ᠠᠯᠠᠱᠠ ᠵᠡᠭᠦᠨ ᠬᠤᠰᠢᠭᠤᠨ ᠤ ᠮᠡᠷᠭᠡᠵᠢᠯ ᠤᠨ ᠴᠣᠯᠠ ᠰᠢᠯᠭᠠᠷᠠᠭᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/28
           ᠨᠢᠭᠡ᠂ 2024 ᠣᠨ ᠳᠤ ᠠᠯᠠᠱᠠ ᠵᠡᠭᠦᠨ ᠬᠤᠰᠢᠭᠤᠨ ᠤ ᠮᠡᠷᠭᠡᠵᠢᠯ ᠤᠨ ᠴᠣᠯᠠ ᠮᠡᠳᠡᠭᠦᠯᠬᠦ ᠪᠣᠳᠠᠲᠠᠶ ᠴᠠᠭ ᠎ ᠨᠢ ᠬᠡᠵᠢᠶ᠎ᠡ ᠪᠣᠶ︖᠎       1. ᠡᠨᠡ ᠵᠢᠯ ᠤᠨ ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠮᠡᠳᠡᠭᠦᠯᠬᠦ ᠠᠵᠢᠯ ᠢ ᠵᠡᠷᠭᠡᠪᠡᠷ ᠶᠠᠪᠤᠭᠳᠠᠭᠤᠯᠤᠨ᠎ᠠ᠂ ᠮᠡᠳᠡᠭᠦᠯᠬᠦ ᠴᠠᠭ᠄  6 ᠳ᠋ᠤᠭᠠᠷ ᠰᠠᠷ᠎ᠠ ᠶᠢᠨ 14᠎ ᠤ ᠡᠳᠦᠷ ᠠᠴᠠ ᠡᠮᠦᠨ᠎ᠡ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ᠂ ︽ᠬᠠᠨᠳᠤᠯᠭ᠎ᠠ ᠲᠠᠢ ᠪᠠᠷ ᠦᠨᠡᠯᠡᠬᠦ᠂ ᠬᠠᠨᠳᠤᠯᠭ᠎ᠠ ᠲᠠᠢ ᠪᠠᠷ ᠬᠡᠷᠡᠭᠯᠡᠬᠦ︾᠎  ᠦᠨᠳᠦᠰᠦᠨ ᠱᠠᠲᠤᠨ ᠤ ᠥᠨᠳᠥᠷ ᠵᠡᠷᠭᠡ ᠶᠢᠨ ᠮᠡᠷᠭᠡᠵᠢᠯ ᠤᠨ ᠴᠣᠯᠠ ︵᠎  ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠶᠳᠪᠦᠷᠢᠯᠡᠬᠦ ᠥᠬᠡᠶ︶᠎ ᠎ ᠶᠢ ᠪᠠᠭᠲᠠᠭᠠᠭᠰᠠᠨ ᠪᠥᠬᠦ ᠬᠤᠰᠢᠭᠤᠨ ᠤ ᠵᠣᠬᠢᠶᠠᠨ ᠪᠠᠶᠢᠭᠤᠯᠤᠯᠲᠠ ᠶᠢᠨ ᠮᠡᠳᠡᠭᠦᠯᠬᠦ ᠠᠵᠢᠯ ᠢ ᠳᠠᠭᠤᠰᠬᠠᠨ᠎ᠠ᠃      2. ᠰᠢᠯᠭᠠᠨ ᠦᠨᠡᠯᠡᠬᠦ ᠶᠢ ᠰᠢᠷᠢᠰ ︵᠎  ᠲᠤᠰᠬᠠᠶ ᠮᠡᠷᠭᠡᠵᠢᠯ︶᠎ ᠎ ᠤᠨ ᠮᠡᠷᠭᠡᠵᠢᠯ ᠤᠨ ᠴᠣᠯᠠ ᠮᠡᠳᠡᠭᠦᠯᠬᠦ ᠴᠠᠭ ᠢ ᠤᠶᠠᠯᠳᠤᠭᠤᠯᠤᠨ ᠳᠡᠭᠡᠳᠦ ᠵᠡᠷᠭᠡ ᠶᠢᠨ ᠰᠢᠯᠭᠠᠷᠠᠭᠤᠯᠬᠤ ᠺᠣᠮᠢᠰ ᠤᠨ ᠵᠣᠬᠢᠶᠠᠨ ᠪᠠᠶᠢᠭᠤᠯᠤᠭᠰᠠᠨ ᠨᠢᠭᠡᠴᠡ ᠶᠢᠨ ᠪᠠᠭᠤᠯᠭᠠᠭᠰᠠᠨ ᠣᠨ ᠤ ᠰᠢᠯᠭᠠᠷᠠᠭᠤᠯᠬᠤ ᠠᠵᠢᠯ ᠤᠨ ᠮᠡᠳᠡᠭᠳᠡᠯ ᠤᠨ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠨ᠎ᠠ᠃      ᠬᠤᠶᠠᠷ᠂ ᠮᠡᠷᠭᠡᠵᠢᠯ ᠤᠨ ᠴᠣᠯᠠ ᠮᠡᠳᠡᠭᠦᠯᠬᠦ ᠮᠠᠲ᠋ᠧᠷᠢᠶᠠᠯ ᠤᠨ ᠬᠢᠷᠢ ᠬᠡᠮ ᠢ ᠪᠤᠳᠤᠬᠤ ᠡᠴᠦᠰ ᠤᠨ ᠬᠤᠭᠤᠴᠠᠭ᠎ᠠ ᠶᠢ ᠬᠡᠷᠬᠢᠨ ᠪᠤᠳᠤᠬᠤ ᠪᠤᠢ︖᠎       ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠮᠡᠳᠡᠭᠦᠯᠦᠭᠰᠡᠨ ᠰᠤᠷᠤᠯᠭ᠎ᠠ ᠶᠢᠨ ᠨᠠᠮᠲᠠᠷ᠂ ᠬᠢᠷᠢ ᠬᠡᠮ᠂ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ᠂ ᠠᠵᠢᠯ ᠤᠨ ᠠᠮᠵᠢᠯᠲᠠ ᠪᠦᠲᠦᠮᠵᠢ ︵᠎  ᠥᠭᠦᠯᠡᠯ᠂ ᠱᠠᠩᠨᠠᠯ᠂ ᠢᠷᠠᠭᠤ ᠠᠯᠳᠠᠷ ᠵᠡᠷᠭᠡ︶᠎ ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠢᠨᠠᠨ ᠰᠢᠯᠭᠠᠬᠤ ᠺᠠᠷᠲ ᠤᠨ ᠳᠠᠭᠤᠰᠬᠤ ᠴᠠᠭ ᠨᠢ ᠲᠤᠬᠠᠶ ᠶᠢᠨ ᠵᠢᠯ ᠤᠨ ᠮᠡᠷᠭᠡᠵᠢᠯ ᠤᠨ ᠴᠣᠯᠠ ᠮᠡᠳᠡᠭᠦᠯᠬᠦ ᠶᠢᠨ ᠳᠠᠭᠤᠰᠬᠤ ᠴᠠᠭ ᠪᠣᠯᠤᠨ᠎ᠠ᠃      ᠭᠤᠷᠪᠠ᠂ ᠮᠡᠷᠭᠡᠵᠢᠯ ᠤᠨ ᠴᠣᠯᠠ ᠬᠢᠨᠠᠨ ᠲᠣᠭᠲᠠᠭᠠᠯᠭᠠᠬᠤ ᠪᠠᠷ ᠮᠡᠳᠡᠭᠦᠯᠬᠦ ᠬᠦᠷᠢᠶ᠎ᠡ ᠬᠡᠪᠴᠢᠶ᠎ᠡ ᠨᠢ ᠶᠠᠭᠤ ᠪᠤᠢ ︖᠎       1.ᠮᠡᠳᠡᠭᠦᠯᠦᠭᠰᠡᠳ ᠨᠢ ᠲᠤᠰ ᠨᠢᠭᠡᠴᠢ ᠶᠢᠨ ᠢᠶᠠᠨ ᠠᠵᠢᠯ ᠳᠤ ᠪᠠᠶᠢᠭ᠎ᠠ ᠠᠵᠢᠯᠳᠠᠨ ᠪᠠᠶᠢᠬᠤ ᠬᠡᠷᠡᠭᠲᠡᠶ᠃ ᠠᠯᠪᠠᠲᠠᠨ ︵᠎  ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠬᠥᠮᠦᠰ ᠢ ᠪᠠᠭᠲᠠᠭᠠᠨ᠎ᠠ︶᠎  ᠪᠣᠯᠤᠨ ᠠᠵᠢᠯ ᠎ ᠠᠴᠠ ᠪᠠᠨ ᠰᠠᠯᠵᠤ ᠠᠮᠠᠷᠠᠭᠰᠠᠨ ᠪᠠ ᠠᠵᠢᠯ ᠎ ᠠᠴᠠ ᠪᠠᠨ ᠪᠠᠭᠤᠵᠤ ᠠᠮᠠᠷᠠᠭᠰᠠᠨ ᠬᠥᠮᠦᠰ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠬᠤ ᠪᠠᠷ ᠮᠡᠳᠡᠭᠦᠯᠵᠦ ᠪᠣᠯᠬᠤ ᠥᠬᠡᠶ᠃      2. ᠠᠵᠢᠯ ᠦᠶᠯᠡᠰ ᠤᠨ ᠨᠢᠭᠡᠴᠡ ᠶᠢᠨ ᠠᠵᠢᠯᠲᠠᠨ ᠤᠰᠤᠯ ᠲᠡᠮᠳᠡᠭᠯᠡᠬᠦ ᠠᠴᠠ ᠳᠡᠭᠡᠭᠰᠢ ᠰᠢᠢᠳᠬᠡᠯ ᠣᠯᠤᠭᠰᠠᠨ ᠪᠠᠶᠢᠪᠠᠯ᠂ ᠰᠢᠢᠳᠬᠡᠯ ᠣᠯᠤᠭᠰᠠᠨ ᠬᠤᠭᠤᠴᠠᠭᠠᠨ ᠳᠠᠭᠠᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠬᠤ ᠪᠠᠷ ᠮᠡᠳᠡᠭᠦᠯᠵᠦ ᠪᠣᠯᠬᠤ ᠥᠬᠡᠶ᠃      3. ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ᠂ ᠭᠠᠳᠠᠭᠠᠳᠤ ᠶᠢᠨ ᠬᠠᠷᠢᠶ᠎ᠠ ᠲᠠᠢ ᠬᠥᠮᠦᠰ᠂ ᠨᠥᠬᠦᠴᠡᠯ ᠳᠤ ᠨᠡᠶᠢᠴᠡᠬᠦ ᠳᠡᠭᠡᠳᠦ ᠮᠡᠷᠭᠡᠵᠢᠯ ᠤᠨ ᠴᠢᠳᠠᠪᠤᠷᠢᠲᠠᠨ᠂ ᠴᠢᠯᠥᠭᠡᠲᠦ ᠠᠵᠢᠯᠲᠠᠨ ᠪᠠ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠵᠦ ᠪᠣᠯᠤᠨ᠎ᠠ᠃      ᠳᠥᠷᠪᠡ᠂ ᠪᠦᠬᠦᠯᠢ ᠡᠳᠦᠷ ᠤᠨ ᠳᠦᠷᠢᠮᠲᠦ ᠪᠠ ᠪᠦᠬᠦᠯᠢ ᠡᠳᠦᠷ ᠤᠨ ᠳᠦᠷᠢᠮᠲᠦ ᠪᠤᠰᠤ ᠰᠤᠷᠤᠯᠭ᠎ᠠ ᠶᠢᠨ ᠨᠠᠮᠲᠠᠷ ᠢ ᠮᠡᠷᠭᠡᠵᠢᠯ ᠤᠨ ᠴᠣᠯᠠ ᠮᠡᠳᠡᠭᠦᠯᠬᠦ ᠦᠶ᠎ᠡ ᠳᠤ ᠢᠯᠭᠠᠭ᠎ᠠ ᠲᠠᠢ ᠦᠦ︖᠎       ᠢᠯᠭᠠᠭ᠎ᠠ ᠦᠭᠡᠢ᠃ ᠪᠦᠬᠦᠯᠢ ᠡᠳᠦᠷ ᠢᠶᠠᠷ ᠠᠵᠢᠯᠯᠠᠬᠤ ᠪᠤᠰᠤ ᠳᠦᠷᠢᠮᠲᠦ ᠰᠤᠷᠤᠯᠭ᠎ᠠ ᠶᠢᠨ ᠨᠠᠮᠲᠠᠷ ᠬᠢᠭᠡᠳ ᠪᠦᠬᠦᠯᠢ ᠡᠳᠦᠷ ᠢᠶᠠᠷ ᠠᠵᠢᠯᠯᠠᠬᠤ ᠳᠦᠷᠢᠮᠲᠦ ᠰᠤᠷᠤᠯᠭ᠎ᠠ ᠶᠢᠨ ᠨᠠᠮᠲᠠᠷ ᠲᠠᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠬᠢᠭᠡᠳ ᠠᠳᠠᠯᠢ ᠲᠠᠰ ᠳᠠᠪᠬᠤᠷᠭ᠎ᠠ ᠶᠢᠨ ᠡᠩ ᠤᠨ ᠰᠤᠷᠭᠠᠭᠤᠯᠢ ᠲᠡᠭᠦᠰᠦᠭᠰᠡᠳ ᠤᠨ ᠮᠡᠷᠭᠡᠵᠢᠯ ᠤᠨ ᠴᠣᠯᠠ ᠰᠢᠯᠭᠠᠷᠠᠭᠤᠯᠬᠤ ᠲᠠᠯ᠎ᠠ ᠪᠠᠷ ᠠᠳᠠᠯᠢᠬᠠᠨ ᠬᠠᠷᠠᠭᠠᠯᠵᠠᠯ ᠭᠥᠷᠳᠡᠨ᠎ᠡ᠃      ᠲᠠᠪᠤ᠂ ᠮᠡᠷᠭᠡᠵᠢᠯ ᠤᠨ ᠴᠣᠯᠠ ᠮᠡᠳᠡᠭᠦᠯᠬᠦ ᠳᠤ ᠰᠣᠷᠣᠭᠰᠠᠨ ᠲᠤᠰᠬᠠᠶ ᠮᠡᠷᠭᠡᠵᠢᠯ ᠤᠨ ᠢᠶᠠᠨ ᠲᠤᠬᠠᠶ ᠶᠠᠮᠠᠷ ᠲᠣᠭᠲᠠᠭᠠᠯ ᠲᠠᠢ ᠪᠤᠢ︖᠎       ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠠᠮᠢᠳᠤᠷᠠᠯ ᠤᠨ ᠡᠷᠡᠭᠦᠯ ᠮᠡᠨᠳᠦ ᠳᠤ ᠬᠤᠯᠪᠣᠭᠳᠠᠬᠤ ᠰᠢᠷᠢᠰ ᠪᠠ ᠲᠤᠰᠬᠠᠶ ᠮᠡᠷᠭᠡᠵᠢᠯ ᠠᠴᠠ ᠭᠠᠳᠠᠨ᠎ᠠ᠂ ᠲᠤᠰᠬᠠᠶ ᠮᠡᠷᠭᠡᠵᠢᠯ ᠡᠷᠭᠢᠯᠡᠬᠦ ᠪᠠ ᠰᠣᠷᠣᠭᠰᠠᠨ ᠲᠤᠰᠬᠠᠶ ᠮᠡᠷᠭᠡᠵᠢᠯ ᠨᠢ ᠨᠢᠭᠡᠳᠦᠯ ᠥᠬᠡᠶ ᠪᠠᠶᠢᠪᠠᠯ᠂ ᠲᠣᠰ ᠬᠥᠮᠦᠨ ᠤ ᠣᠷᠳᠣ ᠬᠤᠭᠤᠴᠠᠭ᠎ᠠ ᠪᠠᠷ ᠲᠤᠰᠬᠠᠶ ᠮᠡᠷᠭᠡᠵᠢᠯ ᠡᠷᠭᠢᠯᠡᠵᠦ ᠮᠡᠷᠭᠡᠵᠢᠯ ᠤᠨ ᠴᠣᠯᠠ ᠮᠡᠳᠡᠭᠦᠯᠬᠦ ᠶᠢ ᠵᠥᠪᠰᠢᠶᠡᠷᠡᠨ᠎ᠡ᠃ ᠪᠣᠳᠠᠲᠠᠶ ᠪᠠᠷ ᠲᠣᠰ ᠰᠢᠷᠢᠰ ︵᠎  ᠲᠤᠰᠬᠠᠶ ᠮᠡᠷᠭᠡᠵᠢᠯ︶᠎ ᠎ ᠤᠨ ᠬᠢᠨᠠᠨ ᠲᠣᠭᠲᠠᠭᠠᠬᠤ ᠨᠥᠬᠦᠴᠡᠯ ᠪᠠ ᠲᠣᠰ ᠰᠢᠷᠢᠰ ︵᠎  ᠲᠤᠰᠬᠠᠶ ᠮᠡᠷᠭᠡᠵᠢᠯ︶᠎ ᠎ ᠤᠨ ᠣᠨ ᠤ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠠᠵᠢᠯ ᠤᠨ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃      ᠵᠢᠷᠭᠤᠭ᠎ᠠ᠂ ᠡᠯ᠎ᠡ ᠰᠢᠷᠢᠰ ︵᠎  ᠲᠤᠰᠬᠠᠶ ᠮᠡᠷᠭᠡᠵᠢᠯ︶᠎ ᠎ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ ᠢ ᠬᠡᠷᠬᠢᠨ ᠪᠠᠶᠢᠴᠠᠭᠠᠨ ᠦᠵᠡᠬᠦ ᠪᠣᠶ︖᠎       ᠡᠯ᠎ᠡ ᠰᠢᠷᠢᠰ ︵᠎  ᠲᠤᠰᠬᠠᠶ ᠮᠡᠷᠭᠡᠵᠢᠯ︶᠎ ᠎ ᠤᠨ ᠬᠢᠨᠠᠨ ᠲᠣᠭᠲᠠᠭᠠᠬᠤ ᠨᠥᠬᠦᠴᠡᠯ ᠢ ᠴᠥᠮ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠠᠴᠠ ᠪᠠᠶᠢᠴᠠᠭᠠᠨ ᠦᠵᠡᠵᠦ ᠪᠣᠯᠤᠨ᠎ᠠ᠃ ᠪᠠᠶ ᠳ᠋ᠦ᠋ ︽ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢᠨ ᠠᠯᠪᠠᠨ ᠤ ᠰᠦᠯᠵᠢᠶ᠎ᠡ︾᠎ ᠎ ᠶᠢ ᠬᠠᠶᠢᠬᠤ ᠪᠤᠶᠤ ᠰᠦᠯᠵᠢᠶᠡᠨ ᠤ ᠬᠠᠶ᠋ᠢᠭ ︵᠎  https://www.nmgrck.cn/︶᠎ ᠎ ᠢ ᠣᠷᠣᠭᠤᠯᠵᠤ᠂ ᠲᠦᠷᠦᠭᠦᠤ ᠨᠢᠭᠤᠷ ᠲᠤ ᠣᠷᠣᠭᠤᠯᠤᠨ᠎ᠠ — ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠪᠴᠢᠳᠠᠨ᠎ᠠ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠨᠥᠬᠦᠴᠡᠯ ᠢ ᠲᠣᠪᠴᠢᠳᠠᠨ᠎ᠠ᠃      ᠲᠤᠯᠤᠭ᠎ᠠ᠂ ᠮᠡᠳᠡᠭᠦᠯᠬᠦ ᠮᠠᠲ᠋ᠧᠷᠢᠶᠠᠯ ᠢ ᠬᠡᠷᠬᠢᠨ ᠪᠡᠯᠡᠳᠬᠡᠬᠦ ᠪᠤᠢ︖᠎       ᠮᠡᠳᠡᠭᠦᠯᠦᠭᠰᠡᠳ ᠨᠢ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠨᠥᠬᠦᠴᠡᠯ ᠳᠤ ᠱᠠᠭᠠᠷᠳᠠᠭᠰᠠᠨ ᠰᠤᠷᠤᠯᠭ᠎ᠠ ᠶᠢᠨ ᠨᠠᠮᠲᠠᠷ᠂ ᠬᠢᠷᠢ ᠬᠡᠮ ᠵᠢᠴᠢ ᠦᠷ᠎ᠡ ᠪᠦᠲᠦᠭᠡᠯ ᠤᠨ ᠠᠮᠵᠢᠯᠲᠠ ᠪᠦᠲᠦᠮᠵᠢ ᠲᠠᠢ ᠴᠢᠩᠭ᠎ᠠ ᠬᠠᠷᠢᠴᠠᠭᠤᠯᠤᠨ ᠥᠪᠡᠷ ᠤᠨ ᠮᠡᠳᠡᠭᠦᠯᠬᠦ ᠬᠢᠷᠢ ᠬᠡᠮ ᠳᠤ ᠨᠡᠶᠢᠴᠡᠬᠦ ᠡᠰᠡᠬᠦ ᠪᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠥᠮᠦᠰ ᠨᠢ ︽ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠮᠠᠲ᠋ᠧᠷᠢᠶᠠᠯ ᠤᠨ ᠭᠠᠷᠴᠠᠭ ᠤᠨ ᠬᠠᠭᠤᠳᠠᠰᠤ︾᠎ ᠎ ᠲᠠᠢ ᠬᠠᠷᠢᠴᠠᠭᠤᠯᠤᠨ ᠮᠡᠳᠡᠭᠦᠯᠬᠦ ᠮᠠᠲ᠋ᠧᠷᠢᠶᠠᠯ ᠢᠶᠠᠨ ᠵᠤᠷᠪᠤᠰ ᠳᠠᠷᠠᠭᠠᠯᠠᠨ ᠪᠡᠯᠡᠳᠬᠡᠵᠦ᠂ ᠭᠠᠷᠴᠠᠭ ᠤᠨ ᠬᠠᠭᠤᠳᠠᠰᠤ ᠶᠢᠨ ᠲᠠᠰ ᠳᠠᠷᠠᠭᠠᠯᠠᠯ ᠢᠶᠠᠷ ᠳᠡᠪᠲᠡᠷᠯᠡᠬᠦ ᠶᠢᠨ ᠬᠠᠮᠲᠤ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠬᠤ ᠬᠡᠷᠡᠭᠲᠡᠶ᠃ ᠬᠢᠨᠠᠨ ᠲᠣᠭᠲᠠᠭᠠᠬᠤ ᠬᠦᠰᠦᠨᠦᠭᠲᠦ ᠶᠢ ᠨᠠᠭᠠᠯᠳᠤᠭᠤᠯᠵᠤ ᠪᠣᠯᠬᠤ ᠦᠭᠡᠢ᠂ ᠰᠡᠭᠦᠯᠴᠢ ᠶᠢᠨ ᠬᠤᠭᠤᠴᠠᠭᠠᠨ ᠳᠤ ᠰᠢᠰᠲ᠋ᠧᠮ ᠢ ᠨᠢ ᠳᠠᠮᠵᠢᠭᠤᠯᠬᠤ ᠬᠡᠷᠡᠭᠲᠡᠶ᠃      ᠨᠠᠢᠮᠠ᠂ ᠮᠡᠷᠭᠡᠵᠢᠯ ᠤᠨ ᠴᠣᠯᠠ ᠮᠡᠳᠡᠭᠦᠯᠬᠦ ᠬᠦᠰᠦᠨᠦᠭᠲᠦ ᠶᠢ ᠬᠠᠮᠢᠭ᠎ᠠ ᠎ ᠠᠴᠠ ᠪᠠᠭᠤᠯᠭᠠᠬᠤ ᠪᠣᠶ︖᠎       ᠰᠢᠯᠭᠠᠷᠠᠭᠤᠯᠤᠯᠲᠠ ᠳᠤ ᠣᠷᠣᠯᠴᠠᠭᠰᠠᠳ᠃ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵᠎  www.nmgrck.cn︶᠎ ᠎ ᠳᠤ ᠬᠦᠷᠴᠦ᠂ ᠴᠠᠬᠢᠮ ᠰᠦᠯᠵᠢᠶ᠎ᠡ +ᠬᠤᠪᠢ ᠬᠥᠮᠦᠨ ᠤ ᠮᠡᠳᠡᠭᠡ ᠵᠠᠩᠭᠢ ᠪᠠᠨ ᠳᠠᠩᠰᠠᠯᠠᠬᠤ ᠶᠢ ᠪᠡᠶᠡᠯᠡᠭᠦᠯᠵᠦ᠂ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠵᠦ᠂ ᠬᠤᠪᠢ ᠬᠥᠮᠦᠨ ᠤ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ 2 ᠢᠮᠠᠬᠤ ᠶᠢᠨ ᠡᠯᠧᠺᠲᠷᠣᠨ ᠬᠡᠷᠡᠯ ᠵᠢᠷᠤᠭ ᠢ ᠳᠡᠭᠡᠭᠰᠢ ᠳᠠᠮᠵᠢᠭᠤᠯᠤᠨ᠎ᠠ᠃ ᠳᠠᠩᠰᠠᠯᠠᠭᠤᠯᠤᠭᠰᠠᠨ ᠤ ᠳᠠᠷᠠᠭ᠎ᠠ᠂ ᠲᠡᠮᠳᠡᠭᠯᠡᠬᠦ ᠨᠢᠭᠤᠷ ᠤᠨ ᠵᠡᠭᠦᠨ ᠲᠠᠯ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ 2024 ᠣᠨ ᠤ ᠮᠡᠷᠭᠡᠵᠢᠯ ᠤᠨ ᠴᠣᠯᠠ ᠮᠡᠳᠡᠭᠦᠯᠬᠦ ᠪᠤᠯᠤᠩ ᠳᠤ ᠂ ︽ᠮᠡᠳᠡᠭᠦᠯᠬᠦ ᠬᠢᠷᠢ ᠬᠡᠮ ᠨᠡᠮᠡᠬᠦ︾᠎ ᠎ ᠶᠢ ᠲᠣᠪᠴᠢᠳᠠᠪᠠᠯ᠂ ᠪᠦᠷᠢᠨ ᠪᠦᠲᠦᠨ ᠬᠠᠮᠢᠶ᠎ᠠ ᠪᠦᠬᠦᠢ ᠮᠡᠳᠡᠭᠡ ᠵᠠᠩᠭᠢ  ᠶᠢ ᠨᠥᠬᠦᠪᠥᠷᠢᠯᠡᠭᠰᠡᠨ ᠤ ᠳᠠᠷᠠᠭ᠎ᠠ ᠲᠤᠰᠢᠶᠠᠵᠤ᠂ ᠳᠠᠭᠤᠰᠤᠭᠰᠠᠨ ᠤ ᠳᠠᠷᠠᠭ᠎ᠠ ︽ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠬᠤ ᠬᠦᠰᠦᠨᠦᠭᠲᠦ︾᠎  ᠪᠠ ︽ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢᠨ ᠬᠦᠰᠦᠨᠦᠭᠲᠦ︾᠎ ᠎ ᠶᠢ ᠪᠠᠭᠤᠯᠭᠠᠨ ᠠᠪᠴᠤ᠂ ᠪᠠᠭᠤᠯᠭᠠᠭᠰᠠᠨ ᠤ ᠳᠠᠷᠠᠭ᠎ᠠ ᠴᠠᠬᠢᠮ ᠰᠦᠯᠵᠢᠶ᠎ᠡ + ︽ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠬᠤ ᠬᠦᠰᠦᠨᠦᠭᠲᠦ︾᠎  ᠪᠠ ︽ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢᠨ ᠬᠦᠰᠦᠨᠦᠭᠲᠦ︾᠎  ᠳᠣᠲᠣᠷᠠᠬᠢ ᠬᠠᠮᠢᠶ᠎ᠠ ᠪᠥᠬᠦᠶ ᠮᠡᠳᠡᠭᠡ ᠵᠠᠩᠭᠢ ᠶᠢ ᠨᠥᠬᠦᠪᠥᠷᠢᠯᠡᠵᠦ᠂ ᠱᠠᠭᠠᠷᠳᠠᠯᠭ᠎ᠠ ᠶᠣᠰᠣᠭᠠᠷ ︽ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠬᠤ ᠬᠦᠰᠦᠨᠦᠭᠲᠦ︾᠎  ︵᠎  A4 ᠴᠠᠭᠠᠰᠤ ᠪᠠᠷ ᠵᠥᠪ ᠪᠤᠷᠤᠭᠤ ᠲᠠᠯ᠎ᠠ ᠶᠢ ᠨᠢ ᠳᠠᠷᠤᠮᠠᠯᠯᠠᠭᠰᠠᠨ ᠤ ᠳᠠᠷᠠᠭ᠎ᠠ ᠳᠡᠪᠲᠡᠷᠯᠡᠨ᠎ᠡ᠂ ᠨᠢᠭᠡ ᠶᠠᠩᠵᠤ ᠶᠢᠨ 2 ᠬᠤᠪᠢ︶᠎ ᠎ ᠶᠢ ᠳᠠᠷᠤᠮᠠᠯᠯᠠᠨ᠎ᠠ᠃ ︽ᠲᠤᠰᠬᠠᠶ ᠮᠡᠷᠭᠡᠵᠢᠯ ᠤᠨ ᠬᠢᠷᠢ ᠬᠡᠮ ᠤᠨ ᠬᠦᠷᠭᠡᠨ ᠬᠢᠨᠠᠭᠤᠯᠬᠤ ᠬᠦᠰᠦᠨᠦᠭᠲᠦ︾᠎  ︵᠎  A3 ᠴᠠᠭᠠᠰᠤ ᠪᠠᠷ ᠳᠠᠷᠤᠮᠠᠯᠯᠠᠨ᠎ᠠ᠂ ᠨᠢᠭᠡ ᠶᠠᠩᠵᠤ ᠶᠢᠨ 15 ᠬᠤᠪᠢ︶᠎ ᠃ ᠠᠩᠬᠠᠷᠤᠭᠤᠰᠢᠲᠠᠶ ᠨᠢ᠂ ᠬᠢᠨᠠᠨ ᠲᠣᠭᠲᠠᠭᠠᠬᠤ ᠬᠦᠰᠦᠨᠦᠭᠲᠦ ᠪᠠ ᠬᠦᠷᠭᠡᠨ ᠬᠢᠨᠠᠭᠤᠯᠬᠤ ᠬᠦᠰᠦᠨᠦᠭᠲᠦ ᠶᠢᠨ ᠮᠡᠷᠭᠡᠨ ᠴᠣᠬᠤᠷ ᠨᠢ ᠨᠢᠭᠡ ᠬᠥᠮᠦᠨ ᠳᠤ ᠨᠢᠭᠡ ᠺᠣᠳ᠋ ᠲᠠᠢ᠂ ᠣᠯᠠᠨ ᠬᠥᠮᠦᠨ ᠨᠢᠭᠡ ᠬᠤᠪᠢ ᠪᠢᠴᠢᠭ ᠮᠠᠲ᠋ᠧᠷᠢᠶᠠᠯ ᠢ ᠬᠡᠷᠡᠭᠯᠡᠵᠦ ᠪᠣᠯᠬᠤ ᠥᠬᠡᠶ᠂ ᠪᠤᠰᠤᠳ ᠬᠥᠮᠦᠨ ᠤ ᠬᠦᠰᠦᠨᠦᠭᠲᠦ ᠶᠢ ᠪᠠᠭᠤᠯᠭᠠᠨ ᠠᠪᠴᠤ ᠪᠣᠯᠬᠤ ᠥᠬᠡᠶ᠃      ᠶᠢᠰᠦ᠂ ᠰᠢᠯᠭᠠᠷᠠᠭᠤᠯᠬᠤ ᠺᠣᠮᠢᠰ ᠤᠨ ᠨᠡᠷᠡᠶᠢᠳᠦᠯ ᠨᠢ ᠶᠠᠭᠤ ᠪᠤᠢ︖᠎       ᠰᠢᠯᠭᠠᠷᠠᠭᠤᠯᠬᠤ ᠺᠣᠮᠢᠰ ᠤᠨ ᠨᠡᠷᠡᠶᠢᠳᠦᠯ᠄  ᠰᠢᠯᠭᠠᠷᠠᠭᠤᠯᠬᠤ ᠺᠣᠮᠢᠰ ᠤᠨ ᠲᠠᠰ ᠳᠠᠪᠬᠤᠷᠭ᠎ᠠ + ᠲᠣᠰ ᠰᠢᠷᠢᠰ ︵᠎  ᠲᠤᠰᠬᠠᠶ ᠮᠡᠷᠭᠡᠵᠢᠯ︶᠎ ᠎ ᠤᠨ ᠨᠡᠷᠡᠶᠢᠳᠦᠯ ᠢ ᠲᠠᠭᠯᠠᠨ ᠪᠢᠴᠢᠬᠦ + ᠮᠡᠷᠭᠡᠵᠢᠯ ᠤᠨ ᠴᠣᠯᠠ ᠮᠡᠳᠡᠭᠦᠯᠬᠦ ᠲᠠᠰ ᠳᠠᠪᠬᠤᠷᠭ᠎ᠠ + ᠰᠢᠯᠭᠠᠷᠠᠭᠤᠯᠬᠤ ᠺᠣᠮᠢᠰ᠃ ᠵᠢᠱᠢᠶᠡᠯᠡᠪᠡᠯ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠢᠨᠵᠧᠨᠧᠷᠢᠩ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠵᠥᠪᠯᠡᠯ᠂ ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠵᠥᠪᠯᠡᠯ᠂ ᠠᠯᠠᠱᠠ ᠵᠡᠭᠦᠨ ᠬᠤᠰᠢᠭᠤᠨ ᠤ ᠡᠯᠧᠺᠲᠷᠣᠨ ᠢᠨᠵᠧᠨᠧᠷᠢᠩ ᠤᠨ ᠳᠤᠮᠳᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠵᠥᠪᠯᠡᠯ᠃      ᠠᠷᠪᠠ᠂ ᠮᠡᠷᠭᠡᠵᠢᠯ ᠤᠨ ᠴᠣᠯᠠ ᠮᠡᠳᠡᠭᠦᠯᠬᠦ ᠮᠠᠲ᠋ᠧᠷᠢᠶᠠᠯ ᠢ ᠬᠠᠮᠢᠭ᠎ᠠ ᠲᠤᠰᠢᠶᠠᠬᠤ ᠪᠤᠢ︖᠎       ᠮᠡᠳᠡᠭᠦᠯᠬᠦ ᠠᠵᠢᠯᠲᠠᠨ ᠬᠠᠷᠢᠶᠠᠯᠠᠭᠳᠠᠬᠤ ᠬᠠᠷᠢᠴᠠᠭ᠎ᠠ ᠪᠠᠷ ᠢᠶᠠᠨ ᠮᠠᠲ᠋ᠧᠷᠢᠶᠠᠯ ᠢᠶᠠᠨ ᠨᠡᠶᠢᠭᠡᠮ ᠤᠨ ᠳᠠᠭᠠᠳᠬᠠᠯ ᠤᠨ ᠲᠤᠰᠢᠶᠠᠵᠤ ᠪᠠᠶᠢᠭ᠎ᠠ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠨ᠎ᠡ᠃      ᠠᠷᠪᠠᠨ ᠨᠢᠭᠡ᠂ 2024 ᠣᠨ ᠤ ᠮᠡᠷᠭᠡᠵᠢᠯ ᠤᠨ ᠴᠣᠯᠠ ᠶᠢ ᠭᠤᠶᠤᠴᠢᠯᠠᠨ ᠮᠡᠳᠡᠭᠦᠯᠬᠦ ᠳᠤ ᠬᠡᠳᠦᠨ ᠵᠢᠯ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠢ ᠰᠤᠷᠤᠯᠴᠠᠬᠤ ᠴᠢᠬᠤᠯᠠᠲᠠᠶ ᠪᠤᠢ︖᠎       1. ᠳᠡᠭᠡᠳᠦ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠮᠡᠳᠡᠭᠦᠯᠬᠦ ᠠᠵᠢᠯᠲᠠᠨ᠂ ᠱᠠᠭᠠᠷᠳᠠᠯᠭ᠎ᠠ ᠶᠣᠰᠣᠭᠠᠷ 2022 ᠣᠨ᠂ 2023 ᠣᠨ᠂ 2024 ᠣᠨ ᠤ ᠨᠡᠶᠢᠲᠡ ᠶᠢᠨ ᠬᠡᠷᠡᠭᠴᠡᠭᠡᠨ ᠤ ᠬᠢᠴᠢᠶᠡᠯ ᠲᠥᠷᠥᠯ ᠪᠠ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢ ᠪᠡᠶᠡᠯᠡᠭᠦᠯᠵᠦ᠂ ᠶᠡᠷᠦᠩᠬᠡᠶ ᠬᠢᠴᠢᠶᠡᠯ ᠤᠨ ᠴᠠᠭ ᠢ 270 ᠬᠢᠴᠢᠶᠡᠯ ᠤᠨ ᠴᠠᠭ ︵᠎  ᠨᠡᠶᠢᠲᠡ ᠶᠢᠨ ᠬᠡᠷᠡᠭᠴᠡᠭᠡᠨ ᠤ ᠬᠢᠴᠢᠶᠡᠯ ᠲᠥᠷᠥᠯ 90 ᠬᠢᠴᠢᠶᠡᠯ ᠤᠨ ᠴᠠᠭ᠂ ᠲᠤᠰᠬᠠᠶ ᠮᠡᠷᠭᠡᠵᠢᠯ ᠤᠨ ᠬᠢᠴᠢᠶᠡᠯ ᠲᠥᠷᠥᠯ 180 ᠬᠢᠴᠢᠶᠡᠯ ᠤᠨ ᠴᠠᠭ︶᠎ ᠎ ᠲᠤ ᠬᠦᠷᠦᠭᠦᠯᠦᠨ᠎ᠡ︔᠎  ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠬᠤ ᠬᠥᠮᠦᠰ ᠱᠠᠭᠠᠷᠳᠠᠯᠭ᠎ᠠ ᠶᠣᠰᠣᠭᠠᠷ 2024 ᠣᠨ ᠤ ᠨᠡᠶᠢᠲᠡ ᠶᠢᠨ ᠬᠡᠷᠡᠭᠴᠡᠭᠡᠨ ᠤ ᠬᠢᠴᠢᠶᠡᠯ ᠲᠥᠷᠥᠯ ᠪᠠ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢ ᠪᠡᠶᠡᠯᠡᠭᠦᠯᠵᠦ᠂ ᠶᠡᠷᠦᠩᠬᠡᠶ ᠬᠢᠴᠢᠶᠡᠯ ᠤᠨ ᠴᠠᠭ ᠢ 90 ᠬᠢᠴᠢᠶᠡᠯ ᠤᠨ ᠴᠠᠭ ᠲᠤ ᠬᠦᠷᠭᠡᠬᠦ ᠬᠡᠷᠡᠭᠲᠡᠶ᠃      2. ᠰᠤᠮᠤ ᠰᠢᠶᠠᠩ ᠪᠠᠯᠭᠠᠰᠤ ᠶᠢᠨ ᠰᠢᠯᠭᠠᠨ ᠬᠢᠨᠠᠵᠤ ᠮᠠᠭᠠᠳᠯᠠᠨ ᠲᠣᠭᠲᠠᠭᠠᠬᠤ ᠬᠢᠴᠢᠶᠡᠯ ᠤᠨ ᠴᠠᠭ᠄  ᠳᠡᠭᠡᠳᠦ ᠰᠤᠷᠭᠠᠭᠤᠯᠢ ᠲᠡᠭᠦᠰᠦᠭᠰᠡᠳ ᠰᠤᠮᠤ ᠪᠠᠯᠭᠠᠰᠤ᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠢᠭᠡᠴᠡ ᠳᠤ ᠲᠣᠰ ᠲᠤᠰᠬᠠᠶ ᠮᠡᠷᠭᠡᠵᠢᠯ ᠪᠤᠶᠤ ᠣᠶᠢᠷᠠᠯᠴᠠᠭ᠎ᠠ ᠲᠤᠰᠬᠠᠶ ᠮᠡᠷᠭᠡᠵᠢᠯ ᠤᠨ ᠠᠵᠢᠯ ᠬᠢᠵᠦ᠂ ᠰᠢᠯᠭᠠᠨ ᠬᠢᠨᠠᠵᠤ ᠮᠠᠭᠠᠳᠯᠠᠨ ᠲᠣᠭᠲᠠᠭᠠᠬᠤ ᠶᠢ ᠭᠤᠶᠤᠴᠢᠯᠠᠭᠰᠠᠨ ᠲᠤᠰᠬᠠᠶ ᠮᠡᠷᠭᠡᠵᠢᠯ ᠤᠨ ᠠᠵᠢᠯᠲᠠᠨ᠂ ᠰᠢᠯᠭᠠᠨ ᠬᠢᠨᠠᠵᠤ ᠮᠠᠭᠠᠳᠯᠠᠨ ᠲᠣᠭᠲᠠᠭᠠᠬᠤ ᠱᠠᠭᠠᠷᠳᠠᠯᠭ᠎ᠠ ᠶᠢᠨ ᠵᠢᠯ ᠬᠤᠭᠤᠴᠠᠭ᠎ᠠ ᠶᠢᠨ ᠶᠣᠰᠣᠭᠠᠷ ᠦᠷᠭᠦᠯᠵᠢᠯᠡᠨ ᠰᠤᠷᠭᠠᠨ ᠬᠥᠮᠦᠵᠢᠭᠦᠯᠬᠦ ᠰᠤᠷᠤᠯᠴᠠᠯᠭ᠎ᠠ ᠳᠤ ᠣᠷᠣᠯᠴᠠᠬᠤ ᠬᠡᠷᠡᠭᠲᠡᠶ᠃      3.ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠦᠷᠭᠦᠯᠵᠢᠯᠡᠨ ᠰᠤᠷᠭᠠᠨ ᠬᠥᠮᠦᠵᠢᠭᠦᠯᠬᠦ ᠳᠤ ᠠᠯᠪᠠ ᠪᠠᠷ ᠱᠠᠭᠠᠷᠳᠠᠬᠤ ᠦᠭᠡᠢ᠃      4. ᠰᠤᠷᠬᠤ ᠴᠠᠭ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ︽ᠪᠥᠬᠦ ᠠᠶᠢᠮᠠᠭ ᠤᠨ 2024 ᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠨ ᠰᠤᠷᠭᠠᠨ ᠬᠥᠮᠦᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎  ︵᠎  ᠠᠯᠠᠱᠠ ᠠᠶᠢᠮᠠᠭ ᠤᠨ ᠵᠠᠬᠢᠷᠭ᠎ᠠ ᠶᠢᠨ ᠬᠦᠮᠦᠨ ᠤ ᠬᠦᠴᠦᠨ ᠪᠣᠯᠣᠨ ᠨᠡᠶᠢᠭᠡᠮ ᠤᠨ ᠪᠠᠲᠤᠯᠠᠭ᠎ᠠ ᠠᠯᠪᠠᠨ ᠥᠰᠥᠭ ︹ 2023 ︺ 114 ᠳ᠋ᠦ᠋ᠭᠡᠷ ᠲᠣᠭᠠᠲᠤ︶᠎ ᠎ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠠᠷᠪᠠᠨ ᠬᠤᠶᠠᠷ᠂ ᠦᠷᠭᠦᠯᠵᠢᠯᠡᠨ ᠰᠤᠷᠭᠠᠨ ᠬᠥᠮᠦᠵᠢᠭᠦᠯᠬᠦ ᠶᠢ ᠬᠢᠨᠠᠨ ᠰᠢᠯᠭᠠᠬᠤ ᠺᠠᠷᠲ ᠢ ᠬᠡᠷᠬᠢᠨ ᠳᠠᠷᠤᠮᠠᠯᠯᠠᠬᠤ ᠪᠤᠢ︖᠎       1. ᠲᠤᠰᠬᠠᠶ ᠮᠡᠷᠭᠡᠵᠢᠯ ᠤᠨ ᠠᠵᠢᠯᠲᠠᠨ ᠤ ᠰᠤᠷᠭᠠᠯᠲᠠ ᠶᠢᠨ ᠰᠢᠯᠭᠠᠯᠲᠠ ᠶᠢᠨ ᠳᠠᠷᠠᠭ᠎ᠠ᠂ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵᠎  www.nmgrck.cn︶᠎  ᠪᠤᠶᠤ ᠠᠯᠠᠱᠠ ᠠᠶᠢᠮᠠᠭ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠦᠯᠵᠢᠶᠡᠨ ᠳᠠᠬᠢ ᠰᠤᠷᠤᠯᠴᠠᠯᠭ᠎ᠠ ᠶᠢᠨ ᠲᠠᠪᠴᠠᠩ ︵᠎  https://www.tcc.edu.cn/h/subject/alsjxjy/︶᠎ ᠎ ᠤᠨ ᠥᠪᠡᠷᠲᠡᠭᠡᠨ ᠳᠠᠷᠤᠮᠠᠯᠯᠠᠵᠤ ᠬᠢᠨᠠᠨ ᠰᠢᠯᠭᠠᠬᠤ ᠺᠠᠷᠲ ᠲᠤ ᠣᠷᠣᠭᠤᠯᠤᠨ᠎ᠠ᠃      2. ᠨᠠᠰᠤᠨ ᠳᠤ ᠭᠦᠷᠦᠭᠡᠳ ᠰᠤᠷᠤᠯᠭ᠎ᠠ ᠎ ᠠᠴᠠ ᠭᠡᠯᠳᠦᠷᠢᠭᠦᠯᠬᠦ ᠠᠵᠢᠯᠲᠠᠨ ᠬᠢᠨᠠᠨ ᠰᠢᠯᠭᠠᠬᠤ ᠺᠠᠷᠲ ᠬᠠᠩᠭᠠᠬᠤ ᠴᠢᠬᠤᠯᠠ ᠥᠬᠡᠶ᠂ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠬᠤ ᠬᠡᠷᠡᠭᠲᠡᠶ᠃      ᠠᠷᠪᠠᠨ ᠭᠤᠷᠪᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠠᠵᠢᠯᠳᠠᠨ ᠮᠡᠷᠭᠡᠵᠢᠯ ᠤᠨ ᠴᠣᠯᠠ ᠮᠡᠳᠡᠭᠦᠯᠬᠦ ᠳᠤ ᠶᠠᠮᠠᠷ ᠱᠠᠭᠠᠷᠳᠠᠯᠭ᠎ᠠ ᠲᠠᠢ ᠪᠤᠢ︖᠎       ᠮᠡᠷᠭᠡᠵᠢᠯ ᠤᠨ ᠴᠣᠯᠠ ᠪᠠᠨ ᠱᠠᠲᠤ ᠳᠠᠷᠠᠭᠠᠯᠠᠨ ᠮᠡᠳᠡᠭᠦᠯᠬᠦ ᠱᠠᠭᠠᠷᠳᠠᠯᠭ᠎ᠠ ᠳᠤ ᠬᠢᠵᠠᠭᠠᠷᠯᠠᠭᠳᠠᠬᠤ ᠥᠬᠡᠶ ᠪᠠᠷ ᠵᠣᠬᠢᠬᠤ ᠲᠤᠰᠬᠠᠶ ᠮᠡᠷᠭᠡᠵᠢᠯ ᠤᠨ ᠴᠣᠯᠠ ᠪᠠᠨ ᠰᠢᠭᠤᠳ ᠮᠡᠳᠡᠭᠦᠯᠵᠦ ᠪᠣᠯᠤᠨ᠎ᠠ᠃ ᠡᠭᠦᠨ ᠳᠤ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠨᠢ ᠵᠣᠬᠢᠬᠤ ᠠᠵᠢᠯ ᠤᠨ ᠪᠦᠲᠦᠮᠵᠢ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠮᠡᠳᠡᠭᠦᠯᠵᠦ ᠪᠣᠯᠤᠨ᠎ᠠ︔᠎  ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠵᠣᠬᠢᠬᠤ ᠠᠵᠢᠯ ᠤᠨ ᠪᠦᠲᠦᠮᠵᠢ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠰᠢᠭᠤᠳ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠵᠤ ᠪᠣᠯᠤᠨ᠎ᠠ ︵᠎  ᠰᠢᠯᠭᠠᠨ ᠦᠨᠡᠯᠡᠬᠦ ᠶᠢ ᠤᠶᠠᠯᠳᠤᠭᠤᠯᠤᠭᠰᠠᠨ ᠰᠢᠷᠢᠰ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠪᠠᠯ᠂ ᠱᠠᠭᠠᠷᠳᠠᠯᠭ᠎ᠠ ᠶᠣᠰᠣᠭᠠᠷ ᠰᠢᠯᠭᠠᠯᠲᠠ ᠳᠤ ᠣᠷᠣᠯᠴᠠᠬᠤ ᠶᠢᠨ ᠬᠠᠮᠲᠤ ᠲᠣᠭᠲᠠᠭᠠᠭᠰᠠᠨ ᠬᠢᠷᠢ ᠲᠡᠩᠴᠡᠭᠦ ᠪᠠᠷᠢᠮᠵᠢᠶ᠎ᠠ ᠳᠤ ᠭᠦᠷᠪᠡᠯ ᠰᠠᠶ᠋ᠢ ᠰᠢᠯᠭᠠᠷᠠᠭᠤᠯᠤᠯᠲᠠ ᠳᠤ ᠣᠷᠣᠯᠴᠠᠵᠤ ᠪᠣᠯᠤᠨ᠎ᠠ︶᠎ ᠃      ᠠᠷᠪᠠᠨ ᠳᠥᠷᠪᠡ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠵᠠᠮ ᠢ ᠬᠡᠷᠬᠢᠨ ᠰᠠᠭᠠᠳ ᠥᠬᠡᠶ ᠨᠡᠪᠲᠡᠷᠡᠭᠦᠯᠬᠦ ᠪᠣᠶ︖᠎        ︽ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢ ᠤᠯᠠᠮ ᠴᠢᠩᠭᠠᠳᠬᠠᠬᠤ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠡᠷᠡᠭᠵᠢᠭᠦᠯᠬᠦ ᠰᠠᠨᠠᠯ ᠢ ᠤᠯᠠᠮᠵᠢᠯᠠᠨ ᠲᠠᠷᠬᠠᠭᠠᠬᠤ ᠮᠡᠳᠡᠭᠳᠡᠯ︾᠎  ︵᠎  ᠥᠪᠥᠷ ᠬᠥᠮᠦᠨ ᠨᠡᠶᠢᠭᠡᠮ ᠲᠠᠷᠬᠠᠭᠠᠭᠰᠠᠨ ︹ 2021 ︺ 16 ᠳ᠋ᠤᠭᠠᠷ ᠲᠣᠭᠠᠲᠤ︶᠎ ᠎ ᠳᠤ ᠲᠣᠭᠲᠠᠭᠠᠭᠰᠠᠨ ᠢᠨᠵᠧᠨᠧᠷᠢᠩ᠂ ᠲᠠᠷᠢᠶᠠᠯᠠᠩ᠂ ᠭᠠᠷ ᠤᠷᠠᠯᠠᠯ ᠤᠷᠠᠨ ᠵᠢᠷᠤᠭ᠂ ᠲᠡᠤᠬᠡ ᠶᠢᠨ ᠳᠤᠷᠠᠰᠬᠠᠯᠲᠤ ᠵᠦᠶᠯᠡᠰ ᠲᠦᠮᠡᠨ ᠪᠣᠳᠠᠰ᠂ ᠲᠤᠷᠰᠢᠯᠲᠠ ᠶᠢᠨ ᠮᠡᠷᠭᠡᠵᠢᠯ᠂ ᠤᠷᠠᠯᠢᠭ᠂ ᠪᠡᠶ᠎ᠡ ᠶᠢᠨ ᠲᠠᠮᠢᠷ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠪᠠᠭᠰᠢ ᠵᠡᠷᠭᠡ 8 ᠬᠦᠷᠢᠶ᠎ᠡ ᠴᠠᠷᠠᠭ᠎ᠠ ᠶᠢ ᠦᠨᠳᠦᠰᠦᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠲᠥᠷᠥᠯ ᠬᠤᠪᠢᠶᠠᠭᠰᠠᠨ ᠦᠪᠡᠳᠡᠭᠰᠢ ᠶᠣᠰᠣᠯᠠᠯ︾᠎ ᠎ ᠤᠨ ᠶᠣᠰᠣᠭᠠᠷ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ︵᠎  ᠠᠵᠢᠯ ᠲᠥᠷᠥᠯ︶᠎  ᠬᠢᠭᠡᠳ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠵᠣᠬᠢᠴᠠᠯᠳᠤᠬᠤ ᠬᠠᠷᠢᠴᠠᠭ᠎ᠠ ᠶᠢ ᠲᠣᠭᠲᠠᠭᠠᠵᠤ᠂ ᠬᠤᠶᠠᠷ ᠲᠥᠷᠥᠯ ᠤᠨ ᠴᠢᠳᠠᠪᠤᠷᠢᠲᠠᠨ ᠤ ᠨᠡᠪᠲᠡᠷᠡᠬᠦ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃      ᠠᠷᠪᠠᠨ ᠲᠠᠪᠤ᠂ ᠰᠢᠯᠵᠢᠯᠲᠡ ᠶᠢᠨ ᠦᠶ᠎ᠡ ᠶᠢᠨ ᠲᠦᠷᠦ ᠶᠢᠨ ᠪᠤᠳᠤᠯᠭ᠎ᠠ ᠶᠢ ᠡᠨᠡ ᠵᠢᠯ ᠪᠠᠰᠠ ᠬᠡᠷᠡᠭᠵᠢᠭᠦᠯᠦᠨ᠎ᠡ ᠦᠤ︖᠎       2024 ᠣᠨ ᠪᠣᠯ ᠬᠤᠶᠠᠷ ᠵᠢᠯ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠬᠤᠶᠠᠳᠤᠭᠠᠷ ᠵᠢᠯ ᠪᠣᠯᠤᠨ᠎ᠠ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ︵᠎  ᠮᠠᠭᠠᠳᠯᠠᠨ ᠲᠣᠭᠲᠠᠭᠠᠬᠤ︶᠎ ᠎ ᠳᠤ ᠮᠥᠨ ᠬᠦ ︽2023 ᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠨᠥᠬᠦᠪᠥᠷᠢ ᠰᠠᠨᠠᠯ ᠤᠨ ᠲᠤᠬᠠᠶ ᠮᠡᠳᠡᠭᠳᠡᠯ︾᠎ ᠎ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠢᠷᠡᠬᠦ ᠵᠢᠯ ᠠᠴᠠ ᠡᠬᠢᠯᠡᠨ᠂ ᠡᠯ᠎ᠡ ᠲᠤᠰᠬᠠᠶ ᠮᠡᠷᠭᠡᠵᠢᠯ ᠤᠨ ᠰᠢᠷᠢᠰ ᠤᠨ ︽ᠬᠢᠨᠠᠨ ᠲᠣᠭᠲᠠᠭᠠᠬᠤ ᠨᠥᠬᠦᠴᠡᠯ︾᠎ ᠎ ᠤᠨ ᠰᠤᠷᠤᠯᠭ᠎ᠠ ᠶᠢᠨ ᠨᠠᠮᠲᠠᠷ᠂ ᠬᠢᠷᠢ ᠬᠡᠮ ᠤᠨ ᠱᠠᠭᠠᠷᠳᠠᠯᠭ᠎ᠠ ᠶᠣᠰᠣᠭᠠᠷ ᠮᠡᠳᠡᠭᠦᠯᠦᠨ᠎ᠡ᠃      ᠠᠷᠪᠠᠨ ᠵᠢᠷᠭᠤᠭ᠎ᠠ᠂ ᠠᠵᠢᠯ ᠤᠨ ᠪᠠᠶᠢᠷᠢ ᠳᠤ ᠬᠤᠪᠢᠷᠠᠯᠲᠠ ᠭᠠᠷᠤᠭᠰᠠᠨ ᠤ ᠳᠠᠷᠠᠭ᠎ᠠ ᠰᠢᠷᠢᠰ ︵᠎  ᠲᠤᠰᠬᠠᠶ ᠮᠡᠷᠭᠡᠵᠢᠯ︶᠎ ᠎ ᠤᠨ ᠰᠢᠯᠭᠠᠷᠠᠭᠤᠯᠤᠯᠲᠠ ᠶᠢ ᠬᠡᠷᠬᠢᠨ ᠰᠢᠯᠵᠢᠭᠦᠯᠬᠦ ᠪᠣᠶ︖᠎       ᠲᠤᠰᠬᠠᠶ ᠮᠡᠷᠭᠡᠵᠢᠯ ᠤᠨ ᠴᠢᠳᠠᠪᠤᠷᠢᠲᠠᠨ ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠵᠢᠯ ᠤᠨ ᠲᠤᠰᠬᠠᠶ ᠮᠡᠷᠭᠡᠵᠢᠯ ᠳᠤ ᠬᠤᠪᠢᠷᠠᠯᠲᠠ ᠭᠠᠷᠴᠤ᠂ ᠰᠢᠨ᠎ᠡ ᠮᠡᠷᠭᠡᠵᠢᠯ ᠤᠨ ᠴᠣᠯᠠ ᠶᠢᠨ ᠰᠢᠷᠢᠰ ︵᠎  ᠲᠤᠰᠬᠠᠶ ᠮᠡᠷᠭᠡᠵᠢᠯ︶᠎ ᠎ ᠢ ᠰᠢᠯᠵᠢᠭᠦᠯᠦᠨ ᠦᠨᠡᠯᠡᠬᠦ ᠴᠢᠬᠤᠯᠠ ᠲᠠᠢ ᠪᠣᠯ᠂ ᠡᠷᠬᠡᠪᠰᠢ ᠣᠲᠣ ᠶᠢᠨ ᠠᠵᠢᠯ ᠤᠨ ᠪᠠᠶᠢᠷᠢ ᠳᠠᠭᠠᠨ 1 ᠵᠢᠯ ᠠᠴᠠ ᠳᠡᠭᠡᠭᠰᠢ ᠲᠤᠰᠬᠠᠶ ᠮᠡᠷᠭᠡᠵᠢᠯ ᠤᠨ ᠠᠵᠢᠯ ᠬᠢᠵᠦ᠂ ᠵᠣᠬᠢᠬᠤ ᠰᠢᠷᠢᠰ ︵᠎  ᠲᠤᠰᠬᠠᠶ ᠮᠡᠷᠭᠡᠵᠢᠯ︶᠎ ᠎ ᠤᠨ ᠠᠳᠠᠯᠢ ᠲᠠᠰ ᠤᠨ ᠮᠡᠷᠭᠡᠵᠢᠯ ᠤᠨ ᠴᠣᠯᠠ ᠶᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠬᠢᠨᠠᠨ ᠰᠢᠯᠭᠠᠷᠠᠭᠤᠯᠵᠤ ᠪᠣᠯᠤᠨ᠎ᠠ᠃ ᠰᠢᠨ᠎ᠡ ᠮᠡᠷᠭᠡᠵᠢᠯ ᠤᠨ ᠴᠣᠯᠠ ᠣᠯᠤᠭᠰᠠᠨ ᠤ ᠳᠠᠷᠠᠭ᠎ᠠ᠂ ᠵᠣᠬᠢᠬᠤ ᠲᠤᠰᠬᠠᠶ ᠮᠡᠷᠭᠡᠵᠢᠯ ᠤᠨ ᠠᠵᠢᠯ ᠢ 1 ᠵᠢᠯ ᠠᠴᠠ ᠳᠡᠭᠡᠭᠰᠢ ᠬᠢᠬᠦ ᠶᠢᠨ ᠬᠠᠮᠲᠤ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠵᠦ ᠪᠣᠯᠤᠨ᠎ᠠ᠃ ᠰᠢᠷᠢᠰ ︵᠎  ᠲᠤᠰᠬᠠᠶ ᠮᠡᠷᠭᠡᠵᠢᠯ︶᠎  ᠰᠢᠯᠵᠢᠭᠦᠯᠦᠭᠰᠡᠨ ᠠᠵᠢᠯᠲᠠᠨ ᠤ ᠬᠢᠷᠢ ᠬᠡᠮ ᠪᠠ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ ᠶᠢ ᠤᠤᠯ ᠤᠨ ᠮᠡᠷᠭᠡᠵᠢᠯ ᠤᠨ ᠴᠣᠯᠠ ᠲᠠᠢ ᠨᠢ ᠦᠷᠭᠦᠯᠵᠢᠯᠡᠨ ᠪᠤᠳᠤᠵᠤ᠂ ᠬᠠᠮᠢᠶ᠎ᠠ ᠪᠥᠬᠦᠶ ᠠᠵᠢᠯ ᠤᠨ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ᠢ ᠮᠡᠳᠡᠷᠡᠨ ᠵᠥᠪᠰᠢᠶᠡᠷᠡᠨ᠎ᠡ᠃      ᠠᠷᠪᠠᠨ ᠳᠣᠯᠤᠭ᠎ᠠ᠂ ᠮᠡᠷᠭᠡᠵᠢᠯ ᠤᠨ ᠴᠣᠯᠠ ᠶᠢ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠵᠠᠷᠤᠳᠠᠯ ᠨᠢ ᠬᠡᠳᠦᠶ ᠪᠣᠶ︖᠎  ᠶᠠᠭᠠᠬᠢᠵᠤ ᠰᠦᠶᠳᠬᠡᠯ ᠲᠤᠰᠢᠶᠠᠬᠤ ᠪᠣᠶ︖᠎       ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠮᠡᠳᠡᠭᠦᠯᠬᠦ ᠵᠠᠷᠤᠳᠠᠯ 100 ᠲᠥᠭᠦᠷᠢᠭ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ 150 ᠲᠥᠭᠦᠷᠢᠭ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ 280 ᠲᠥᠭᠦᠷᠢᠭ᠂ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ 320 ᠲᠥᠭᠦᠷᠢᠭ ᠪᠣᠯᠤᠨ᠎ᠠ᠃ ᠮᠠᠲ᠋ᠧᠷᠢᠶᠠᠯ ᠤᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠠᠵᠢᠯᠲᠠᠨ ᠪᠣᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠩᠭᠠᠭᠰᠠᠨ ᠰᠦᠶᠳᠬᠡᠯ ᠲᠤᠰᠢᠶᠠᠬᠤ ᠬᠤᠶᠠᠷ ᠬᠡᠮᠵᠢᠯᠳᠦ ᠲᠡᠮᠳᠡᠭ ᠤᠨ ᠺᠣᠳ᠋ ᠰᠢᠷᠪᠢᠬᠦ ᠪᠠᠷ ᠳᠡᠮᠵᠢᠨ ᠰᠦᠶᠳᠬᠡᠯ ᠲᠤᠰᠢᠶᠠᠬᠤ ᠬᠡᠷᠡᠭᠲᠡᠶ᠃            ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠲᠠᠰᠤᠭ ᠤᠨ ᠬᠠᠷᠢᠯᠴᠠᠬᠤ ᠤᠲᠠᠰᠤ᠄  0483 — 8221681                        2024 ᠣᠨ ᠳᠤ ᠲᠤᠰᠬᠠᠶ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠪᠤᠰᠤᠳ ᠵᠦᠶᠯ ᠤᠳ      1. ᠬᠢᠨᠠᠨ ᠰᠢᠯᠭᠠᠵᠤ ᠦᠨᠡᠮᠰᠢᠬᠦ ᠬᠦᠰᠦᠨᠦᠭᠲᠦ ᠶᠢ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵᠎  ᠰᠦᠯᠵᠢᠶᠡᠨ ᠤ ᠬᠠᠶ᠋ᠢᠭ᠄  www.nmgrck.cn︶᠎ ᠎ ᠶᠢᠨ ᠲᠦᠷᠦᠭᠦᠤ ᠨᠢᠭᠤᠷ ᠤᠨ ︽ᠪᠢᠴᠢᠭ ᠮᠠᠲ᠋ᠧᠷᠢᠶᠠᠯ ᠪᠠᠭᠤᠯᠭᠠᠬᠤ︾᠎ ᠎ ᠳᠤ ᠪᠠᠭᠤᠯᠭᠠᠨ ᠠᠪᠴᠤ ᠲᠠᠭᠯᠠᠨ ᠮᠡᠳᠡᠭᠦᠯᠦᠭᠡᠷᠡᠶ᠃      2. ᠵᠢᠩᠬᠢᠨᠢ ᠳᠡᠭᠡᠳᠦ ᠵᠡᠷᠭᠡ ᠶᠢᠨ ᠠᠵᠤ ᠠᠬᠤᠶᠢᠴᠢ ᠪᠠ ᠳᠡᠭᠡᠳᠦ ᠵᠡᠷᠭᠡ ᠶᠢᠨ ᠪᠦᠷᠢᠳᠬᠡᠭᠴᠢ ᠠᠳᠡ ᠮᠡᠳᠡᠭᠦᠯᠬᠦ ᠥᠬᠡᠶ᠂ ᠮᠡᠳᠡᠭᠦᠯᠬᠦ ᠰᠦᠯᠵᠢᠶᠡᠨ ᠤ ᠬᠠᠶ᠋ᠢᠭ᠄  www.nmgrck.cn/zcsb᠂ ᠮᠡᠳᠡᠭᠦᠯᠬᠦ ᠴᠠᠭ ᠢ ᠬᠠᠮᠢᠶ᠎ᠠ ᠪᠥᠬᠦᠶ ᠰᠢᠯᠭᠠᠷᠠᠭᠤᠯᠬᠤ ᠺᠣᠮᠢᠰ ᠤᠨ ᠮᠡᠳᠡᠭᠳᠡᠯ ᠢ ᠠᠩᠬᠠᠷᠤᠭᠠᠷᠠᠶ᠃      ᠮᠠᠲ᠋ᠧᠷᠢᠶᠠᠯ ᠤᠨ ᠱᠠᠭᠠᠷᠳᠠᠯᠭ᠎ᠠ᠄       1. ᠮᠡᠳᠡᠭᠦᠯᠦᠭᠰᠡᠳ ᠨᠢ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵᠎  www.nmgrck.cn︶᠎ ᠎ ᠳᠤ ᠬᠦᠷᠴᠦ ᠨᠢᠭᠡᠳᠦᠯᠲᠡᠶ ᠵᠠᠭᠪᠤᠷ ᠤᠨ ︽ᠲᠤᠰᠬᠠᠶ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠦᠰᠦᠨᠦᠭᠲᠦ︾᠎  ᠪᠠ ︽ᠲᠤᠰᠬᠠᠶ ᠮᠡᠷᠭᠡᠵᠢᠯ ᠤᠨ ᠴᠣᠯᠠ ᠬᠦᠷᠭᠡᠨ ᠬᠢᠨᠠᠭᠤᠯᠬᠤ ᠬᠦᠰᠦᠨᠦᠭᠲᠦ︾᠎ ᠎ ᠶᠢ ᠪᠠᠭᠤᠯᠭᠠᠨ ᠠᠪᠴᠤ ᠲᠠᠭᠯᠠᠨ ᠪᠢᠴᠢᠬᠦ ᠬᠡᠷᠡᠭᠲᠡᠶ᠃      2. ᠮᠡᠳᠡᠭᠦᠯᠦᠭᠴᠢ ᠨᠢ ︽ᠲᠤᠰᠬᠠᠶ ᠮᠡᠷᠭᠡᠵᠢᠯ ᠤᠨ ᠴᠣᠯᠠ ᠶᠢᠨ ᠰᠢᠯᠭᠠᠨ ᠦᠨᠡᠯᠡᠭᠦᠯᠬᠦ ᠪᠠᠷ ᠬᠦᠷᠭᠡᠬᠦ ᠮᠠᠲ᠋ᠧᠷᠢᠶᠠᠯ ᠤᠨ ᠭᠠᠷᠴᠠᠭ ᠤᠨ ᠬᠠᠭᠤᠳᠠᠰᠤ︾᠎ ᠎ ᠶᠢᠨ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ ᠢ ᠬᠢᠨᠠᠮᠠᠭᠠᠶ ᠪᠡᠯᠡᠳᠬᠡᠵᠦ᠂ ᠡᠭᠦᠨ ᠳᠤ ᠬᠠᠪᠰᠤᠷᠤᠯᠲᠠ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠴᠥᠮ A4 ᠴᠠᠭᠠᠰᠤ ᠪᠠᠷ ᠳᠡᠪᠲᠡᠷᠯᠡᠬᠦ ᠬᠡᠷᠡᠭᠲᠡᠶ᠃ ᠮᠡᠳᠡᠭᠦᠯᠬᠦ ᠠᠵᠢᠯᠲᠠᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ᠂ ᠬᠤᠭᠤᠴᠠᠭᠠᠲᠤ ᠰᠡᠳᠬᠦᠯ ᠤᠨ ᠪᠠᠶᠢᠴᠠᠭᠠᠨ ᠯᠠᠪᠯᠠᠬᠤ ᠪᠠ ᠥᠭᠦᠯᠡᠯ ᠤᠨ ᠡᠷᠢᠯᠲᠡ ᠡᠷᠢᠬᠦ ᠴᠢᠬᠤᠯᠠ ᠥᠬᠡᠶ᠂ ᠰᠤᠷᠤᠯᠭ᠎ᠠ ᠶᠢᠨ ᠨᠠᠮᠲᠠᠷ ︵᠎  ᠡᠷᠳᠡᠮ ᠤᠨ ᠴᠣᠯᠠ︶᠎ ᠎ ᠤᠨ ᠦᠨᠡᠮᠯᠡᠯ ᠤᠨ ᠣᠭ ᠮᠠᠲ᠋ᠧᠷᠢᠶᠠᠯ ᠪᠠ ᠪᠠᠭᠤᠯᠭᠠᠪᠤᠷᠢ ᠶᠢ ᠲᠤᠰᠢᠶᠠᠬᠤ ᠴᠢᠬᠤᠯᠠ ᠥᠬᠡᠶ      3.ᠮᠡᠳᠡᠭᠦᠯᠦᠭᠴᠢ ᠶᠢᠨ ᠲᠠᠭᠯᠠᠭᠰᠠᠨ ᠬᠦᠰᠦᠨᠦᠭᠲᠦ ᠪᠠ ᠬᠠᠩᠭᠠᠭᠰᠠᠨ ᠮᠠᠲ᠋ᠧᠷᠢᠶᠠᠯ ᠤᠨ ᠬᠠᠪᠰᠤᠷᠤᠯᠲᠠ ᠨᠢ ᠡᠷᠬᠡᠪᠰᠢ ᠦᠨᠡᠨ ᠪᠣᠳᠠᠲᠠᠶ ᠪᠥᠭᠡᠳ ᠬᠦᠴᠦᠨ ᠲᠠᠢ᠂ ᠠᠭᠤᠯᠭ᠎ᠠ ᠨᠢ ᠨᠢᠭᠡᠳᠦᠯᠲᠡᠶ ᠪᠠᠶᠢᠬᠤ ᠬᠡᠷᠡᠭᠲᠡᠶ᠃ ᠬᠦᠰᠦᠨᠦᠭᠲᠦ ᠳᠤ ᠲᠠᠭᠯᠠᠭᠰᠠᠨ ᠠᠵᠢᠯ ᠤᠨ ᠪᠦᠲᠦᠮᠵᠢ ᠶᠢᠨ ᠦᠷ᠎ᠡ ᠪᠦᠲᠦᠭᠡᠯ ᠳᠤ ᠥᠭᠦᠯᠡᠯ ᠥᠭᠦᠯᠡᠯ ᠤᠨ ᠵᠣᠬᠢᠶᠠᠯ ᠎ ᠨᠢ ᠬᠠᠪᠰᠤᠷᠤᠯᠲᠠ ᠮᠠᠲ᠋ᠧᠷᠢᠶᠠᠯ ᠢᠶᠠᠷ ᠭᠡᠷᠡᠴᠢᠯᠡᠭᠦᠯᠬᠦ ᠴᠢᠬᠤᠯᠠᠲᠠᠶ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号