠭᠢᠶᠠᠯ ᠣᠯᠭᠤᠬᠤ ᠨᠢ ᠰᠤᠷᠤᠬᠴᠢᠳ ᠤᠨ ᠰᠤᠷᠤᠯᠴᠠᠯᠭ᠎ᠠ ᠳᠤ ᠨᠡᠩ ᠠᠰᠢᠭᠲᠠᠢ ᠶᠤᠮ᠃      ᠪᠦᠭᠦ ᠲᠠᠯ᠎ᠠ ᠪᠠᠷ ᠬᠥᠭᠵᠢᠭᠦᠯᠬᠦ ᠪᠣᠯ ᠰᠤᠷᠭᠠᠨ ᠬᠥᠮᠦᠵᠢᠯ ᠤᠨ ᠵᠠᠩᠭᠢᠯᠠᠭ᠎ᠠ ᠶᠢᠨ ᠬᠠᠷᠠᠯᠲᠠ ᠮᠥᠨ᠃ ᠣᠳᠣᠬᠠᠨ ᠳᠤ᠂ ᠤᠯᠠᠩᠭᠢ ᠰᠤᠷᠭᠠᠭᠤᠯᠢ ᠨᠢ ᠰᠤᠷᠤᠬᠴᠢᠳ ᠤᠨ ᠪᠦᠭᠦ ᠲᠠᠯ᠎ᠠ ᠶᠢᠨ ᠬᠥᠭᠵᠢᠯᠲᠡ ᠶᠢ ᠴᠢᠬᠤᠯᠠᠴᠢᠯᠠᠵᠤ ᠪᠠᠶᠢᠨ᠎ᠠ᠃ 2016 ᠣᠨ ᠳᠤ ᠰᠤᠷᠭᠠᠨ ᠬᠥᠮᠦᠵᠢᠯ ᠤᠨ ᠶᠠᠮᠤᠨ ᠵᠡᠷᠭᠡ 11 ᠰᠠᠯᠠᠭ᠎ᠠ ᠮᠥᠴᠢᠷ ᠤᠨ ᠬᠢᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠵᠤᠭᠠᠴᠠᠬᠤ ᠶᠢᠨ ᠳᠠᠭᠠᠤ ᠰᠤᠷᠴᠤ ᠰᠤᠳᠤᠯᠬᠤ ᠶᠢ ᠲᠦᠯᠬᠢᠨ ᠠᠬᠢᠭᠤᠯᠬᠤ ᠲᠤᠬᠠᠢ ᠰᠠᠨᠠᠯ︾ ᠎ ᠢ ᠨᠡᠶᠢᠲᠡᠯᠡᠵᠦ᠂ ᠰᠤᠷᠤᠬᠴᠢᠳ ᠢ ᠵᠤᠭᠠᠴᠠᠬᠤ ᠶᠢᠨ ᠳᠠᠭᠠᠤ ᠦᠢᠯᠡᠳᠦᠯᠭᠡ ᠳᠤ ᠣᠷᠣᠯᠴᠠᠨ ᠰᠤᠷᠴᠤ ᠰᠤᠳᠤᠯᠬᠤ ᠶᠢ ᠵᠣᠷᠢᠭᠵᠢᠭᠤᠯᠵᠤ ᠪᠤᠢ᠃ ᠣᠶᠢᠷ᠎ᠠ ᠶᠢᠨ ᠵᠢᠯ ᠤᠳ ᠲᠤ᠂ ᠡᠯ᠎ᠡ ᠲᠦᠷᠦᠯ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭᠠᠨ ᠭᠦᠷ ᠬᠥᠭᠵᠢᠶᠡᠨ ᠲᠠᠢ ᠶᠠᠪᠤᠭᠳᠠᠵᠤ᠂ ᠬᠡᠦᠬᠡᠳ ᠬᠢᠴᠢᠶᠡᠯ ᠤᠨ ᠲᠠᠩᠭᠢᠮ ᠠᠴᠠ ᠪᠠᠨ ᠭᠠᠷᠴᠤ᠂ ᠡᠬᠡ ᠪᠠᠶᠢᠭᠠᠯᠢ ᠎ ᠲᠠᠢ ᠣᠶᠢᠷᠠᠲᠤᠨ᠂ ᠭᠦᠳᠡᠯᠮᠦᠷᠢ ᠦᠢᠯᠡᠳᠦᠯᠭᠡ ᠶᠢᠨ ᠳᠤᠮᠳᠠ ᠬᠠᠷᠠᠭ᠎ᠠ ᠪᠠᠨ ᠥᠷᠭᠡᠳᠬᠡᠬᠦ ᠪᠣᠯᠵᠠᠢ᠃ ᠨᠡᠩ ᠴᠤ ᠭᠦᠳᠡᠯᠮᠦᠷᠢ ᠶᠢᠨ ᠬᠢᠴᠢᠶᠡᠯ ᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠢᠴᠢᠶᠡᠯ ᠤᠨ ᠬᠦᠰᠦᠨᠦᠭᠲᠦ ᠳᠤ ᠣᠷᠣᠭᠤᠯᠵᠤ᠂ ᠰᠤᠷᠭᠠᠭᠤᠯᠢ ᠨᠢ ᠰᠤᠷᠤᠬᠴᠢᠳ ᠢ ᠵᠢᠯᠣᠭᠤᠳᠤᠨ ᠬᠥᠳᠡᠭᠡ ᠨᠤᠲᠤᠭ ᠢᠶᠠᠷ ᠭᠦᠨᠵᠡᠭᠡᠶᠢᠷᠡᠨ᠂ ᠲᠠᠷᠢᠶᠠᠨ ᠭᠠᠵᠠᠷ ᠲᠤ ᠴᠢᠬᠢ ᠰᠠᠭᠤᠯᠭᠠᠬᠤ᠂ ᠬᠥᠷᠥᠰᠥ ᠤᠷᠪᠠᠭᠤᠯᠤᠨ ᠨᠣᠭᠤᠭ᠎ᠠ ᠳᠠᠷᠢᠬᠤ ᠁ ᠮᠡᠲᠦ ᠶᠢᠨ ᠭᠦᠳᠡᠯᠮᠦᠷᠢ ᠶᠢᠨ ᠬᠢᠴᠢᠶᠡᠯ ᠨᠢ ᠰᠤᠷᠤᠬᠴᠢᠳ ᠤᠨ ᠰᠡᠳᠬᠢᠬᠦᠢ ᠪᠠ ᠲᠠᠨᠢᠨ ᠮᠡᠳᠡᠬᠦᠢ ᠶᠢ ᠣᠯᠠᠨ ᠲᠠᠯ᠎ᠠ ᠠᠴᠠ ᠲᠡᠭᠦᠯᠳᠡᠷᠵᠢᠭᠦᠯᠦᠨ᠂ ᠲᠡᠳᠡᠨ ᠳᠤ ᠮᠡᠳᠡᠯᠭᠡ ᠨᠢ ᠲᠠᠩ ᠭᠠᠭᠴᠠ ᠨᠣᠮ ᠪᠢᠴᠢᠭ ᠠᠴᠠ ᠢᠷᠡᠬᠦ ᠪᠢᠰᠢ᠂ ᠠᠮᠢᠳᠤᠷᠠᠯ ᠪᠣᠯ ᠲᠡᠷᠡ ᠴᠢᠭ ᠢᠶᠠᠷ ᠢᠶᠠᠨ ᠮᠡᠳᠡᠯᠭᠡ ᠶᠢᠨ ᠲᠠᠯᠠᠢ ᠪᠠᠶᠢᠵᠤ᠂ ᠰᠤᠷᠴᠤ ᠰᠤᠳᠤᠯᠬᠤ ᠵᠦᠢᠯ ᠤᠯᠠᠨ ᠪᠠᠶᠢᠭ᠎ᠠ ᠭᠡᠳᠡᠭ ᠢ ᠣᠶᠢᠯᠠᠭᠠᠭᠤᠯᠤᠭᠰᠠᠨ ᠪᠠᠶᠢᠨ᠎ᠠ᠃      ᠰᠤᠷᠭᠠᠭᠤᠯᠢ ᠶᠢᠨ ᠠᠵᠢᠯᠯᠠᠭᠠᠨ ᠨᠢᠭᠡᠪᠦᠷᠢ ᠨᠢ ᠰᠤᠷᠤᠬᠴᠢᠳ ᠤᠨ ᠦᠵᠡᠯᠲᠡ ᠲᠠᠨᠢᠯᠲᠠ ᠶᠢ ᠦᠯᠦ ᠮᠡᠳᠡᠬᠦ ᠶᠢᠨ ᠳᠤᠮᠳᠠ ᠨᠥᠯᠥᠭᠡᠯᠡᠳᠡᠭ᠃ ᠰᠤᠷᠤᠬᠴᠢᠳ ᠤᠨ ᠳᠡᠯᠡᠬᠡᠢ ᠶᠢᠷᠲᠢᠨᠴᠦ ᠪᠠ ᠥᠪᠡᠷ ᠢ ᠪᠠᠨ ᠣᠶᠢᠯᠠᠭᠠᠬᠤ ᠲᠠᠨᠢᠯᠲᠠ ᠶᠢ ᠥᠷᠭᠡᠳᠬᠡᠵᠦ᠂ ᠰᠢᠯᠢᠳᠡᠭ ᠴᠢᠳᠠᠪᠤᠷᠢᠲᠠᠨ ᠪᠤᠯᠬᠤ ᠳᠤ ᠬᠦᠴᠦᠨ ᠨᠡᠮᠡᠷᠢᠯᠡᠳᠡᠭ᠃                   ︵ᠤᠯᠠᠭᠠᠨᠬᠠᠳᠠ ᠮᠣᠩᠭᠤᠯ ᠰᠦᠯᠵᠢᠶ᠎ᠡ ᠠᠴᠠ︶
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号