2024 ᠣᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠡᠢ
ᠨᠡᠶᠢᠲᠡᠯᠡᠭᠰᠡᠨ ᠴᠠᠭ᠄
2024/5/28
     4 ᠳ᠋ᠦ᠋ᠭᠡᠷ ᠰᠠᠷ᠎ᠠ ᠶᠢᠨ 18 ᠡᠳᠦᠷ᠂ ᠰᠢᠨᠡᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ 2024 ᠣᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠡᠢ᠃
      ᠬᠤᠷᠠᠯ ᠢ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠲᠢᠶᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠭᠢᠯᠡᠭᠴᠢ ᠡᠷᠭᠢᠯᠡᠵᠡᠢ᠃ ᠬᠤᠷᠠᠯ ᠠᠴᠠ ᠲᠦᠷᠦᠭᠦᠦ ᠵᠢᠯ ᠤᠨ ᠨᠠᠨᠲᠢᠶᠠᠨ ᠨᠡᠶᠢᠭᠡᠮ ᠲᠣᠭᠤᠷᠢᠭ ᠪᠣᠯᠣᠨ ᠡᠯ᠎ᠡ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠨᠢᠭᠡᠴᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠬᠦ ᠶᠢᠨ ᠬᠠᠮᠲᠤ᠂ ᠨᠠᠮ ᠤᠨ ᠪᠠᠶᠢᠭᠤᠯᠤᠯᠲᠠ ᠶᠢᠨ ᠡᠯ᠎ᠡ ᠪᠠᠶᠢᠭᠤᠯᠭ᠎ᠠ ᠲᠠᠢ ᠠᠭᠤᠰᠤᠯᠴᠠᠭᠰᠠᠨ ᠨᠢᠭᠡᠴᠢ ᠨᠡᠶᠢᠭᠡᠮ ᠲᠣᠭᠤᠷᠢᠭ ᠤᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠪᠡ᠃ ᠳᠠᠷᠠᠭ᠎ᠠ ᠨᠢ᠂ ᠡᠯ᠎ᠡ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠨᠢᠭᠡᠴᠢ ᠨᠡᠶᠢᠭᠡᠮ ᠲᠣᠭᠤᠷᠢᠭ ᠯᠤᠭ᠎ᠠ ︽ᠬᠠᠮᠲᠤᠪᠠᠷ ᠪᠠᠶᠢᠭᠤᠯᠬᠤ ᠵᠥᠪᠯᠡᠯᠴᠡᠭᠡᠷ ᠤᠨ ᠪᠢᠴᠢᠭ︾ ᠲᠣᠭᠲᠠᠬᠤ ᠶᠢᠨ ᠬᠠᠮᠲᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠬᠠᠮᠲᠤᠪᠠᠷ ᠪᠠᠶᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠭᠤᠣᠯᠯᠠᠭᠤᠯᠤᠨ ᠢᠳᠡᠪᠬᠢᠲᠡᠢ ᠪᠠᠷ ᠶᠠᠷᠢᠯᠴᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ ᠨᠢᠭᠡ ᠬᠤᠣᠰ ᠨᠢᠭᠡ ᠬᠠᠪᠰᠤᠷᠤᠨ ᠲᠡᠳᠬᠦᠬᠦ ᠨᠠᠷᠢᠨ ᠬᠠᠭᠤᠳᠠᠰᠤ ︽ᠭᠤᠷᠪᠠᠨ ᠨᠠᠷᠢᠨ ᠬᠠᠭᠤᠳᠠᠰᠤ︾᠎ ᠶᠢ ᠢᠳᠡᠪᠬᠢᠲᠡᠢ ᠲᠠᠨᠢᠵᠤ ᠠᠪᠬᠤ ᠬᠡᠷᠡᠭᠲᠡᠢ᠃ ᠲᠤᠰ ᠤᠳᠠᠭᠠᠨ ᠤ ᠬᠠᠮᠲᠤᠷᠠᠭᠰᠠᠨ ᠬᠤᠷᠠᠯ ᠤᠨ ᠬᠤᠷᠠᠯᠳᠤᠭᠰᠠᠨ ᠨᠢ ᠨᠠᠠᠲ᠋ᠢᠶᠠᠨ ᠨᠡᠶᠢᠭᠡᠮ ᠲᠣᠭᠤᠷᠢᠭ ᠤᠨ ︽ᠨᠠᠮ ᠤᠨ ᠪᠠᠶᠢᠭᠤᠯᠤᠯᠲᠠ + ᠳᠥᠷᠪᠡᠨ ᠵᠠᠰᠠᠯᠲᠠ ᠶᠢ ᠠᠭᠤᠰᠤᠯᠴᠠᠭᠤᠯᠬᠤ︾᠎ ᠶᠢᠨ ᠨᠡᠶᠢᠭᠡᠮ ᠲᠣᠭᠤᠷᠢᠭ ᠤᠨ ᠵᠠᠰᠠᠨ ᠴᠡᠭᠴᠡᠯᠡᠬᠦ ᠬᠡᠪ ᠵᠠᠭᠪᠤᠷ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ︽ᠳᠥᠷᠪᠡᠨ ᠵᠠᠰᠠᠯᠲᠠ ᠬᠦᠴᠦ ᠪᠠᠨ ᠬᠠᠮᠲᠤᠳᠬᠠᠭᠰᠠᠨ ᠠᠮᠤᠷ ᠠᠮᠤᠭᠤᠯᠠᠩ ᠭᠤᠳᠤᠮᠵᠢ︾᠎ ᠶᠢᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠷᠥᠯ ᠲᠡᠮᠳᠡᠭ ᠢ ᠲᠠᠰᠤᠷᠠᠯᠲᠠ ᠦᠭᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ ᠬᠤᠶᠢᠰᠢᠳᠠ ᠶᠢᠨ ᠠᠵᠢᠯ ᠳᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠦᠷᠭᠦᠯᠵᠢᠯᠡᠨ ᠨᠠᠮ ᠤᠨ ᠪᠠᠶᠢᠭᠤᠯᠤᠯᠲᠠ ᠲᠠᠢ ᠤᠶᠠᠯᠳᠤᠭᠤᠯᠬᠤ ᠪᠠᠷ ᠬᠤᠯᠪᠣᠭᠠᠰᠤ ᠪᠤᠯᠭᠠᠵᠤ᠂ ᠬᠠᠷᠢᠯᠴᠠᠨ ᠬᠤᠯᠪᠣᠯᠴᠠᠬᠤ ᠪᠠᠷ ᠭᠠᠷᠳᠠᠴᠠ ᠪᠣᠯᠭᠠᠨ᠂ ᠰᠢᠨ᠎ᠡ ᠶᠢ ᠡᠭᠦᠳᠬᠦ ᠠᠵᠢᠯ ᠤᠨ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠬᠡᠷᠡᠭᠴᠡᠭᠡ ᠱᠠᠭᠠᠷᠳᠠᠯᠭ᠎ᠠ ᠪᠣᠯᠣᠨ ᠡᠬᠢ ᠪᠠᠶᠠᠯᠢᠭ ᠤᠨ ᠪᠦᠲᠦᠮᠵᠢᠲᠡᠢ ᠵᠣᠯᠭᠠᠯᠴᠠᠭ᠎ᠠ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠳᠠᠯ ᠢ ᠬᠦᠴᠦ ᠬᠠᠮᠲᠤᠳᠬᠠᠨ ᠡᠬᠢᠯᠡᠭᠦᠯᠦᠨ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号