︽ᠵᠠᠯᠠᠭᠤ ᠨᠠᠰᠤ ᠪᠠᠨ ᠬᠠᠮᠠᠭᠠᠯᠠᠬᠤ︾ ᠠᠷᠭ᠎ᠠ ᠤᠬᠠᠭᠠᠨ
ᠨᠡᠶᠢᠲᠡᠯᠡᠭᠰᠡᠨ ᠴᠠᠭ᠄
2024/5/28
     ᠠᠯᠢᠶ᠎ᠠ ᠲᠡᠭᠵᠢᠨ ᠪᠠᠭ᠎ᠠ ᠨᠠᠰᠤ ᠪᠤᠯᠤᠨ ᠴᠤᠬ ᠪᠠᠳᠠᠷᠠᠩᠭᠤᠢ ᠵᠠᠯᠠᠭᠤ ᠨᠠᠰᠤ ᠦᠡᠭᠭᠡᠷᠡᠨ ᠤᠳᠴᠤ ᠨᠢᠭᠤᠷ ᠴᠢᠷᠠᠢ ᠳᠤ ᠦᠯᠦ ᠮᠡᠳᠡᠭᠳᠡᠮ᠎ᠡ ᠠᠳᠤᠷᠢᠶ᠎ᠠ ᠭᠠᠷᠤᠨ᠂ ᠪᠡᠶ᠎ᠡ ᠪᠢᠯᠳᠡᠷ ᠲᠤ ᠬᠤᠪᠢᠷᠠᠯᠳᠠ ᠭᠠᠷᠬᠤ ᠦᠶᠡᠰ ᠤᠯᠠᠩᠬᠢ ᠬᠦᠮᠦᠨ ᠤᠰᠤ ᠴᠤ ᠦᠲᠡᠯᠦᠬᠦ ᠶᠤᠮ ᠪᠠᠶᠢᠨ᠎ᠠ ᠭᠡᠮᠡᠨ ᠪᠠᠴᠢᠮᠳᠠᠨ ᠰᠠᠨᠳᠤᠷᠴᠤ᠂ ᠵᠠᠷᠢᠮ ᠨᠢ ᠠᠶᠤᠵᠤ ᠰᠦᠷᠳᠡᠳᠡᠭ᠃ ᠰᠡᠳᠬᠢᠴᠡ ᠶᠢᠨ ᠤᠬᠠᠭᠠᠨᠳᠠᠨ ᠡᠨᠡᠬᠦ ᠪᠠᠶᠢᠳᠠᠯ ᠢ ᠠᠷᠭᠠᠴᠠᠭᠠᠬᠤ ᠠᠷᠭ᠎ᠠ ᠤᠬᠠᠭᠠᠨ ᠢ ᠵᠢᠭᠠᠵᠤ ᠭᠠᠷᠭᠠᠪᠠ᠃ 30 ᠨᠠᠰᠤ ᠭᠦᠷᠪᠡᠯ ᠵᠢᠰᠤ ᠦᠡᠭᠭᠡ ᠪᠠᠭᠤᠷᠠᠨ ᠬᠦᠭᠰᠢᠷᠡᠬᠦ ᠪᠠᠶᠢᠳᠠᠯ ᠢᠯᠡᠷᠡᠳᠡᠭ᠂ ᠡᠨᠡ ᠦᠶ᠎ᠠ ᠳᠤ ᠪᠡᠶ᠎ᠠ ᠪᠠᠨ ᠲᠡᠭᠰᠢᠭᠡᠨ ᠪᠠᠶᠢᠬᠤ ᠶᠢ ᠴᠢᠬᠤᠯᠴᠢᠯᠠᠵᠤ ᠦᠷᠬᠦᠯᠵᠢ ᠢᠨᠢᠶᠡᠮᠰᠦᠭᠯᠡᠬᠦ ᠶᠢ ᠡᠷᠬᠢᠮᠯᠡᠨ᠎ᠠ᠃      ᠡᠷᠡᠭᠳᠡᠢ ᠬᠦᠮᠦᠨ ᠳᠤ ᠠᠪᠤᠭᠠᠳ ᠭᠡᠯᠡᠪᠡᠯ 30 ᠨᠠᠰᠤ ᠨᠢ ᠪᠤᠶᠢᠵᠢᠵᠤ ᠬᠦᠢᠴᠡᠨ ᠤᠬᠠᠭᠠᠵᠢᠵᠤ ᠪᠤᠯᠪᠠᠰᠤᠷᠠᠨ᠂ ᠬᠠᠷᠢᠭᠤᠴᠠᠯᠭ᠎ᠠ ᠡᠬᠦᠷᠭᠡᠯᠡᠬᠦ ᠬᠤᠭᠤᠴᠠᠭ᠎ᠠ ᠪᠤᠯᠪᠠᠴᠤ᠂ ᠡᠮᠡᠭᠳᠡᠢ ᠬᠦᠮᠦᠨ ᠳᠤ ᠠᠪᠤᠭᠠᠳ ᠬᠡᠯᠡᠪᠡᠯ ᠵᠠᠯᠠᠭᠤ ᠶᠢᠨ ᠵᠢᠪᠬᠤᠭ᠎ᠠ ᠪᠤᠯᠤᠨ ᠵᠢᠰᠦ ᠦᠡᠭᠭᠡ ᠡᠬᠢᠯᠡᠵᠤ ᠪᠠᠭᠤᠷᠠᠬᠤ ᠬᠤᠭᠤᠴᠠᠭ᠎ᠠ ᠪᠤᠯᠤᠨ᠎ᠠ᠃ ᠤᠯᠠᠩᠬᠢ ᠬᠦᠮᠦᠨ᠄ ︽30 ᠨᠠᠰᠤ ᠬᠦᠷᠪᠡᠯ ᠦᠳᠡᠯᠡᠬᠦ ᠨᠢ ᠲᠦᠷᠭᠡᠨ ᠪᠤᠯᠤᠬᠰᠠᠨ ᠮᠡᠳᠦ ᠰᠠᠨᠠᠬᠳᠠᠵᠤ᠂ ᠲᠠᠷᠡᠭᠤᠯᠠᠵᠤ ᠮᠠᠷᠢᠶᠠᠯᠠᠨ᠂ ᠨᠢᠭᠤᠷ ᠴᠢᠷᠠᠢ ᠳᠤ ᠠᠳᠣᠷᠢᠶ᠎ᠠ ᠭᠠᠷᠤᠭᠠᠳ ᠶᠠᠭᠠᠬᠢᠬᠤ ᠶᠢᠨ ᠠᠷᠭ᠎ᠠ ᠦᠭᠡᠢ ᠪᠤᠯᠬᠤ ᠶᠤᠮ︾ ᠭᠡᠨ᠎ᠡ᠃ ᠨᠠᠰᠤ ᠵᠢᠯ ᠤᠨ ᠨᠡᠮᠡᠭᠳᠡᠬᠦ ᠶᠢ ᠲᠠᠭᠠᠯᠳᠤᠨ ᠵᠢᠰᠦ ᠦᠡᠭᠭᠡ ᠪᠠᠭᠤᠷᠠᠬᠰᠠᠨ ᠪᠠᠶᠢᠬᠤ ᠳᠤ ᠠᠵᠢᠯ ᠦᠢᠯᠡᠰ ᠨᠢ ᠲᠡᠮᠡᠢ ᠪᠦᠳᠦᠮᠵᠢ ᠦᠭᠡᠢ ᠪᠠᠶᠢᠳᠠᠬ ᠵᠠᠷᠢᠮ ᠨᠢ ᠪᠠᠴᠢᠮᠳᠠᠵᠤ ᠰᠠᠨᠳᠤᠷᠤᠨ᠂ ᠢᠳᠡᠪᠬᠢᠵᠢᠯ ᠨᠢ ᠪᠠᠭᠤᠷᠠᠵᠤ᠂ ᠪᠡᠶ᠎ᠡ ᠪᠠᠨ ᠭᠤᠯᠤᠬᠤ ᠭᠡᠮᠵᠢᠶᠡᠨ ᠳᠤ ᠬᠦᠷᠳᠡᠭ ᠪᠠᠶᠢᠨ᠎ᠠ᠃      ᠦᠨᠡᠨᠳᠡᠭᠡᠨ ᠭᠡᠳᠦᠢ ᠭᠤᠶᠤ ᠵᠢᠰᠦ ᠦᠡᠭᠭᠡ ᠲᠠᠢ ᠪᠠᠶᠢᠯ᠎ᠠ ᠴᠤ ᠭᠡᠰᠡᠨ ᠲᠡᠷᠡ ᠨᠢ ᠲᠦᠷ ᠴᠠᠬ ᠤᠨ ᠶᠤᠮ᠃ 30 ᠨᠠᠰᠤ ᠨᠢ ᠨᠢᠭᠡ ᠲᠠᠪᠠᠭ᠎ᠠ ᠪᠤᠯᠬᠤ ᠨᠢ ᠶᠠᠷᠢᠶᠠᠨ ᠦᠭᠡᠢ᠃ ᠡᠨᠡᠬᠦ ᠶᠤᠰᠤ ᠶᠢ ᠵᠦᠪ ᠢᠶᠠᠷ ᠲᠠᠨᠢᠨ ᠵᠤᠷᠢᠬᠳᠠᠢ ᠬᠠᠨᠳᠤᠳᠠᠬ ᠶᠤᠮ ᠪᠤᠯ ᠦᠲᠡᠯᠦᠬᠦ ᠠᠴᠠ ᠠᠶᠤᠬᠤ ᠶᠢ ᠢᠯᠠᠨ ᠲᠠᠪᠠᠵᠤ᠂ ᠠᠵᠢᠯ ᠦᠢᠯᠡᠰ ᠲᠡᠭᠡᠨ ᠠᠮᠵᠢᠯᠳᠠ ᠪᠦᠳᠦᠮᠵᠢ ᠤᠯᠵᠤ᠂ ᠡᠷᠦᠭᠡ ᠭᠡᠷ ᠎ ᠢᠶᠠᠨ ᠵᠤᠯ ᠵᠢᠷᠭᠠᠯ ᠲᠠᠢ ᠪᠤᠯᠭᠠᠵᠤ ᠴᠢᠳᠠᠨ᠎ᠠ᠃ ᠶᠡᠭᠡ ᠰᠤᠷᠭᠠᠭᠤᠯᠢ ᠶᠢᠨ ᠰᠡᠳᠬᠢᠴᠡ ᠶᠢᠨ ᠤᠬᠠᠭᠠᠨ ᠤ ᠫᠧᠷᠤᠹᠧᠰᠰᠤᠷ ︽ᠵᠠᠯᠠᠭᠤ ᠨᠠᠰᠤ ᠪᠠᠨ ᠬᠠᠮᠠᠭᠠᠯᠠᠬᠤ︾ ᠠᠷᠭ᠎ᠠ ᠤᠬᠠᠭᠠᠨ ᠢ ᠲᠤᠷᠠᠳᠤᠬᠰᠠᠨ ᠪᠠᠶᠢᠨ᠎ᠠ᠄       ᠨᠢᠭᠡ ᠳᠤ᠂ ᠪᠡᠶ᠎ᠠ ᠪᠠᠨ ᠲᠡᠭᠰᠢᠭᠡᠨ ᠪᠠᠶᠢᠯᠭᠠᠬᠤ ᠭᠡᠷᠡᠭᠳᠡᠢ᠃ ᠢᠡᠭᠬᠢᠪᠡᠯ ᠴᠤᠬ ᠵᠢᠪᠬᠤᠭ᠎ᠠ ᠲᠠᠢ ᠬᠠᠷᠠᠬᠳᠠᠵᠤ᠂ ᠪᠡᠶ᠎ᠡ ᠎ ᠳᠡᠭᠡᠨ ᠢᠳᠡᠭᠡᠯ ᠲᠠᠢ ᠪᠤᠯᠳᠠᠬ᠃       ᠬᠤᠶᠠᠷ ᠲᠤ᠂ ᠢᠨᠢᠶᠡᠮᠰᠦᠭᠯᠡᠩᠬᠦᠢ ᠪᠠᠶᠢᠬᠤ ᠭᠡᠷᠡᠭᠳᠡᠢ᠃ ᠦᠨᠡᠨ ᠰᠠᠨᠠᠭᠠᠨ ᠠᠴᠠ ᠪᠠᠨ ᠢᠨᠢᠶᠡᠮᠰᠦ᠋ᠡᠭᠬᠦᠢ ᠪᠠᠶᠢᠬᠤ ᠎ ᠨᠢ ᠣᠶᠢᠷ᠎ᠠ ᠬᠠᠪᠢ ᠶᠢᠨ ᠬᠦᠮᠦᠰ ᠢ ᠨᠦᠯᠦᠭᠡᠯᠡᠬᠦ ᠮᠦᠷᠳᠡᠭᠡᠨ ᠨᠠᠰᠤ ᠵᠢᠯ ᠤᠨ ᠵᠦᠷᠢᠶ᠎ᠠ ᠶᠢ ᠪᠠᠭᠠᠰᠬᠠᠳᠠᠬ᠃       ᠭᠤᠷᠪᠠ ᠳᠤ᠂ ᠭᠡᠵᠢᠭᠡ ᠦᠰᠦᠨ ᠤ ᠭᠡᠯᠪᠡᠷᠢ ᠪᠠᠨ ᠬᠤᠪᠢᠷᠠᠭᠤᠯᠬᠤ ᠭᠡᠷᠡᠭᠳᠡᠢ᠃ ᠴᠠᠬ ᠤᠨ ᠤᠷᠤᠰᠬᠠᠯ ᠳᠤ ᠵᠤᠬᠢᠴᠠᠭᠤᠯᠤᠨ ᠭᠡᠵᠢᠭᠡ ᠦᠰᠦ ᠪᠠᠨ ᠵᠠᠰᠠᠪᠠᠯ ᠶᠡᠭᠡᠭᠡᠨ ᠬᠤᠪᠢᠷᠠᠯᠳᠠ ᠲᠠᠢ ᠪᠤᠯᠤᠨ᠎ᠠ᠃       ᠲᠦᠷᠪᠡ ᠳᠤ᠂ ᠲᠠᠮᠠᠬᠢ ᠲᠠᠳᠠᠬᠤ ᠪᠠᠨ ᠴᠡᠭᠡᠷᠯᠡᠨ ᠠᠷᠢᠬᠢ ᠤᠤᠭᠤᠬᠤ ᠪᠠᠨ ᠪᠠᠭᠠᠰᠬᠠᠬᠤ ᠭᠡᠷᠡᠭᠳᠡᠢ᠃ ᠲᠠᠮᠠᠬᠢ ᠲᠠᠳᠠᠵᠤ ᠠᠷᠢᠬᠢ ᠤᠤᠭᠤᠬᠤ ᠨᠢ ᠬᠦᠮᠦᠨ ᠢ ᠠᠮᠠᠷᠬᠠᠨ ᠦᠲᠡᠯᠦᠭᠦᠯᠳᠡᠭ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号